ᠪᠦᠬᠦ ᠣᠷᠣᠨ ᠤ᠋ ᠦᠨᠳᠦᠰᠦᠨ ᠱᠠᠲᠤᠨ ᠤ᠋ ᠡᠷᠡᠭᠦᠯ ᠬᠠᠮᠠᠭᠠᠯᠠᠯ ᠤ᠋ᠨ ᠠᠵᠢᠯᠲᠠᠨ ᠤ᠋ ᠠᠵᠢᠯ ᠤ᠋ᠨ ᠪᠠᠢᠷᠢ ᠵᠢᠨ ᠪᠣᠯᠪᠠᠰᠤᠷᠠᠯ ᠪᠣᠯᠤᠨ ᠤᠷ᠎ᠠ ᠴᠢᠳᠠᠪᠤᠷᠢ ᠵᠢᠨ ᠤᠷᠤᠯᠳᠤᠭᠠᠨ ᠶᠠᠪᠤᠭᠳᠠᠪᠠ
2026-02-23 11:32:12
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠵᠦᠪᠯᠡᠯ ᠡᠴᠡ ᠤᠢᠯᠠᠭᠠᠭᠰᠠᠨ ᠵᠢᠡᠷ᠂ ᠲᠦᠷᠦᠭᠦᠭᠡᠨ ᠪᠦᠬᠦ ᠣᠷᠣᠨ ᠤ᠋ ᠦᠨᠳᠦᠰᠦᠨ ᠱᠠᠲᠤᠨ ᠤ᠋ ᠡᠷᠡᠭᠦᠯ ᠬᠠᠮᠠᠭᠠᠯᠠᠯ ᠤ᠋ᠨ ᠠᠵᠢᠯᠲᠠᠨ ᠤ᠋ ᠠᠵᠢᠯ ᠤ᠋ᠨ ᠪᠠᠢᠷᠢ ᠵᠢᠨ ᠪᠤᠯᠪᠠᠰᠤᠷᠠᠯ ᠪᠠ ᠤᠷ᠎ᠠ ᠴᠢᠳᠠᠪᠤᠷᠢ ᠵᠢᠨ ᠤᠷᠤᠯᠳᠤᠭᠠᠨ ᠶᠠᠪᠤᠭᠳᠠᠪᠠ᠃

ᠲᠤᠰ ᠤᠳᠠᠭ᠎ᠠ ᠵᠢᠨ ᠤᠷᠤᠯᠳᠤᠭᠠᠨ ᠳ᠋ᠤ᠌ ᠪᠦᠬᠦ ᠣᠷᠣᠨ ᠤ᠋ ᠡᠯ᠎ᠡ ᠠᠢᠮᠠᠭ ᠬᠣᠲᠠ ᠵᠢᠨ 12 ᠠᠩᠭᠢ ᠵᠢᠨ 264  ᠦᠨᠳᠦᠰᠦᠨ ᠱᠠᠲᠤᠨ ᠤ᠋ ᠡᠷᠡᠭᠦᠯ ᠬᠠᠮᠠᠭᠠᠯᠠᠯ ᠤ᠋ᠨ ᠠᠵᠢᠯᠲᠠᠨ ᠤᠷᠤᠯᠴᠠᠵᠠᠢ ᠃ ᠤᠷᠤᠯᠳᠤᠭᠠᠨ ᠤ᠋ ᠶᠠᠪᠤᠳᠠᠯ ᠤ᠋ᠨ ᠲᠣᠬᠢᠷᠠᠭᠤᠯᠤᠯᠲᠠ ᠨᠢ ᠦᠨᠳᠦᠰᠦᠨ ᠱᠠᠲᠤᠨ ᠤ᠋ ᠪᠣᠳᠠᠲᠠᠢ ᠠᠵᠢᠯ ᠤ᠋ᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠣᠯᠠᠨ ᠨᠡᠢᠲᠡ ᠵᠢᠨ ᠡᠷᠡᠭᠦᠯ ᠬᠠᠮᠠᠭᠠᠯᠠᠯ ᠤ᠋ᠨ ᠳᠤᠭᠤᠢᠯᠠᠩ᠂ ᠰᠢᠶᠠᠨ ᠤ᠋ ᠬᠡᠪᠴᠢᠶᠡᠨ ᠤ᠋ ᠡᠮᠴᠢᠯᠡᠭᠡᠨ ᠤ᠋ ᠬᠠᠮᠲᠤ ᠵᠢᠨ ᠴᠤᠭᠴᠠ ᠵᠢᠨ ᠳᠤᠭᠤᠢᠯᠠᠩ᠂ ᠰᠤᠪᠢᠯᠠᠬᠤ ᠳᠤᠭᠤᠢᠯᠠᠩ᠂ ᠬᠠᠮᠢᠶᠠᠷᠤᠯᠲᠠ ᠵᠢᠨ ᠳᠤᠭᠤᠢᠯᠠᠩ᠂ ᠡᠮᠴᠢᠯᠡᠭᠡᠨ ᠤ᠋ ᠳᠤᠭᠤᠢᠯᠠᠩ ᠵᠡᠷᠭᠡ ᠲᠠᠪᠤᠨ ᠲᠤᠰᠬᠠᠢ ᠳᠤᠭᠤᠢᠯᠠᠩ ᠬᠤᠪᠢᠶᠠᠵᠤ᠂ ᠤᠷᠤᠯᠳᠤᠭᠠᠨ ᠤ᠋ ᠠᠭᠤᠯᠭ᠎ᠠ ᠳ᠋ᠤ᠌ ᠮᠡᠷᠭᠡᠵᠢᠯ ᠤ᠋ᠨ ᠴᠢᠳᠠᠪᠤᠷᠢ ᠵᠢᠨ ᠠᠵᠢᠯᠯᠠᠭ᠎ᠠ᠂ ᠰᠦᠯᠵᠢᠶᠡᠨ ᠳᠡᠭᠡᠷᠡᠬᠢ ᠮᠡᠳᠡᠯᠭᠡ ᠵᠢᠨ ᠰᠤᠷᠢᠯᠳᠠ ᠪᠣᠯᠤᠨ ᠣᠨᠣᠯ ᠤ᠋ᠨ ᠮᠡᠳᠡᠯᠭᠡ ᠵᠢᠨ ᠤᠷᠤᠯᠳᠤᠭᠠᠨ ᠭᠤᠷᠪᠠᠨ ᠬᠡᠰᠡᠭ ᠢ᠋ ᠪᠠᠭᠲᠠᠭᠠᠵᠤ᠂ ᠤᠷᠤᠯᠴᠠᠭᠰᠠᠳ ᠤ᠋ᠨ ᠲᠤᠰᠬᠠᠢ ᠮᠡᠷᠭᠡᠵᠢᠯ ᠤ᠋ᠨ ᠮᠡᠳᠡᠯᠭᠡ ᠵᠢᠨ ᠨᠥᠭᠡᠴᠡ᠂ ᠡᠮᠴᠢᠯᠡᠭᠡᠨ ᠤ᠋ ᠦᠢᠯᠡᠳᠦᠯᠭᠡ ᠵᠢᠨ ᠴᠢᠳᠠᠪᠤᠷᠢ᠂ ᠪᠠᠴᠢᠮ ᠪᠠᠢᠳᠠᠯ ᠢ᠋ ᠰᠢᠢᠳᠪᠦᠷᠢᠯᠡᠬᠦ ᠬᠢᠷᠢ ᠲᠦᠪᠰᠢᠨ ᠵᠢᠴᠢ ᠶᠡᠷᠦᠩᠬᠡᠢᠯᠡᠭᠰᠡᠨ ᠬᠠᠮᠢᠶᠠᠷᠤᠯᠲᠠ ᠵᠢᠨ ᠬᠡᠪ ᠪᠣᠯᠪᠠᠰᠤᠷᠠᠯ ᠢ᠋ ᠰᠢᠯᠭᠠᠨ ᠪᠠᠢᠴᠠᠭᠠᠵᠠᠢ᠃

ᠲᠤᠰ ᠤᠳᠠᠭ᠎ᠠ ᠵᠢᠨ ᠤᠷᠤᠯᠳᠤᠭᠠᠨ ᠢ᠋ ᠠᠮᠵᠢᠯᠲᠠ ᠲᠠᠢ ᠡᠷᠬᠢᠯᠡᠭᠰᠡᠨ ᠨᠢ ᠥᠪᠡᠷᠲᠡᠭᠡᠨ ᠵᠠᠰᠠᠬᠤ ᠣᠷᠣᠨ ᠤ᠋ ᠦᠨᠳᠦᠰᠦᠨ ᠱᠠᠲᠤᠨ ᠤ᠋ ᠡᠷᠡᠭᠦᠯ ᠬᠠᠮᠠᠭᠠᠯᠠᠯ ᠤ᠋ᠨ ᠠᠵᠢᠯᠲᠠᠨ ᠳ᠋ᠤ᠌ ᠡᠷᠳᠡᠮ ᠮᠡᠷᠭᠡᠵᠢᠯ ᠵᠢᠡᠨ ᠰᠤᠷᠢᠬᠤ᠂ ᠲᠤᠷᠰᠢᠯᠭ᠎ᠠ ᠪᠠᠨ ᠰᠣᠯᠢᠯᠴᠠᠬᠤ ᠬᠣᠪᠣᠷ ᠨᠠᠨᠳᠢᠨ ᠲᠠᠪᠴᠠᠩ ᠬᠠᠩᠭᠠᠭᠰᠠᠨ ᠵᠢᠠᠷ ᠪᠠᠷᠠᠬᠤ ᠦᠭᠡᠢ᠂ ᠪᠦᠬᠦ ᠰᠢᠰᠲ᠋ᠧᠮ ᠤ᠋ᠨ ᠳᠣᠲᠣᠷ᠎ᠠ ᠮᠡᠷᠭᠡᠵᠢᠯ ᠢ᠋ ᠡᠷᠬᠢᠮᠯᠡᠬᠦ᠂ ᠲᠤᠬᠠᠢᠯᠠᠭᠰᠠᠨ ᠠᠵᠢᠯ ᠵᠢᠠᠨ ᠰᠢᠮᠳᠠᠨ ᠰᠤᠳᠤᠯᠬᠤ᠂ ᠠᠵᠢᠯ ᠵᠢᠠᠨ ᠬᠠᠢᠷᠠᠯᠠᠨ ᠦᠢᠯᠡᠰ ᠵᠢᠡᠨ ᠳᠡᠭᠡᠳᠦᠯᠡᠬᠦ ᠰᠠᠢᠨ ᠰᠠᠢᠬᠠᠨ ᠬᠡᠪ ᠰᠤᠷᠲᠠᠯ ᠢ᠋  ᠪᠣᠢ ᠪᠣᠯᠭᠠᠵᠤ᠂ ᠪᠦᠬᠦ ᠣᠷᠣᠨ ᠤ᠋ ᠦᠨᠳᠦᠰᠦᠨ ᠱᠠᠲᠤᠨ ᠤ᠋ ᠡᠷᠡᠭᠦᠯ ᠬᠠᠮᠠᠭᠠᠯᠠᠯ ᠤ᠋ᠨ ᠴᠢᠳᠠᠪᠤᠷᠢᠲᠠᠨ ᠤ᠋ ᠡᠩᠨᠡᠭᠡᠨ ᠤ᠋ ᠪᠠᠢᠭᠤᠯᠤᠯᠲᠠ ᠵᠢ ᠴᠢᠩᠭᠠᠳᠬᠠᠬᠤ᠂ ᠦᠨᠳᠦᠰᠦᠨ ᠱᠠᠲᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠳ᠋ᠤ᠌ ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号