ᠣᠢᠷ᠎ᠠ᠎ᠳᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠬᠢᠮᠢ ᠪᠠ ᠬᠢᠮᠢ᠎ᠶᠢᠨ ᠠᠵᠤ ᠦᠢᠯᠡᠳᠪᠦᠷᠢ᠎ᠶᠢᠨ ᠳᠡᠭᠡᠳᠦ ᠰᠤᠷᠭᠠᠭᠤᠯᠢ᠎ᠶᠢᠨ ᠫᠷᠤᠹᠸᠰᠰᠤᠷ ᠯᠢᠦ ᠵᠢᠶᠠᠨ᠂ ᠳᠡᠳ᠋ ᠫᠷᠤᠹᠸᠰᠰᠤᠷ ᠸᠠᠩ ᠶᠠᠨ ᠴᠢᠨᠦ ᠪᠦᠯᠬᠦᠮ᠎ᠦᠨ ᠬᠢᠨ ᠡᠨᠧᠷᠭᠢ ᠠᠷᠪᠢᠯᠠᠬᠤ ᠪᠣᠬᠢᠷᠲᠤᠯ ᠦᠭᠡᠢ ᠤᠰᠤᠲᠥ᠋ᠷᠥᠭᠴᠢᠦᠢᠯᠡᠳᠪᠦᠷᠢᠯᠡᠬᠦ ᠶᠠᠪᠤᠴᠠ ᠳ᠋ᠤ ᠥᠨᠳᠥᠷ ᠨᠡᠮᠡᠯᠲᠡ ᠥᠷᠲᠡᠭ ᠪᠦᠬᠦᠢ ᠬᠢᠮᠢ᠎ᠶᠢᠨ ᠪᠣᠳᠠᠰᠦᠢᠯᠡᠳᠪᠦᠷᠢᠯᠡᠬᠦ ᠬᠦᠷᠢᠶᠡᠨ ᠳ᠋ᠤ ᠴᠢᠬᠤᠯᠠ ᠶᠡᠬᠡ ᠰᠢᠪᠲᠤᠯᠤᠯᠲᠠ ᠭᠠᠷᠭᠠᠵᠤ᠂ 《ᠪᠠᠢᠭᠠᠯᠢ》 ᠰᠡᠳᠬᠦᠯ᠎ᠤᠨ ᠬᠤᠪᠢᠶᠠᠷᠢ ᠰᠡᠳᠬᠦᠯ ᠳ᠋ᠤ ᠰᠤᠳᠤᠯᠭᠠᠨ᠎ᠤ ᠦᠷ᠎ᠡ ᠪᠦᠲᠦᠭᠡᠯ᠎ᠢᠶᠡᠨ ᠨᠡᠢᠲᠡᠯᠡᠪᠡ᠃
ᠲᠠᠨᠢᠯᠴᠠᠭᠤᠯᠤᠭᠰᠠᠨ᠎ᠢᠶᠠᠷ᠂ ᠪᠤᠬᠢᠷᠳᠤᠯ ᠦᠬᠡᠢ ᠤᠰᠤᠲᠥ᠋ᠷᠥᠭᠴᠢ ᠪᠣᠯ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠬᠠᠷᠠᠯᠲᠠ᠎ᠶᠢ ᠪᠡᠶᠡᠯᠡᠭᠦᠯᠬᠦ ᠴᠢᠬᠤᠯᠠ ᠡᠨᠧᠷᠭᠢ᠎ᠶᠢᠨ ᠬᠡᠯᠪᠡᠷᠢ ᠮᠥᠨ᠃ ᠬᠡᠬᠦ᠎ᠳᠡᠭᠡᠨ ᠲᠡᠭᠦᠨ᠎ᠢ ᠬᠡᠪᠴᠢᠶᠡᠵᠢᠭᠦᠯᠦᠭᠰᠡᠨ ᠦᠢᠯᠡᠳᠪᠦᠷᠢᠯᠡᠬᠦ ᠶᠠᠪᠤᠴᠠ ᠳ᠋ᠤ ᠤᠰᠤ᠎ᠶᠢ ᠴᠠᠬᠢᠯᠭᠠᠨ᠎ᠢᠶᠠᠷ ᠵᠠᠳᠠᠯᠵᠤ ᠤᠰᠤᠲᠥ᠋ᠷᠥᠭᠴᠢ ᠦᠢᠯᠡᠳᠬᠦ ᠶᠠᠪᠤᠴᠠ᠎ᠳᠠᠬᠢ ᠡᠨᠧᠷᠭᠢ᠎ᠶᠢᠨ ᠬᠣᠷᠣᠭᠳᠠᠯ ᠶᠡᠬᠡᠲᠡᠢ ᠪᠠᠢᠵᠦ᠂ ᠬᠦᠴᠢᠯᠲᠥ᠋ᠷᠥᠭᠴᠢ ᠢᠯᠭᠠᠷᠠᠭᠤᠯᠬᠤ ᠤᠷᠪᠠᠯ ᠨᠢ 90% ᠣᠷᠴᠢᠮ᠎ᠤᠨ ᠴᠠᠬᠢᠯᠭᠠᠨ ᠡᠨᠧᠷᠭᠢ᠎ᠶᠢᠨ ᠬᠣᠷᠣᠭᠳᠠᠯ᠎ᠢ ᠡᠵᠡᠯᠡᠳᠡᠭ᠃ ᠤᠷᠲᠤ ᠬᠤᠭᠤᠴᠠᠭᠠᠨ᠎ᠤ ᠲᠤᠷᠰᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ ᠬᠦᠴᠢᠯᠲᠥ᠋ᠷᠥᠭᠴᠢ ᠢᠯᠭᠠᠷᠠᠭᠤᠯᠬᠤ ᠤᠷᠪᠠᠯ᠎ᠢ ᠣᠷᠣᠯᠠᠭᠤᠯᠵᠤ ᠪᠣᠯᠬᠤ ᠡᠨᠧᠷᠭᠢ ᠪᠠᠭ᠎ᠠ ᠬᠣᠷᠣᠭᠳᠠᠭᠤᠯᠬᠤ ᠠᠷᠭ᠎ᠠ ᠲᠤᠢᠯ᠎ᠤᠨ ᠤᠷᠪᠠᠯ᠎ᠢ ᠬᠠᠢᠨ ᠰᠦᠪᠡᠭᠴᠢᠯᠡᠵᠤ᠂ 《ᠣᠷᠣᠯᠭ᠎ᠠ᠎ᠶᠢ ᠨᠡᠮᠡᠭᠳᠡᠭᠦᠯᠦᠨ ᠵᠠᠷᠤᠯᠭ᠎ᠠ᠎ᠶᠢ ᠠᠷᠪᠢᠯᠠᠬᠤ》 ᠠᠷᠭ᠎ᠠ᠎ᠪᠠᠷ ᠤᠰᠤᠲᠥ᠋ᠷᠥᠭᠴᠢ ᠦᠢᠯᠡᠳᠬᠦ ᠠᠰᠢᠭ᠍ᠯᠠᠮᠵᠢ᠎ᠶᠢ ᠳᠡᠭᠡᠭᠰᠢᠯᠡᠭᠦᠯᠬᠦ᠎ᠪᠡᠷ ᠴᠢᠷᠮᠠᠢᠪᠠ᠃ ᠰᠢᠭᠡᠰᠦᠯᠢᠭ ᠡᠳ᠋᠎ᠦᠨ ᠢᠰᠦᠯᠳᠦᠬᠦ ᠤᠷᠪᠠᠯ᠎ᠢ ᠨᠢᠭᠡᠨ ᠬᠦᠭᠵᠢᠯᠳᠡ ᠵᠢᠨ ᠢᠷᠡᠬᠡᠳᠦᠢ᠎ᠲᠠᠢ ᠣᠷᠣᠯᠠᠬᠤ ᠴᠢᠭᠯᠡᠯ ᠭᠡᠵᠦ ᠦᠵᠡᠬᠦ᠎ᠶᠢᠨ ᠬᠠᠮᠲᠤ ᠳᠤᠲᠠᠭᠤ ᠠᠽᠣᠲ ᠬᠦᠴᠢᠯ᠎ᠦᠨ ᠳᠠᠪᠤᠰᠤ ᠨᠢ ᠰᠢᠭᠡᠰᠦᠯᠢᠭ ᠡᠳ᠋᠎ᠦᠨ ᠰᠣᠩᠭᠣᠯᠲᠠ᠎ᠶᠢᠨ ᠴᠢᠨᠠᠷᠲᠠᠢ ᠢᠰᠦᠯᠳᠦᠯ᠎ᠦᠨ ᠪᠦᠲᠦᠭᠡᠭᠳᠡᠬᠦᠨ᠎ᠦ ᠨᠢᠭᠡ ᠪᠣᠯᠤᠭᠰᠠᠨ᠎ᠤ ᠬᠤᠪᠢ᠎ᠳᠤ᠂ ᠢᠳᠡᠭᠡᠨ᠂ ᠲᠠᠷᠢᠶᠠᠯᠠᠩ ᠪᠠ ᠡᠮ ᠡᠮᠨᠡᠯᠭᠡ ᠵᠡᠷᠭᠡ ᠠᠵᠢᠯ ᠲᠦᠷᠦᠯ᠎ᠳᠦ ᠥᠷᠭᠡᠨ᠎ᠢᠶᠡᠷ ᠬᠡᠷᠡᠭᠯᠡᠭᠳᠡᠵᠦ ᠪᠤᠢ᠃ ᠡᠢᠮᠦ᠎ᠡᠴᠡ ᠰᠢᠭᠡᠰᠦᠯᠢᠭ ᠡᠳ᠋᠎ᠦᠨ ᠬᠠᠶᠠᠭᠳᠠᠮᠠᠯ ᠤᠰᠤ᠎ᠪᠠᠷ ᠠᠷᠭ᠎ᠠ ᠲᠤᠢᠯ᠎ᠤᠨ ᠲᠦᠭᠦᠬᠡᠢ ᠮᠠᠲᠧᠷᠢᠶᠠᠯ ᠪᠣᠯᠭᠠᠵᠤ ᠳᠤᠲᠠᠭᠤ ᠠᠽᠣᠲ ᠬᠦᠴᠢᠯ᠎ᠦᠨ ᠳᠠᠪᠤᠰᠤᠪᠤᠯᠭᠠᠨ ᠨᠡᠢᠯᠡᠭᠦᠯᠪᠡᠯ ᠪᠤᠬᠢᠷᠳᠤᠯ ᠦᠬᠡᠢ ᠤᠰᠤᠲᠥ᠋ᠷᠥᠭᠴᠢ᠎ᠶᠢᠨ ᠡᠨᠧᠷᠭᠢ ᠠᠷᠪᠢᠯᠠᠬᠤ ᠪᠤᠶᠤ ᠥᠨᠳᠥᠷ ᠨᠡᠮᠡᠯᠲᠡ ᠥᠷᠲᠡᠭᠲᠦ ᠳᠤᠲᠠᠭᠤ ᠠᠽᠣᠲ ᠬᠦᠴᠢᠯ᠎ᠦᠨ ᠳᠠᠪᠤᠰᠤ᠎ᠶᠢ ᠬᠠᠮᠲᠤᠷᠠᠨ ᠦᠢᠯᠡᠳᠪᠦᠷᠢᠯᠡᠬᠦ᠎ᠶᠢ ᠬᠠᠮᠲᠤ ᠳ᠋ᠤᠨᠢ ᠪᠡᠶᠡᠯᠡᠭᠦᠯᠬᠦ ᠪᠣᠯᠣᠮᠵᠢ᠎ᠲᠠᠢ ᠶᠤᠮ᠃
ᠰᠤᠳᠤᠯᠭᠠᠨ᠎ᠤ ᠪᠦᠯᠬᠦᠮ᠎ᠦᠨ ᠬᠢᠨ ᠨᠢᠭᠡ ᠵᠦᠢᠯ᠎ᠦᠨ ᠰᠢᠨ᠎ᠡ᠎ᠶᠢ ᠡᠭᠦᠳᠦᠭᠰᠡᠨ ᠲᠦᠷᠬᠡᠳᠬᠡᠬᠦ ᠡᠳ᠋᠎ᠢ ᠵᠢᠷᠤᠵᠤ ᠲᠦᠯᠦᠪᠯᠡᠬᠦ ᠠᠷᠭ᠎ᠠ ᠪᠣᠳᠣᠯᠭ᠎ᠠ᠎ᠶᠢ ᠳᠤᠷᠠᠳᠴᠤ᠂ ᠥᠨᠳᠥᠷ ᠪᠦᠲᠦᠮᠵᠢᠲᠡᠢ ᠤᠯᠠᠨ ᠴᠢᠳᠠᠮᠵᠢᠲᠤ ᠴᠠᠬᠢᠯᠭᠠᠨ ᠲᠦᠷᠬᠡᠳᠬᠡᠬᠦᠷᠢ ᠠᠮᠵᠢᠯᠲᠠ᠎ᠲᠠᠢ ᠪᠦᠲᠦᠭᠡᠵᠦ᠂ ᠰᠢᠭᠡᠰᠦᠯᠢᠭ ᠡᠳ᠋᠎ᠢ ᠳᠤᠲᠠᠭᠤ ᠠᠽᠣᠲ ᠬᠦᠴᠢᠯ᠎ᠦᠨ ᠳᠠᠪᠤᠰᠤ ᠪᠣᠯᠭᠠᠨ ᠥᠨᠳᠥᠷ ᠪᠦᠲᠦᠮᠵᠢᠲᠡᠢ᠎ᠪᠡᠷ ᠬᠤᠪᠢᠷᠠᠭᠤᠯᠬᠤ᠎ᠶᠢ ᠪᠡᠶᠡᠯᠡᠭᠦᠯᠦᠭᠰᠡᠨ ᠪᠥᠭᠡᠳ ᠠᠵᠤ ᠠᠬᠤᠢ᠎ᠶᠢᠨ ᠦᠷᠳᠡᠭ ᠨᠡᠮᠡᠭᠳᠡᠬᠦᠯᠬᠦ ᠪᠣᠯᠣᠮᠵᠢᠲᠤ ᠴᠢᠨᠠᠷᠲᠠᠢ ᠪᠣᠯᠭᠠᠵᠠᠢ᠃
ᠲᠣᠰ ᠰᠤᠳᠤᠯᠭᠠᠨ ᠨᠢ 《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ᠎ᠳᠤ ᠦᠢᠯᠡᠴᠢᠯᠡᠵᠦ᠂ ᠰᠢᠭᠡᠰᠦᠯᠢᠭ ᠡᠳ᠋᠎ᠦᠨ ᠡᠨᠧᠷᠭᠢ ᠠᠷᠪᠢᠯᠠᠵᠤ ᠤᠰᠤᠲᠥ᠋ᠷᠥᠭᠴᠢ ᠦᠢᠯᠡᠳᠬᠦ᠎ᠶᠢ ᠬᠠᠮᠲᠤᠷᠠᠭᠤᠯᠤᠨ ᠥᠨᠳᠥᠷ ᠨᠡᠮᠡᠯᠲᠡ ᠥᠷᠲᠡᠭᠲᠦ ᠳᠤᠲᠠᠭᠤ ᠠᠽᠣᠲ ᠬᠦᠴᠢᠯ᠎ᠦᠨ ᠳᠠᠪᠤᠰᠤ᠎ᠶᠢ ᠦᠢᠯᠡᠳᠪᠦᠷᠢᠯᠡᠬᠦ ᠰᠢᠨ᠎ᠡ ᠮᠡᠷᠭᠡᠵᠢᠯ᠎ᠢ ᠨᠡᠭᠡᠭᠡᠨ ᠬᠥᠭᠵᠢᠭᠦᠯᠦᠭᠰᠡᠨ ᠪᠥᠭᠡᠳ ᠲᠣᠰ ᠠᠷᠭ᠎ᠠ ᠪᠣᠳᠣᠯᠭ᠎ᠠ᠎ᠨᠢ ᠴᠠᠢᠷ — ᠰᠢᠭᠡᠰᠦᠯᠢᠭ ᠡᠳ᠋᠎ᠦᠨ ᠳ᠋ᠢᠶᠠᠨ ᡂᠢ᠎ᠶᠢᠨ ᠰᠢᠰᠲᠧᠮ᠎ᠳᠦ ᠠᠮᠵᠢᠯᠲᠠ᠎ᠲᠠᠢ ᠥᠷᠭᠡᠳᠬᠡᠨ ᠬᠡᠷᠡᠭᠯᠡᠬᠦ᠂ ᠰᠠᠭᠤᠷᠢ ᠲᠣᠭᠲᠠᠴᠠ᠎ᠶᠢᠨ ᠰᠢᠨ᠎ᠡ᠎ᠶᠢ ᠡᠭᠦᠳᠬᠦ᠎ᠡᠴᠡ ᠢᠨᠵᠧᠨᠧᠷᠢᠩ᠎ᠦᠨ ᠬᠡᠷᠡᠭᠯᠡᠭᠡᠨ᠎ᠦ ᠬᠤᠪᠢᠷᠠᠭᠤᠯᠤᠯᠲᠠ᠎ᠳᠤ ᠬᠦᠷᠬᠦ ᠳᠠᠯᠳᠠ ᠬᠦᠴᠦᠨ᠎ᠢ ᠢᠯᠡᠷᠡᠭᠦᠯᠦᠭᠰᠡᠨ ᠪᠠᠢᠨ᠎ᠠ᠃ ᠲᠣᠰ ᠦᠷ᠎ᠡ ᠪᠦᠲᠦᠭᠡᠯ ᠨᠢ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠥᠯᠥᠪᠯᠡᠭᠡ ᠵᠡᠷᠭᠡ ᠲᠥᠷᠥᠯ ᠵᠦᠢᠯ᠎ᠦᠨ ᠲᠤᠰᠠᠯᠠᠮᠵᠢ᠎ᠶᠢ ᠭᠥᠷᠳᠡᠪᠡ᠃