ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠄ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠡᠯ᠎ᠡ ᠭᠠᠵᠠᠷ᠎ᠤᠨ᠎ᠬᠢᠨ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ᠎ᠢ ᠰᠦᠶ᠋ᠳᠭᠡᠯ ᠬᠤᠷᠢᠶᠠᠬᠤ ᠥᠬᠡᠶ ᠪᠤᠶᠤ ᠰᠦᠶ᠋ᠳᠭᠡᠯ ᠪᠠᠭ᠎ᠠ ᠬᠤᠷᠢᠶᠠᠵᠤ ᠨᠡᠭᠡᠭᠡᠯᠲᠡ ᠬᠢᠬᠦ ᠠᠵᠢᠯ᠎ᠢ ᠦᠷᠭᠦᠯᠵᠢᠯᠡᠨ ᠰᠠᠢᠲᠤᠷ ᠬᠢᠬᠦ ᠬᠡᠷᠡᠭᠳᠡᠢ
2026-02-24 10:43:40
ᠵᠣᠬᠢᠶᠠᠭ᠍ᠴᠢ᠄
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠵᠢᠶ ᠵᠢᠶᠠ ᠳ᠋ᠦᠩ
ᠣᠩᠱᠢᠭ᠍ᠰᠠᠨ ᠣᠳᠠᠭ᠎ᠠ᠄
★★★☆☆

ᠤᠢᠷ᠎ᠡ ᠵᠢᠨ ᠡᠳᠦᠷ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ 2026 ᠣᠨ᠎ᠤ 《ᠴᠠᠭᠠᠨ ᠰᠠᠷ᠎ᠠ ᠵᠢᠨ ᠪᠠᠶᠠᠷᠲᠤ ᠬᠤᠳᠠᠯᠳᠤᠭ᠎ᠠ》᠎ᠴᠠᠭᠠᠨ ᠰᠠᠷ᠎ᠠ᠎ᠶ᠋ᠢᠨ ᠣᠨᠴᠠᠭᠠᠶ ᠠᠵᠢᠯᠯᠠᠭ᠎ᠠ᠂ ᠴᠠᠭᠠᠨ ᠰᠠᠷ᠎ᠠ᠎ᠶ᠋ᠢᠨ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢ ᠪᠠᠲᠤᠯᠠᠬᠤ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠪᠠ᠃ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠶ᠋ᠢᠨ ᠪᠡᠶ᠎ᠡ᠎ᠶ᠋ᠢᠨ ᠲᠠᠮᠢᠷ᠎ᠤᠨ ᠠᠵᠤ ᠠᠬᠤᠶ᠎ᠶ᠋ᠢᠨ ᠵᠤᠷᠭᠠᠨ᠎ᠤ ᠬᠠᠷᠢᠭᠤᠴᠠᠯᠭᠠᠲᠠᠨ ᠠᠶ ᠢᠦᠶ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠡᠯ᠎ᠡ ᠭᠠᠵᠠᠷ᠎ᠤᠨ ᠪᠡᠶ᠎ᠡ᠎ᠶ᠋ᠢᠨ ᠲᠠᠮᠢᠷ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠨ ᠬᠢᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ᠎ᠢ ᠨᠡᠢᠭᠡᠮ ᠨᠡᠢᠲᠡ᠎ᠳᠦ ᠰᠦᠶ᠋ᠳᠭᠡᠯ ᠬᠤᠷᠢᠶᠠᠬᠤ ᠥᠬᠡᠶ ᠪᠤᠶᠤ ᠰᠦᠶ᠋ᠳᠭᠡᠯ ᠪᠠᠭ᠎ᠠ ᠬᠤᠷᠢᠶᠠᠵᠤ ᠨᠡᠭᠡᠭᠡᠯᠲᠡ ᠬᠢᠬᠦ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠥᠷᠭᠡᠨ ᠣᠯᠠᠨ ᠲᠦᠮᠡᠨ᠎ᠦ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠬᠢᠵᠦ᠍ ᠪᠡᠶ᠎ᠡ ᠴᠢᠭᠢᠷᠠᠭ᠍ᠵᠢᠭᠤᠯᠬᠤ᠎ᠳᠤ ᠨᠠᠩ ᠰᠠᠢᠨ ᠣᠯᠠᠨ ᠨᠡᠢᠲᠡ᠎ᠶ᠋ᠢᠨ ᠦᠶ᠋ᠯᠡᠴᠢᠯᠡᠭᠡ ᠬᠠᠩᠭᠠᠬᠤ ᠪᠣᠯᠤᠨ᠎ᠠ ᠭᠡᠵᠦ ᠢᠯᠡᠳᠭᠡᠪᠡ᠃

《ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ ᠨᠢ ᠪᠡᠶ᠎ᠡ ᠮᠠᠬᠠᠪᠣᠳ᠎ᠢᠶᠡᠨ ᠴᠢᠭᠢᠷᠠᠭ᠍ᠵᠢᠭᠤᠯᠬᠤ᠎ᠪᠠᠷ ᠪᠠᠷᠠᠬᠤ ᠥᠬᠡᠶ ᠪᠠᠰᠠ ᠪᠡᠶ᠎ᠡ ᠰᠡᠳᠭᠢᠯ᠎ᠢᠶᠡᠨ ᠪᠠᠶᠠᠰᠭᠠᠵᠤ ᠴᠢᠳᠠᠨ᠎ᠠ᠃ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠂ ᠡᠯ᠎ᠡ ᠭᠠᠵᠠᠷ᠎ᠤᠨ ᠪᠡᠶ᠎ᠡ᠎ᠶ᠋ᠢᠨ ᠲᠠᠮᠢᠷ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠨ ᠬᠢᠨ ᠣᠯᠠᠨ ᠲᠦᠮᠡᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ᠎ᠳᠤ ᠨᠠᠩ ᠰᠠᠢᠨ ᠰᠠᠢᠬᠠᠨ ᠨᠥᠬᠥᠴᠡᠯ᠎ᠢ ᠪᠦᠷᠢᠯᠳᠦᠭᠦᠯᠵᠦ᠍ ᠥᠭ᠌ᠬᠦᠨ᠎ᠡ》 ᠭᠡᠵᠦ ᠠᠢ ᠢᠦᠢ ᠬᠡᠯᠡᠪᠡ᠃

ᠠᠶ ᠢᠦᠶ᠂ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ 2 ᠰᠠᠷ᠎ᠠ᠎ᠶ᠋ᠢᠨ 10 ᠎ᠡᠴᠡ 3 ᠰᠠᠷ᠎ᠠ᠎ᠶ᠋ᠢᠨ 4 ᠎ᠤ᠋ ᠡᠳᠦᠷ ᠪᠣᠯᠲᠠᠯ᠎ᠠ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠴᠠᠭᠠᠨ ᠰᠠᠷ᠎ᠠ ᠵᠢᠨ ᠵᠣᠯᠭᠠᠯᠲᠠ᠎ᠶ᠋ᠢᠨ ᠠᠵᠢᠯᠯᠠᠭ᠎ᠠ ᠡᠷᠭᠢᠯᠡᠬᠦ ᠪᠥᠭᠡᠳ ᠴᠠᠭᠠᠨ ᠰᠠᠷ᠎ᠠ᠎ᠶ᠋ᠢᠨ ᠮᠥᠰᠥ᠍ ᠴᠠᠰᠤᠨ᠎ᠤ ᠨᠠᠢᠷ᠂ ᠬᠥᠳᠡᠭᠡ ᠲᠣᠰᠭᠣᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠰᠦᠯᠵᠢᠶᠡᠨ ᠳᠡᠭᠡᠷᠡᠬᠢ ᠪᠡᠶ᠎ᠡ ᠴᠢᠭᠢᠷᠠᠭ᠍ᠵᠢᠭᠤᠯᠬᠤ ᠴᠢᠳᠠᠪᠤᠷᠢᠲᠠᠨ ᠵᠡᠷᠭᠡ ᠠᠵᠢᠯᠯᠠᠭ᠎ᠠ ᠥᠷᠨᠢᠭᠦᠯᠦᠨ᠎ᠡ᠃ ᠡᠯ᠎ᠡ ᠭᠠᠵᠠᠷ᠎ᠤᠨ᠎ᠬᠢᠨ ᠪᠠᠰᠠ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ ᠥᠷᠨᠢᠭᠦᠯᠦᠨ᠎ᠡ᠄ ᠱᠠᠨᠳᠦ᠋ᠩ᠎ᠤᠨ ᠬᠢᠨ ᠴᠠᠭᠠᠨ ᠰᠠᠷ᠎ᠠ᠎ᠶ᠋ᠢ ᠤᠭ᠍ᠲᠤᠬᠤ ᠬᠡᠷᠡᠭ᠌ᠯᠡᠭᠡᠨ᠎ᠦ ᠤᠯᠠᠷᠢᠯ᠎ᠤᠨ ᠠᠵᠢᠯᠯᠠᠭ᠎ᠠ᠎ᠶ᠋ᠢ ᠡᠬᠢᠯᠡᠭᠦᠯᠵᠦ᠍᠂ 1000 ᠲᠦᠮᠡᠨ ᠲᠥᠭᠥᠷᠢᠭ᠎ᠤᠨ ᠠᠷᠠᠳ᠎ᠲᠤ ᠠᠱᠢᠭ ᠬᠦᠷᠲᠡᠭᠡᠬᠦ᠌ ᠨᠥᠬᠥᠪᠥᠷᠢ ᠲᠠᠷᠬᠠᠭᠠᠬᠤ᠂ 《ᠦᠯᠵᠡᠢᠲᠤ ᠴᠠᠭᠠᠨ ᠰᠠᠷ᠎ᠠ ᠬᠤᠨᠳᠠᠭᠠᠲᠤ》 ᠪᠥᠬᠥ᠌ ᠮᠤᠵᠢ᠎ᠶ᠋ᠢᠨ ᠮᠢᠭ᠌ᠮᠡᠨ ᠱᠢᠲᠠᠷ᠎ᠠ᠎ᠶ᠋ᠢᠨ ᠢᠯᠡ ᠤᠷᠤᠯᠳᠤᠭᠠᠨ ᠵᠡᠷᠭᠡ ᠤᠷᠤᠯᠳᠤᠭᠠᠨ᠎ᠢ ᠡᠷᠭᠢᠯᠡᠬᠦ᠌ ᠪᠤᠯᠤᠨ᠎ᠠ; ᠱᠠᠩᠬᠠᠶ ᠬᠣᠲᠠ ᠦᠯᠵᠡᠢᠲᠤ ᠴᠠᠭᠠᠨ ᠰᠠᠷ᠎ᠠ ᠬᠤᠨᠳᠠᠭᠠᠲᠤ ᠲᠣᠣᠷ ᠪᠥᠮᠪᠥᠭᠡ᠎ᠶ᠋ᠢᠨ ᠨᠡᠷᠡᠲᠤ ᠣᠳᠣᠳ᠎ᠤᠨ ᠤᠷᠤᠯᠳᠤᠭᠠᠨ ᠵᠢᠴᠢ 2026 ᠲᠣᠣᠷ ᠪᠥᠮᠪᠥᠭᠡ᠎ᠶ᠋ᠢᠨ ᠲᠣᠮᠣ ᠱᠠᠩᠨᠠᠯᠲᠤ ᠤᠷᠤᠯᠳᠤᠭᠠᠨ᠎ᠢ ᠡᠷᠭᠢᠯᠡᠬᠦ᠌᠎ᠪᠡᠷ ᠪᠠᠢᠨ᠎ᠠ᠂ ᠦᠵᠡᠭ᠌ᠴᠢᠳ ᠭᠣᠢᠳᠠ ᠰᠠᠢᠬᠠᠨ ᠤᠷᠤᠯᠳᠤᠭᠠᠨ᠎ᠢ ᠰᠣᠨᠢᠷᠬᠠᠵᠤ ᠪᠣᠯᠬᠤ᠎ᠪᠠᠷ ᠪᠠᠷᠠᠬᠤ ᠦᠭᠡᠶ ᠪᠠᠰᠠ ᠤᠷᠤᠯᠳᠤᠭᠠᠨ᠎ᠤ  ᠪᠢᠯᠧᠲ᠎ᠢᠶᠡᠷ᠎ᠢᠶᠡᠨ ᠱᠠᠩᠬᠠᠶ᠎ᠶ᠋ᠢᠨ ᠣᠯᠠᠨ ᠬᠤᠳᠠᠯᠳᠤᠭᠠᠨ᠎ᠤ ᠲᠣᠭᠣᠷᠢᠭ᠎ᠤᠨ ᠪᠠᠷᠠᠭ᠎ᠠ ᠬᠤᠳᠠᠯᠳᠤᠨ ᠠᠪᠬᠤ ᠬᠠᠷᠠᠭᠠᠯᠵᠠᠯ᠎ᠢ ᠭᠥᠷᠳᠡᠵᠦ᠍ ᠪᠣᠯᠤᠨ᠎ᠠ ᠭᠡᠵᠦ ᠲᠠᠨᠢᠯᠴᠠᠭᠤᠯᠪᠠ᠃

ᠠᠶ ᠢᠦᠶ ᠪᠠᠰᠠ᠂ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ 10 ᠎ᠤ᠋ ᠡᠳᠦᠷ 《2026 ᠣᠨ᠎ᠤ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠠᠬᠢ ᠬᠡᠷ᠎ᠦᠨ ᠭᠠᠳᠠᠨᠠᠬᠢ ᠲᠠᠮᠢᠷ᠎ᠤᠨ ᠬᠥᠳᠡᠯᠭᠡᠭᠡᠨ᠎ᠦ ᠰᠣᠳᠣᠨ ᠵᠠᠮ ᠱᠤᠭᠤᠮ》 ᠢ᠋ ᠨᠡᠢᠲᠡᠯᠡᠪᠡ᠂ ᠡᠭᠦᠨ᠎ᠳᠦ ᠱᠠᠨᠳᠦ᠋ᠩ᠎ᠦᠨ ᠢ ᠨᠠᠨ᠎ᠤ 《ᠡᠮᠦᠨ᠎ᠡ ᠹᠷᠣᠨᠲ᠎ᠢ ᠲᠤᠰᠠᠯᠠᠬᠤ ᠵᠠᠮ᠎ᠢᠶᠡᠷ ᠲᠠᠬᠢᠨ ᠠᠶᠠᠯᠠᠬᠤᠢ》 ᠬᠡᠷ᠎ᠦᠨ ᠭᠠᠳᠠᠨᠠᠬᠢ ᠲᠠᠮᠢᠷ᠎ᠤᠨ ᠬᠥᠳᠡᠯᠭᠡᠭᠡᠨ᠎ᠦ ᠵᠠᠮ ᠱᠤᠭᠤᠮ᠂ ᠨᠢᠩᠱᠢᠶᠠ᠎ᠶ᠋ᠢᠨ ᠠᠯᠠᠱᠠ ᠠᠭᠤᠯᠠ ᠵᠢᠨ ᠵᠡᠭᠦᠨ ᠬᠣᠷᠮᠣᠶ᠎ᠶ᠋ᠢᠨ ᠬᠡᠷ᠎ᠦᠨ ᠭᠠᠳᠠᠨᠠᠬᠢ ᠲᠠᠮᠢᠷ᠎ᠤᠨ ᠬᠥᠳᠡᠯᠭᠡᠭᠡᠨ᠎ᠦ ᠵᠠᠮ ᠱᠤᠭᠤᠮ᠂ ᠭᠤᠸᠠᠩᠰᠢ᠎ᠶ᠋ᠢᠨ ᠶᠠᠩ ᠱᠦᠸᠸ᠎ᠶ᠋ᠢᠨ 《ᠮᠢᠩᠭᠠᠨ ᠭᠠᠵᠠᠷ᠎ᠤᠨ ᠵᠢᠷᠤᠭ ᠮᠡᠲᠤ ᠠᠭᠤᠯᠠ ᠤᠰᠤᠨ᠎ᠤ ᠲᠤᠮᠳᠠᠭᠤᠷ ᠠᠶᠠᠯᠠᠬᠤᠢ》 ᠬᠡᠷ᠎ᠦᠨ ᠭᠠᠳᠠᠨᠠᠬᠢ ᠲᠠᠮᠢᠷ᠎ᠤᠨ ᠬᠥᠳᠡᠯᠭᠡᠭᠡᠨ᠎ᠦ ᠵᠠᠮ ᠱᠤᠭᠤᠮ᠂ ᠵᠢᠶᠠᠩᠰᠦ᠎ᠶ᠋ᠢᠨ᠎ᠲᠡᠢᠵᠸᠤ᠎ᠶ᠋ᠢᠨ 《ᠵᠢᠶᠠᠩᠰᠦ᠎ᠶ᠋ᠢᠨ ᠬᠡᠳᠤ ᠲᠡᠰ᠎ᠤᠨ ᠬᠦᠯ ᠪᠦᠮᠪᠦᠭᠡᠨ ᠤᠷᠤᠯᠳᠤᠭᠠᠨ》 ᠤ᠋ ᠮᠠᠩᠯᠠᠶ ᠬᠣᠲᠠ᠎ᠶ᠋ᠢᠨ ᠬᠡᠷ᠎ᠦᠨ ᠭᠠᠳᠠᠨᠠᠬᠢ ᠲᠠᠮᠢᠷ᠎ᠤᠨ ᠬᠥᠳᠡᠯᠭᠡᠭᠡᠨ᠎ᠦ ᠵᠠᠮ ᠱᠤᠭᠤᠮ ᠵᠡᠷᠭᠡ 13 ᠰᠣᠳᠣᠨ ᠵᠠᠮ ᠱᠤᠭᠤᠮ ᠪᠠᠭ᠍ᠲᠠᠵᠤ᠂ ᠠᠷᠠᠳ ᠣᠯᠠᠨ᠎ᠤ ᠠᠮᠤᠷ ᠲᠦᠪᠱᠢᠨ᠂ ᠴᠢᠨᠠᠷ ᠰᠠᠢᠲᠠᠶ ᠬᠡᠷ᠎ᠦᠨ ᠭᠠᠳᠠᠨᠠᠬᠢ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ᠎ᠳᠤ ᠲᠥᠬᠥᠮ ᠦᠵᠡᠭᠦᠯᠵᠠᠢ ᠭᠡᠵᠦ ᠲᠤᠷᠠᠳᠪᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号