ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠪᠠᠢᠭᠤᠯᠭ᠎ᠠ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠤᠯᠤᠰ᠎ᠤᠨ ᠬᠢᠨᠠᠨ ᠪᠠᠢᠴᠠᠭᠠᠬᠤ ᠵᠥᠪᠯᠡᠯ ᠬᠠᠮᠲᠤᠷᠠᠨ 《ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠴᠢᠩᠳᠠᠯᠠᠵᠤ ᠬᠤᠭᠤᠴᠠᠭ᠎ᠠ ᠰᠣᠯᠢᠬᠤ ᠬᠡᠪ ᠰᠤᠷᠲᠠᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠬᠤ ᠲᠤᠬᠠᠢ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠪᠠ
2026-02-24 10:38:46
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠡᠨᠡ ᠵᠢᠯ᠎ᠡᠴᠡ ᠡᠬᠢᠯᠡᠨ᠂ ᠮᠤᠵᠢ ᠬᠣᠲᠠ ᠱᠢᠶᠠᠨ ᠱᠢᠶᠠᠩ᠎ᠤᠨ ᠤᠳᠤᠷᠢᠳᠭᠤ ᠪᠠᠭ ᠬᠤᠭᠤᠴᠠᠭ᠎ᠠ ᠰᠣᠯᠢᠬᠤ ᠪᠣᠯᠤᠨ᠎ᠠ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠴᠢᠩᠳᠠᠯᠠᠬᠤ ᠲᠤᠬᠠᠶ ᠨᠠᠮ᠎ᠤᠨ ᠲᠥᠪ ᠬᠣᠷᠢᠶ᠎ᠠ ᠵᠢᠨ ᠱᠠᠭᠠᠷᠳᠠᠯᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠠᠵᠢᠯ᠎ᠤᠨ ᠤᠷᠤᠭ᠍ᠰᠢᠲᠠᠶ ᠶᠠᠪᠤᠭ᠍ᠳᠠᠬᠤ᠎ᠶ᠋ᠢ ᠪᠠᠲᠤᠯᠠᠵᠤ᠂ ᠠᠷᠢᠭᠤᠨ ᠴᠢᠬᠡᠴᠢ ᠲᠥᠪ ᠭᠤᠤᠯᠴᠢ ᠬᠤᠭᠤᠴᠠᠭ᠎ᠠ ᠰᠣᠯᠢᠬᠤ ᠣᠷᠴᠢᠨ ᠨᠥᠬᠥᠴᠡᠯ᠎ᠢ ᠪᠣᠶ ᠪᠣᠯᠭᠠᠬᠤ᠎ᠶ᠋ᠢᠨ ᠲᠥᠯᠥᠭᠡ᠂ ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠪᠠᠢᠭᠤᠯᠭ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ ᠬᠠᠮᠲᠤᠷᠠᠨ 《ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠴᠢᠩᠳᠠᠯᠠᠵᠤ ᠬᠤᠭᠤᠴᠠᠭ᠎ᠠ ᠰᠣᠯᠢᠬᠤ ᠬᠡᠪ ᠰᠤᠷᠲᠠᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠬᠤ ᠲᠤᠬᠠᠢ ᠮᠡᠳᠡᠭ᠌ᠳᠡᠯ》 (ᠳᠣᠷᠣᠭ᠍ᠰᠢ 《ᠮᠡᠳᠡᠭ᠌ᠳᠡᠯ》ᠭᠡᠵᠦ᠍ ᠳᠦᠭᠦᠮᠴᠢᠯᠡᠨ᠎ᠠ)ᠢ᠋ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ᠎ᠤᠨ ᠬᠢᠨ ᠬᠤᠭᠤᠴᠠᠭ᠎ᠠ ᠰᠣᠯᠢᠬᠤ ᠠᠵᠢᠯ᠎ᠤᠨ ᠳᠤᠮᠳᠠ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

《ᠮᠡᠳᠡᠭ᠌ᠳᠡᠯ》 ᠳ᠋ᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠪᠠᠷᠢᠮᠲᠠᠯᠠᠵᠤ᠂ ᠦᠷᠭᠦᠯᠵᠢᠯᠡᠨ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠡᠯ᠎ᠢ ᠡᠰᠡᠷᠭᠦᠴᠡᠵᠦ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠰᠠᠬᠢᠯᠭ᠎ᠠ ᠪᠠᠲᠤ ᠶᠣᠰᠣ ᠲᠦᠷᠢᠮ᠎ᠦᠨ ᠤᠬᠠᠮᠰᠠᠷ ᠲᠠᠰᠤᠷᠠᠯᠳᠡ ᠦᠭᠡᠢ ᠴᠢᠩᠭᠠᠷᠠᠵᠤ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠪᠠᠢᠳᠠᠯ ᠪᠣᠯᠤᠨ ᠬᠡᠪ ᠰᠤᠷᠲᠠᠯ᠎ᠢ ᠦᠨᠳᠦᠰᠦᠨ᠎ᠡᠴᠡ ᠨᠢ ᠬᠤᠪᠢᠷᠠᠭᠤᠯᠵᠤ᠂ ᠬᠤᠭᠤᠴᠠᠭ᠎ᠠ ᠰᠣᠯᠢᠬᠤ ᠰᠤᠷᠲᠠᠯ᠎ᠢ ᠴᠢᠩᠳᠠᠯᠠᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭ᠌ᠴᠡᠢ᠃ ᠡᠭᠦᠨ᠎ᠦ ᠬᠠᠮᠲᠤ ᠪᠠᠰᠠ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠳᠤᠮᠳᠠᠬᠢ ᠢᠯᠵᠢᠷᠠᠯ᠎ᠤᠨ ᠦᠵᠡᠭ᠌ᠳᠡᠯ ᠪᠠ ᠲᠥᠪ ᠪᠤᠰᠤ ᠰᠤᠷᠲᠠᠯ ᠪᠠᠰᠠ ᠠᠷᠢᠯᠤᠭᠠᠳᠤᠢ ᠪᠠᠢᠵᠤ᠂ ᠵᠠᠷᠢᠮ ᠠᠰᠠᠭᠤᠳᠠᠯ ᠲᠠᠬᠢᠨ ᠰᠡᠷᠭᠦᠬᠦ᠌ ᠠᠶᠤᠯ ᠲᠦᠭ᠌ᠰᠢᠭᠦᠷᠢ ᠣᠷᠣᠱᠢᠵᠤ᠂ ᠵᠠᠷᠢᠮ ᠠᠰᠠᠭᠤᠳᠠᠯ ᠳ᠋ᠤ ᠱᠠᠳᠤᠴᠢ ᠴᠢᠨᠠᠷᠲᠠᠢ ᠱᠢᠨ᠎ᠡ ᠣᠨᠴᠠᠯᠢᠭ ᠢᠯᠡᠷᠡᠵᠦ᠍᠂ ᠬᠤᠭᠤᠴᠠᠭ᠎ᠠ ᠰᠣᠯᠢᠬᠤ᠎ᠶ᠋ᠢ ᠬᠠᠷᠱᠢᠯᠠᠨ ᠡᠪᠳᠡᠬᠦ᠌ ᠭᠡᠮ ᠰᠤᠭᠤᠭ ᠬᠠᠷᠠᠬᠠᠨ ᠪᠦᠷᠢᠮᠦᠰᠦᠨ ᠠᠷᠢᠯᠤᠭᠠᠳᠤᠢ ᠪᠠᠢᠬᠤ᠎ᠶ᠋ᠢ ᠰᠡᠷᠭᠡᠭ᠎ᠢᠶᠡᠷ ᠲᠠᠨᠢᠵᠤ ᠤᠯᠬᠤ ᠬᠡᠷᠡᠭ᠌ᠲᠡᠢ᠂ ᠡᠭᠦᠨ᠎ᠢ ᠡᠷᠬᠡᠪᠰᠢ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠬᠤ ᠬᠡᠷᠡᠭ᠌ᠲᠡᠢ ᠭᠡᠵᠤ ᠵᠢᠭᠠᠵᠤ ᠭᠠᠷᠭᠠᠵᠠᠢ᠃

《ᠮᠡᠳᠡᠭ᠌ᠳᠡᠯ》᠎ᠳ᠋ᠤ 《ᠠᠷᠪᠠ᠎ᠶ᠋ᠢ ᠴᠢᠩᠭ᠎ᠠ ᠴᠠᠭᠠᠵᠠᠯᠠᠬᠤ》 ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢᠨ ᠲᠣᠭ᠍ᠲᠠᠭᠠᠯ᠎ᠢ ᠲᠣᠳᠣᠷᠬᠠᠶ ᠲᠣᠭ᠍ᠲᠠᠭᠠᠪᠠ᠂ ᠲᠤᠬᠠᠢᠯᠠᠪᠠᠯ ᠄ ᠰᠦᠯᠪᠡᠭᠡ ᠪᠠᠢᠭᠤᠯᠵᠤ ᠬᠤᠪᠢ᠎ᠶ᠋ᠢᠨ ᠠᠱᠢᠭ ᠬᠥᠭᠡᠭᠡᠴᠡᠯᠳᠦᠬᠦ᠌᠂ ᠵᠢᠵᠢᠭ ᠪᠦᠯᠬᠦᠮ ᠪᠠᠢᠭᠤᠯᠬᠤ᠎ᠶ᠋ᠢ ᠴᠢᠩᠭ᠎ᠠ ᠴᠠᠭᠠᠵᠠᠯᠠᠨ᠎ᠠ᠂ ᠵᠠᠪᠱᠢᠨ ᠳᠠᠯᠢᠮᠳᠠᠭᠤᠯᠵᠤ ᠠᠮᠵᠢᠨ ᠤᠷᠤᠬᠤ᠂ ᠤᠯᠤᠰ ᠲᠥᠷᠥ᠎ᠶ᠋ᠢᠨ ᠮᠡᠬᠡᠯᠡᠭ᠌ᠴᠢ᠎ᠲᠡᠶ ᠨᠠᠢᠵᠠᠯᠠᠬᠤ᠎ᠶ᠋ᠢ ᠴᠢᠩᠭ᠎ᠠ ᠴᠠᠭᠠᠵᠠᠯᠠᠨ᠎ᠠ᠂ ᠭᠡᠭᠡᠯᠢ ᠲᠦᠯᠬᠢᠵᠦ ᠪᠢᠯᠸᠲ ᠭᠤᠶᠤᠬᠤ ᠵᠢ ᠴᠢᠩᠭ᠎ᠠ ᠴᠠᠭᠠᠵᠠᠯᠠᠨ᠎ᠠ᠂ ᠨᠣᠶᠠᠨ ᠵᠡᠷᠭᠡ ᠬᠦᠭᠡᠭᠡᠴᠡᠯᠳᠦᠬᠦ᠂ ᠨᠣᠶᠠᠨ ᠵᠡᠷᠭᠡ ᠠᠷᠠᠯᠵᠢᠶᠠᠯᠠᠬᠤ᠎ᠶ᠋ᠢ ᠴᠢᠩᠭ᠎ᠠ ᠴᠠᠭᠠᠵᠠᠯᠠᠨ᠎ᠠ᠂ ᠲᠣᠭ᠍ᠲᠠᠭᠠᠯ ᠡᠴᠡ ᠵᠥᠷᠢᠴᠡᠨ ᠭᠠᠷ ᠲᠦᠷᠦᠭᠦ᠌᠂ ᠬᠦᠮᠦᠨ ᠡᠷᠢᠵᠤ ᠬᠠᠷᠠᠭᠠᠯᠵᠠᠯ ᠭᠤᠶᠤᠬᠤ ᠵᠢ ᠴᠢᠩᠭ᠎ᠠ ᠴᠠᠭᠠᠵᠠᠯᠠᠨ᠎ᠠ᠂ ᠬᠤᠪᠢ ᠬᠦᠮᠦᠨ ᠬᠡᠯᠡᠭᠡᠳ ᠪᠤᠯᠭᠠᠬᠤ᠎ᠶ᠋ᠢ ᠴᠢᠩᠭ᠎ᠠ ᠴᠠᠭᠠᠵᠠᠯᠠᠨ᠎ᠠ᠂ 《ᠠᠰᠠᠭᠤᠳᠠᠯ᠎ᠲᠠᠶ ᠪᠠᠢᠲᠠᠯ᠎ᠠ ᠨᠡᠷ᠎ᠡ ᠳᠤᠷᠠᠳᠭᠤ》᠂ 《ᠠᠰᠠᠭᠤᠳᠠᠯ᠎ᠲᠠᠶ ᠪᠠᠢᠲᠠᠯ᠎ᠠ ᠰᠢᠯᠢᠨ ᠳᠡᠪᠱᠢᠭᠦᠯᠬᠦ᠌》 ᠵᠢ ᠴᠢᠩᠭ᠎ᠠ ᠴᠠᠭᠠᠵᠠᠯᠠᠨ᠎ᠠ᠂ ᠲᠣᠭ᠍ᠲᠠᠭᠠᠯ᠎ᠠᠴᠠ ᠵᠥᠷᠢᠴᠡᠨ ᠬᠥᠮᠦᠨ ᠬᠡᠷᠡᠭ᠌ᠯᠡᠬᠦ᠌᠎ᠶ᠋ᠢ ᠴᠢᠩᠭ᠎ᠠ ᠴᠠᠭᠠᠵᠠᠯᠠᠨ᠎ᠠ᠂ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠬᠤ᠂ ᠴᠢᠮᠡᠭᠡ ᠰᠤᠷᠠᠭ ᠢ᠋ ᠯᠡᠪᠡᠷᠡᠭᠦᠯᠬᠦ ᠵᠢ ᠴᠢᠩᠭ᠎ᠠ ᠴᠠᠭᠠᠵᠠᠯᠠᠨ᠎ᠠ᠂ ᠬᠤᠭᠤᠴᠠᠭ᠎ᠠ ᠰᠤᠯᠢᠬᠤ ᠵᠢ ᠬᠠᠷᠰᠢᠯᠠᠬᠤ ᠵᠢ ᠴᠢᠩᠭ᠎ᠠ ᠴᠠᠭᠠᠵᠠᠯᠠᠨ᠎ᠠ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢᠨ ᠲᠣᠭ᠍ᠲᠠᠭᠠᠯ ᠡᠴᠡ ᠵᠥᠷᠢᠴᠡᠭ᠌ᠰᠡᠳ᠎ᠢ ᠴᠥᠮ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠱᠢᠢᠳᠪᠦᠷᠢᠯᠡᠬᠦ᠌ ᠬᠡᠷᠡᠭ᠌ᠲᠡᠢ ᠭᠡᠵᠤ ᠵᠢᠭᠠᠵᠤ ᠭᠠᠷᠭᠠᠪᠠ᠃

《ᠮᠡᠳᠡᠭ᠌ᠳᠡᠯ》 ᠳ᠋ᠤ᠂ ᠦᠵᠡᠯ ᠰᠠᠨᠠᠭᠠᠨ᠎ᠤ ᠵᠢᠯᠤᠭᠤᠳᠤᠯᠭ᠎ᠠ᠎ᠪᠠᠨ ᠴᠢᠩᠭᠠᠳᠭᠠᠵᠤ᠂ ᠤᠷᠢᠳ ᠵᠢᠡᠷ ᠬᠥᠮᠦᠵᠢᠬᠦᠯᠬᠦ ᠤᠷᠢᠳ ᠵᠢᠡᠷ ᠰᠡᠷᠡᠮᠵᠢᠯᠡᠭᠦᠯᠬᠦ ᠤᠷᠢᠳ ᠵᠢᠡᠷ ᠰᠡᠷᠭᠡᠢᠯᠡᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ᠃ ᠰᠤᠷᠤᠯᠴᠠᠯᠭ᠎ᠠ ᠬᠥᠮᠦᠵᠢᠯ᠎ᠢ ᠨᠠᠷᠢᠨ ᠬᠢᠨᠠᠮᠠᠭᠠᠢ ᠰᠠᠢᠲᠤᠷ ᠠᠳᠭᠤᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠵᠢ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶ᠋ᠢᠨ ᠲᠥᠪᠯᠡᠷᠡᠩᠭᠦᠢ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠵᠦ᠍᠂ ᠨᠠᠮ᠎ᠤᠨ ᠭᠡᠱᠢᠭᠦᠨ ᠺᠠᠳ᠋ᠷ ᠪᠣᠯᠤᠨ ᠲᠥᠯᠥᠭᠡᠯᠡᠭ᠌ᠴᠢ ᠭᠡᠱᠢᠭᠦᠳ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ 《ᠬᠣᠶᠠᠷ᠎ᠢ ᠲᠣᠭ᠍ᠲᠠᠭᠠᠬᠰᠡᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠤᠢ᠍ᠢᠯᠠᠭᠠᠭᠤᠯᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠠᠷᠠᠳᠴᠢᠯᠠᠯ᠎ᠤᠨ ᠡᠷᠬᠡ᠎ᠪᠡᠨ ᠵᠥᠪ ᠬᠡᠷᠡᠭ᠌ᠵᠢᠭᠦᠯᠬᠦ᠌ ᠪᠣᠯᠭᠠᠬᠤ ᠭᠡᠷᠡᠭᠳᠠᠢ᠃ ᠰᠡᠳᠭᠢᠯ᠎ᠦᠨ ᠦᠭᠡ᠎ᠪᠡᠨ ᠶᠠᠷᠢᠯᠴᠠᠬᠤ᠎ᠶ᠋ᠢ ᠭᠦᠨᠵᠡᠭᠡᠢ ᠥᠷᠨᠢᠭᠦᠯᠵᠦ᠍᠂ ᠨᠠᠮ᠎ᠤᠨ ᠬᠣᠷᠢᠶ᠎ᠠ ᠵᠢᠨ ᠱᠦᠵᠢ ᠪᠣᠯᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠂ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠭᠣᠣᠯ ᠬᠠᠷᠢᠭᠤᠴᠠᠯᠭᠠᠲᠠᠨ ᠨᠥᠬᠥᠳ ᠭᠣᠣᠯᠳᠠᠯᠭ᠎ᠠ᠎ᠲᠠᠶ ᠠᠵᠢᠯ᠎ᠤᠨ ᠪᠠᠢᠷᠢ᠎ᠶ᠋ᠢᠨ ᠺᠠᠳ᠋ᠷ ᠪᠣᠯᠤᠨ ᠬᠣᠯᠪᠣᠭ᠍ᠳᠠᠯ ᠪᠦᠬᠦᠢ ᠬᠥᠮᠦᠰ᠎ᠲᠡᠶ ᠲᠤᠰᠭᠠᠢ ᠰᠡᠳᠦᠪ᠎ᠢᠶᠡᠷ ᠰᠡᠳᠭᠢᠯ᠎ᠦᠨ ᠦᠭᠡ᠎ᠪᠡᠨ ᠶᠠᠷᠢᠯᠴᠠᠵᠤ᠂ ᠲᠡᠳᠡᠨ ᠳ᠋ᠤ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠲᠦᠷᠦᠭᠦᠯᠡᠨ ᠰᠠᠬᠢᠬᠤ᠎ᠶ᠋ᠢ ᠰᠠᠨᠠᠭᠤᠯᠬᠤ ᠬᠡᠷᠡᠭ᠌ᠲᠡᠢ᠃ ᠰᠡᠷᠡᠮᠵᠢᠯᠡᠭᠦᠯᠬᠦ᠌ ᠬᠥᠮᠦᠵᠢᠯ᠎ᠦᠨ ᠡᠷᠴᠢᠮ᠎ᠢᠶᠡᠨ ᠴᠢᠩᠭᠠᠷᠠᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ᠎ᠡᠴᠡ ᠵᠥᠷᠢᠴᠡᠭ᠌ᠰᠡᠨ ᠨᠡᠢᠲᠡᠯᠢᠭ ᠬᠡᠷᠡᠭ᠎ᠦᠨ ᠵᠢᠱ᠌ᠢᠢ᠎ᠡ᠎ᠶ᠋ᠢ ᠰᠠᠢᠲᠤᠷ ᠠᠱᠢᠭ᠍ᠯᠠᠨ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠬᠦ᠌᠎ᠶ᠋ᠢ ᠠᠩᠬᠠᠷᠴᠤ᠌᠂ ᠨᠠᠮ᠎ᠤᠨ ᠭᠡᠱᠢᠭᠦᠨ ᠺᠠᠳ᠋ᠷ ᠪᠣᠯᠤᠨ ᠬᠣᠯᠪᠣᠭ᠍ᠳᠠᠯ ᠪᠦᠬᠦᠢ ᠬᠥᠮᠦᠰ᠎ᠦᠨ ᠭᠦᠨᠵᠡᠭᠡᠢ ᠰᠤᠷᠭᠠᠮᠵᠢ ᠠᠪᠬᠤ᠎ᠶ᠋ᠢ ᠱᠠᠯᠠᠪᠳᠠᠭᠤᠯᠤᠨ ᠱᠠᠭᠠᠷᠳᠠᠵᠤ᠂ ᠨᠢᠭᠡ᠎ᠡᠴᠡ ᠨᠦᠬᠦᠭᠡ᠎ᠶ᠋ᠢ ᠵᠦᠢᠴᠢᠯᠡᠨ ᠮᠡᠳᠡᠵᠤ᠂ ᠰᠡᠷᠡᠮᠵᠢ᠎ᠶ᠋ᠢᠨ ᠬᠤᠩᠬᠤ᠎ᠶ᠋ᠢ ᠪᠠᠢᠩᠭᠤ ᠳᠤᠤᠭᠠᠷᠭᠠᠬᠤ ᠭᠡᠷᠡᠭᠳᠠᠢ ᠭᠡᠵᠤ ᠴᠢᠬᠤᠯᠠᠴᠢᠯᠠᠪᠠ᠃

《ᠮᠡᠳᠡᠭ᠌ᠳᠡᠯ》 ᠳ᠋ᠤ᠂ ᠴᠢᠩᠭ᠎ᠠ ᠬᠢᠨᠠᠯᠲᠠ ᠲᠠᠯᠪᠢᠵᠤ ᠪᠠᠢᠴᠠᠭᠠᠨ ᠱᠢᠢᠳᠪᠦᠷᠢᠯᠡᠵᠦ᠍᠂ ᠲᠥᠪ ᠪᠤᠰᠤ ᠰᠤᠷᠲᠠᠯ᠎ᠢ ᠴᠡᠭ᠌ᠴᠡᠯᠡᠨ ᠵᠠᠰᠠᠬᠤ ᠰᠦᠷ ᠬᠦᠴᠦᠲᠦ ᠪᠠᠢᠳᠠᠯ᠎ᠢ ᠢᠮᠠᠭ᠍ᠲᠠ ᠪᠠᠲᠤᠯᠠᠬᠤ ᠬᠡᠷᠡᠭ᠌ᠲᠡᠢ᠃ ᠭᠤᠤᠯᠳᠠᠯᠭ᠎ᠠ᠎ᠶ᠋ᠢ ᠳᠣᠪᠣᠢᠯᠭᠠᠨ ᠬᠢᠨᠠᠯᠲᠠ ᠲᠠᠯᠪᠢᠵᠤ ᠪᠠᠢᠴᠠᠭᠠᠬᠤ᠎ᠶ᠋ᠢ ᠴᠢᠩᠭᠠᠳᠭᠠᠵᠤ᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠲᠤᠰᠭᠠᠶ ᠪᠠᠢᠴᠠᠭᠠᠯᠲᠠ ᠵᠡᠷᠭᠡ ᠦᠷ᠎ᠡ ᠪᠦᠲᠦᠭᠡᠯ᠎ᠢ ᠰᠠᠢᠲᠤᠷ ᠬᠡᠷᠡᠭ᠌ᠯᠡᠵᠦ᠍᠂ ᠤᠷᠢᠳᠴᠢᠯᠠᠨ ᠵᠠᠳᠠᠯᠵᠤ ᠰᠤᠳᠤᠯᠤᠨ ᠮᠠᠭᠠᠳᠯᠠᠬᠤ᠎ᠶ᠋ᠢ ᠴᠢᠬᠤᠯᠠᠴᠢᠯᠠᠨ ᠴᠢᠩᠭᠠᠳᠭᠠᠵᠤ᠂ ᠠᠶᠤᠯ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠬᠤ ᠠᠵᠢᠯ᠎ᠢ ᠪᠥᠬᠥ᠌ ᠲᠠᠯ᠎ᠠ᠎ᠪᠠᠷ ᠭᠦᠨᠵᠡᠭᠡᠶ ᠦᠷᠨᠢᠬᠦᠯᠬᠦ ᠬᠡᠷᠡᠭ᠌ᠲᠡᠶ᠃ ᠵᠤᠷᠢᠭᠤᠳᠠ ᠰᠠᠬᠢᠯᠭ᠎ᠠ ᠪᠠᠲᠤ᠎ᠶ᠋ᠢ ᠵᠥᠷᠢᠴᠡᠵᠦ᠍᠂ ᠠᠶᠤᠯᠳᠤ ᠵᠠᠮ᠎ᠢᠶᠡᠷ ᠵᠠᠮᠨᠠᠵᠤ᠂ ᠬᠣᠷᠢᠭ᠎ᠠ ᠱᠤᠭᠤᠮ᠎ᠢ ᠲᠠᠪᠠᠬᠤ ᠣᠨᠴᠠ ᠵᠠᠷᠢᠮ ᠴᠤᠬᠤᠢᠯᠲᠠ ᠪᠠ ᠬᠠᠨᠳᠤᠰᠢ᠎ᠶ᠋ᠢ ᠡᠷᠲᠡᠬᠡᠨ ᠢᠯᠡᠷᠡᠭᠦᠯᠵᠦ᠍᠂ ᠴᠠᠭ ᠲᠤᠬᠠᠢ᠎ᠳᠤᠨᠢ ᠱᠢᠢᠳᠪᠦᠷᠢᠯᠡᠬᠦ᠌ ᠬᠡᠷᠡᠭ᠌ᠲᠡᠢ᠃ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠬᠤᠭᠤᠴᠠᠭ᠎ᠠ ᠰᠣᠯᠢᠬᠤ ᠬᠡᠪ ᠰᠤᠷᠲᠠᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠡᠯ᠎ᠡ ᠱᠠᠲᠤᠨ᠎ᠤ ᠵᠣᠬᠢᠶᠠᠨ ᠪᠠᠢᠭᠤᠯᠬᠤ ᠰᠠᠯᠠᠭ᠎ᠠ ᠮᠥᠴᠢᠷ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠵᠡᠷᠭᠡ᠎ᠯᠤᠭᠡ ᠬᠠᠮᠲᠤᠷᠠᠨ ᠬᠤᠭᠤᠴᠠᠭ᠎ᠠ ᠰᠣᠯᠢᠬᠤ ᠬᠡᠪ ᠰᠤᠷᠲᠠᠯ᠎ᠳᠤ ᠲᠤᠭᠤᠷᠢᠨ ᠪᠠᠢᠴᠠᠭᠠᠯᠳᠠ ᠬᠢᠨᠡᠨ ᠪᠠᠢᠴᠠᠭᠠᠯᠳᠠ ᠥᠷᠨᠢᠭᠦᠯᠬᠦ᠌ ᠬᠡᠷᠡᠭ᠌ᠲᠡᠶ᠃ ᠶᠡᠬᠡ ᠬᠤᠷᠠᠯ᠎ᠤᠨ ᠰᠣᠩᠭᠣᠭᠤᠯᠢ᠎ᠶ᠋ᠢᠨ ᠬᠤᠭᠤᠴᠠᠭᠠᠨ᠎ᠳᠤ᠂ ᠳᠡᠭᠡᠳᠦ ᠱᠠᠲᠤᠨ᠎ᠡᠴᠡ ᠬᠢᠨᠡᠨ ᠵᠢᠯᠣᠭᠣᠳᠭᠤ ᠳᠤᠭᠤᠢᠯᠠᠩ ᠲᠣᠮᠢᠯᠠᠨ ᠰᠠᠭᠤᠯᠭᠠᠵᠤ᠂ ᠬᠤᠭᠤᠴᠠᠭ᠎ᠠ ᠰᠣᠯᠢᠬᠤ ᠰᠣᠩᠭᠣᠭᠤᠯᠢ ᠪᠣᠯᠤᠨ ᠬᠤᠷᠠᠯ᠎ᠤᠨ ᠰᠤᠷᠲᠠᠯ ᠬᠤᠷᠠᠯ᠎ᠤᠨ ᠰᠠᠬᠢᠯᠭ᠎ᠠ᠎ᠶ᠋ᠢ ᠲᠤᠬᠠᠢ᠎ᠶ᠋ᠢᠨ ᠲᠠᠯᠠᠪᠠᠢ᠎ᠳᠤ ᠬᠢᠨᠡᠨ ᠵᠢᠯᠣᠭᠣᠳᠭᠤ ᠬᠡᠷᠡᠭ᠌ᠲᠡᠢ᠃ ᠣᠯᠠᠨ ᠲᠦᠮᠡᠨ᠎ᠦ ᠬᠢᠨᠠᠯᠲᠠ ᠲᠠᠯᠪᠢᠬᠤ ᠦᠶ᠋ᠯᠡᠳᠦᠯ᠎ᠢ ᠪᠦᠲᠦᠮᠵᠢᠲᠡᠶ ᠪᠠᠳᠠᠷᠠᠭᠤᠯᠵᠤ᠂ 《12380》᠂ 《12388》 ᠵᠡᠷᠭᠡ ᠢᠯᠡᠴᠢᠯᠡᠨ ᠮᠡᠳᠡᠭᠦᠯᠬᠦ᠌ ᠲᠠᠪᠴᠠᠩ ᠪᠣᠯᠤᠨ ᠵᠠᠬᠢᠳᠠᠯ ᠰᠤᠷᠪᠤᠯᠵᠢᠯᠠᠯ᠂ ᠲᠤᠤᠷ ᠰᠦᠯᠵᠢᠶ᠎ᠡ ᠵᠡᠷᠭᠡ ᠠᠷᠭ᠎ᠠ ᠵᠠᠮ᠎ᠢ ᠰᠠᠢᠲᠤᠷ ᠬᠡᠷᠡᠭ᠌ᠯᠡᠵᠦ᠍᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠡᠴᠡ ᠵᠥᠷᠢᠴᠡᠭ᠌ᠰᠡᠨ ᠠᠰᠠᠭᠤᠳᠠᠯ᠎ᠢ ᠢᠯᠡᠴᠢᠯᠡᠨ ᠮᠡᠳᠡᠭᠦᠯᠦᠭ᠌ᠰᠡᠨ᠎ᠢ ᠲᠤᠰᠭᠠᠭ᠍ᠰᠠᠨ᠎ᠢ ᠴᠠᠭ ᠲᠤᠬᠠᠶ᠎ᠳᠤᠨᠢ ᠬᠦᠯᠢᠶᠡᠨ ᠠᠪᠴᠤ᠌᠂ ᠡᠩ ᠲᠡᠷᠢᠭᠦᠨ᠎ᠳᠦ ᠱᠢᠶ᠋ᠳᠪᠦᠷᠢᠯᠡᠬᠦ ᠭᠡᠷᠡᠭᠳᠠᠢ᠃ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ᠎ᠡᠴᠡ ᠵᠥᠷᠢᠴᠡᠭ᠌ᠰᠡᠨ ᠠᠰᠠᠭᠤᠳᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠤᠬ᠍ᠳᠤ ᠠᠭᠤᠴᠢᠯᠠᠬᠤ ᠦᠭᠡᠢ ᠪᠠᠢᠬᠤ᠎ᠶ᠋ᠢ ᠪᠠᠷᠢᠮᠲᠠᠯᠠᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ᠂ ᠬᠤᠭᠤᠴᠠᠭ᠎ᠠ ᠰᠣᠯᠢᠬᠤ ᠬᠡᠪ ᠰᠤᠷᠲᠠᠯ᠎ᠢ ᠡᠪᠳᠡᠭ᠌ᠰᠡᠨ ᠠᠵᠢᠯᠯᠠᠭ᠎ᠠ ᠢᠯᠡᠷᠡᠪᠡᠯ ᠪᠠᠷᠢᠨ ᠲᠤᠤᠷ᠎ᠠ ᠨᠢ ᠴᠣᠬᠢᠯᠲᠠ ᠥᠭ᠌ᠴᠦ᠂ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠲᠥᠪ ᠴᠢᠩᠭ᠎ᠠ᠎ᠪᠠᠷ ᠵᠠᠷᠯᠠᠨ ᠨᠡᠢᠲᠡᠯᠡᠵᠦ᠍ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃ ᠭᠦᠳᠭᠡᠨ ᠵᠠᠭᠠᠯᠳᠤᠵᠤ ᠬᠤᠤᠷᠯᠠᠬᠤ᠂ ᠮᠠᠭᠤ ᠰᠠᠨᠠᠭ᠎ᠠ᠎ᠲᠠᠶ᠎ᠪᠠᠷ ᠢᠯᠡᠴᠢᠯᠡᠨ ᠮᠡᠳᠡᠭᠦᠯᠬᠦ᠌ ᠵᠡᠷᠭᠡ ᠦᠶ᠋ᠯᠡ ᠠᠵᠢᠯᠯᠠᠭ᠎ᠠ᠎ᠳᠤ ᠡᠷᠡᠰ ᠴᠣᠬᠢᠯᠲᠠ ᠥᠭ᠌ᠴᠦ᠂ ᠦᠨᠡᠨ ᠪᠣᠳᠠᠲᠠᠶ ᠪᠤᠰᠤ ᠢᠯᠡᠴᠢᠯᠡᠨ ᠮᠡᠳᠡᠭᠦᠯᠦᠯᠲᠡ᠎ᠡᠴᠡ ᠪᠣᠯᠵᠣ ᠨᠢᠭᠡᠨᠲᠡ ᠮᠠᠭᠤ ᠨᠥᠯᠥᠭᠡ ᠦᠵᠡᠭᠦᠯᠦᠭᠰᠡᠨ ᠪᠤᠶᠤ ᠮᠠᠭᠤ ᠨᠥᠯᠥᠭᠡ ᠦᠵᠡᠭᠦᠯᠵᠦ᠍ ᠮᠡᠳᠡᠪᠡᠯ᠂ ᠦᠨᠡᠨ ᠬᠦ᠌ ᠲᠣᠳᠣᠷᠬᠠᠢᠯᠠᠬᠤ ᠴᠢᠬᠤᠯᠠᠲᠠᠶ᠎ᠶᠢ ᠨᠢ  ᠵᠣᠬᠢᠰᠲᠠᠶ ᠠᠷᠭ᠎ᠠ ᠮᠠᠶᠢᠭ ᠠᠪᠴᠤ᠌ ᠪᠠᠢᠭᠠᠳ ᠲᠣᠳᠣᠷᠬᠠᠢᠯᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃

《ᠮᠡᠳᠡᠭ᠌ᠳᠡᠯ》 ᠳ᠋ᠤ᠂ ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠬᠤᠭᠤᠴᠠᠭ᠎ᠠ ᠰᠣᠯᠢᠬᠤ ᠬᠡᠪ ᠰᠤᠷᠲᠠᠯ᠎ᠳᠤ ᠬᠢᠨᠠᠯᠲᠠ ᠲᠠᠯᠪᠢᠬᠤ ᠠᠵᠢᠯ᠎ᠤᠨ ᠬᠠᠷᠢᠭᠤᠴᠠᠯᠭ᠎ᠠ᠎ᠶ᠋ᠢ ᠴᠢᠩᠭᠠᠳᠭᠠᠨ ᠪᠣᠳᠠᠲᠠᠢᠵᠢᠭᠤᠯᠬᠤ ᠬᠡᠷᠡᠭ᠌ᠲᠡᠶ᠃ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠢ᠎ᠠ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠭᠦᠢᠴᠡᠳᠭᠡᠵᠦ᠂ ᠬᠤᠭᠤᠴᠠᠭ᠎ᠠ ᠰᠣᠯᠢᠬᠤ ᠬᠡᠪ ᠰᠤᠷᠲᠠᠯ᠎ᠳᠤ ᠬᠢᠨᠠᠯᠲᠠ ᠲᠠᠯᠪᠢᠬᠤ᠎ᠶ᠋ᠢ ᠰᠠᠢᠲᠤᠷ ᠠᠳᠭᠤᠬᠤ᠎ᠶ᠋ᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌᠎ᠶ᠋ᠢᠨ ᠴᠢᠬᠤᠯᠠ ᠠᠭᠤᠯᠭ᠎ᠠ ᠪᠣᠯᠭᠠᠵᠤ᠂ ᠤᠳᠤᠷᠢᠳᠭᠤ ᠪᠠ ᠨᠢᠭᠡᠳᠦᠯᠲᠡᠢ ᠲᠥᠯᠥᠪᠵᠢᠭᠦᠯᠬᠦ᠌᠎ᠶ᠋ᠢ ᠦᠨᠡᠨ ᠬᠦ᠌ ᠴᠢᠩᠭᠠᠳᠭᠠᠵᠤ᠂ ᠬᠤᠭᠤᠴᠠᠭ᠎ᠠ ᠰᠣᠯᠢᠬᠤ ᠠᠵᠢᠯ᠎ᠲᠠᠶ ᠬᠠᠮᠲᠤ᠎ᠪᠠᠷ ᠲᠥᠯᠥᠪᠵᠢᠭᠦᠯᠵᠦ᠍᠂ ᠬᠠᠮᠳᠤ᠎ᠪᠡᠷ ᠪᠠᠢᠷᠢᠯᠠᠭᠤᠯᠵᠤ᠂ ᠬᠠᠮᠳᠤ᠎ᠪᠡᠷ ᠨᠠᠢᠳᠠᠪᠤᠷᠢᠵᠢᠭᠤᠯᠵᠤ᠂ ᠲᠡᠭᠡᠳᠦ ᠱᠠᠳᠤ ᠨᠢ ᠲᠤᠤᠷ᠎ᠠ ᠱᠠᠳᠤ᠎ᠪᠠᠨ ᠬᠠᠮᠢᠶᠠᠷᠬᠤ᠂ ᠱᠠᠳᠤ ᠱᠠᠳᠤ᠎ᠪᠠᠷ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠠᠵᠢᠯ᠎ᠤᠨ ᠲᠣᠭ᠍ᠲᠠᠴᠠ᠎ᠶ᠋ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠨᠢᠭ᠍ᠲᠠ ᠬᠠᠮᠵᠢᠯᠴᠠᠨ᠂ ᠬᠠᠮᠳᠤᠷᠠᠯ ᠬᠦᠴᠦᠨ᠎ᠢᠶᠡᠨ ᠨᠡᠮᠡᠭ᠌ᠳᠡᠭᠦᠯᠬᠦ᠌ ᠬᠡᠷᠡᠭ᠌ᠲᠡᠶ᠃ ᠬᠤᠭᠤᠴᠠᠭ᠎ᠠ ᠰᠣᠯᠢᠬᠤ ᠬᠡᠪ ᠰᠤᠷᠲᠠᠯ᠎ᠢ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠤᠨ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠦᠨᠡᠯᠡᠬᠦ᠌ ᠴᠢᠬᠤᠯᠠ ᠠᠭᠤᠯᠭ᠎ᠠ ᠪᠣᠯᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠭ᠌ᠰᠡᠨ ᠦᠭᠡᠢ᠎ᠡᠴᠡ ᠪᠤᠯᠵᠤ ᠲᠤᠰ ᠭᠠᠵᠠᠷ ᠣᠷᠣᠨ᠎ᠤ ᠬᠤᠭᠤᠴᠠᠭ᠎ᠠ ᠰᠣᠯᠢᠬᠤ ᠬᠡᠪ ᠰᠤᠷᠲᠠᠯ ᠲᠥᠪ ᠪᠤᠰᠤ᠂ ᠰᠠᠬᠢᠯᠭ᠎ᠠ ᠪᠠᠲᠤ ᠰᠤᠯᠠ ᠵᠠᠳᠠᠭᠠᠢ᠂ ᠮᠠᠭᠤ ᠨᠥᠯᠥᠭᠡ ᠭᠠᠷᠭᠠᠭ᠍ᠰᠠᠨ ᠪᠠᠢᠪᠠᠯ᠂ ᠬᠣᠯᠪᠣᠭ᠍ᠳᠠᠯ ᠪᠦᠬᠦᠢ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠬᠣᠯᠪᠣᠭ᠍ᠳᠠᠯ ᠪᠦᠬᠦᠢ ᠬᠥᠮᠦᠰ᠎ᠦᠨ ᠬᠠᠷᠢᠭᠤᠴᠠᠯᠭ᠎ᠠ᠎ᠶ᠋ᠢ ᠴᠢᠩᠭ᠎ᠠ ᠨᠡᠬᠡᠮᠵᠢᠯᠡᠬᠦ᠌ ᠬᠡᠷᠡᠭ᠌ᠲᠡᠢ᠃ ᠬᠤᠭᠤᠴᠠᠭ᠎ᠠ ᠰᠣᠯᠢᠬᠤ ᠰᠣᠩᠭᠣᠭᠤᠯᠢ ᠳᠤᠮᠳᠠᠬᠢ ᠲᠦᠷᠢᠮ ᠲᠣᠭ᠍ᠲᠠᠭᠠᠯ ᠰᠠᠬᠢᠯᠭ᠎ᠠ ᠪᠠᠲᠤ᠎ᠡᠴᠡ ᠵᠥᠷᠢᠴᠡᠭ᠌ᠰᠡᠨ ᠠᠰᠠᠭᠤᠳᠠᠯ᠎ᠢ ᠢᠯᠡᠷᠡᠭᠦᠯᠬᠦ᠌ ᠶᠣᠰᠣᠲᠠᠢ ᠪᠠᠢᠲᠠᠯ᠎ᠠ ᠣᠯᠵᠤ ᠮᠡᠳᠡᠭ᠌ᠰᠡᠨ ᠦᠭᠡᠢ᠂ ᠣᠯᠵᠤ ᠮᠡᠳᠡᠭ᠌ᠰᠡᠨ ᠪᠠᠢᠲᠠᠯ᠎ᠠ ᠮᠡᠳᠡᠭᠦᠯᠬᠦ᠌ ᠦᠭᠡᠢ᠂ ᠱᠢᠢᠳᠪᠦᠷᠢᠯᠡᠬᠦ᠌ ᠦᠭᠡᠢ ᠪᠠᠢᠪᠠᠯ᠂ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠎ᠶ᠋ᠢ ᠨᠡᠬᠡᠮᠵᠢᠯᠡᠬᠦ᠌ ᠮᠥᠷᠲᠡᠭᠡᠨ ᠪᠠᠰᠠ ᠳᠡᠭᠡᠳᠦ ᠨᠢᠭᠡ ᠱᠠᠲᠤᠨ᠎ᠤ ᠤᠳᠤᠷᠢᠳᠤᠯᠭ᠎ᠠ᠎ᠶ᠋ᠢᠨ ᠬᠠᠷᠢᠭᠤᠴᠠᠯᠭ᠎ᠠ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢ ᠨᠡᠬᠡᠮᠵᠢᠯᠡᠬᠦ ᠬᠡᠷᠡᠭᠳᠡᠢ ᠭᠡᠵᠤ ᠴᠢᠬᠤᠯᠠᠴᠢᠯᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号