《ᠰᠢᠨ᠎ᠠ》 ᠵᠦᠭ ᠤᠷᠤᠭ᠍ᠰᠢᠯᠠᠵᠤ 《ᠴᠢᠨᠠᠷ》 ᠢ᠋ ᠰᠢᠯᠢᠳᠡᠭᠵᠢᠬᠦᠯᠬᠦ ᠪᠡᠷ ᠬᠦᠴᠦᠯᠡᠵᠦ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠳᠠᠬᠢᠨᠲᠠ ᠬᠤᠷᠳᠤᠴᠠ ᠪᠠᠨ ᠲᠦᠷᠭᠡᠳᠬᠡᠪᠡ
2026-02-24 10:17:02
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

ᠵᠢᠯ ᠤ᠋ᠨ ᠠᠵᠢᠯ ᠬᠠᠪᠤᠷ ᠲᠠᠭᠠᠨ ᠬᠡᠲᠡᠭ᠂ ᠰᠢᠷᠭᠠᠭᠤ ᠠᠵᠢᠯᠯᠠᠵᠤ ᠴᠢᠷᠮᠠᠢᠨ ᠲᠡᠮᠡᠴᠡᠬᠦ ᠴᠠᠭ ᠪᠤᠯᠤᠯ᠎ᠠ᠃

ᠲᠦᠩᠯᠢᠶᠣᠤ ᠬᠤᠳᠠ᠎ᠶ᠋ᠢᠨ ᠵᠠᠷᠤᠳ ᠬᠣᠱᠢᠭᠤᠨ᠎ᠤ ᠵᠠᠬᠠᠨᠠᠭᠤᠷ ᠠᠵᠤ ᠦᠢᠯᠡᠰ᠎ᠦᠨ ᠬᠦᠷᠢᠶᠡᠯᠡᠩ᠎ᠳᠦ ᠬᠦᠷᠪᠠᠯ᠂ ᠰᠠᠶᠢᠬᠠᠨ ᠠᠱᠢᠭ᠍ᠯᠠᠯᠲᠠ᠎ᠳᠤ ᠤᠷᠤᠬ᠍ᠰᠠᠨ ᠵᠠᠬᠠᠨᠠᠭᠤᠷ᠎ᠤᠨ 35 ᠲᠦᠮᠡᠨ ᠲᠣᠨ᠎ᠤ ᠪᠤᠬᠢᠷᠳᠤᠯ ᠦᠭᠡᠢ ᠴᠠᠬᠢᠯᠭᠠᠨ ᠵᠢᠡᠷ ᠬᠦᠩᠭᠡᠨᠴᠠᠭᠠᠨ ᠦᠢᠯᠡᠳᠪᠦᠷᠢᠯᠡᠬᠦ ᠲᠦᠷᠦᠯ ᠵᠦᠢᠯ᠎ᠦᠨ ᠦᠢᠯᠡᠳᠪᠦᠷᠢᠯᠡᠯ ᠶᠠᠭ ᠢᠳᠠ ᠬᠥᠭ᠌ ᠲᠡᠢ ᠶᠠᠪᠤᠭᠳᠠᠵᠤ  ᠪᠠᠢᠯ᠎ᠠ᠃ ᠪᠤᠬᠢᠷᠳᠤᠯ ᠦᠭᠡᠢ ᠴᠠᠬᠢᠯᠭᠠᠨ᠎ᠤ ᠥᠨᠳᠥᠷ ᠡᠨ᠋ᠸᠷᠭᠢ ᠵᠢᠨ ᠠᠴᠢᠶᠠᠯᠠᠪᠤᠷᠢ ᠵᠢᠨ ᠵᠢᠱ᠌ᠢᠶ᠎ᠡ ᠦᠵᠡᠭᠦᠯᠬᠦ᠌ ᠢᠨᠵᠧᠨᠧᠷᠢᠩ ᠪᠣᠯᠤᠭ᠍ᠰᠠᠨ᠎ᠤ ᠬᠤᠪᠢ᠎ᠳᠤ᠂ ᠲᠣᠰ ᠲᠥᠷᠥᠯ ᠵᠦᠶ᠋ᠯ᠎ᠨᠢ ᠱᠢᠨ᠎ᠡ ᠡᠨᠧᠷᠭᠢ ᠵᠢ ᠥᠪᠡᠰᠦᠪᠡᠨ ᠭᠠᠷᠭᠠᠵᠤ ᠥᠪᠡᠰᠦᠪᠡᠨ ᠬᠡᠷᠡᠭ᠌ᠯᠡᠬᠦ᠌ ᠵᠠᠭ᠍ᠪᠤᠷ᠎ᠢ ᠬᠡᠷᠡᠭ᠌ᠯᠡᠨ᠂ 65 ᠲᠦᠮᠡᠨ ᠺᠢᠯᠦᠸᠠᠲ᠎ᠤᠨ ᠰᠠᠯᠬᠢᠨ ᠬᠦᠴᠦᠨ᠎ᠦ ᠴᠠᠬᠢᠯᠭᠠᠨ ᠪᠠ 10 ᠲᠦᠮᠡᠨ ᠺᠢᠯᠦᠸᠠᠲ᠎ᠤᠨ ᠡᠨᠧᠷᠭᠢ ᠨᠦᠬᠡᠴᠡᠯᠡᠬᠦ ᠲᠦᠬᠦᠭᠡᠷᠤᠮᠵᠢ᠎ᠶ᠋ᠢ ᠢᠵᠢ ᠪᠦᠷᠢᠳᠦᠭᠦᠯᠦᠨ ᠪᠠᠢᠭᠤᠯᠵᠤ᠂ ᠵᠢᠱ᠌ᠢᠯᠲᠡ᠎ᠪᠡᠷ ᠵᠢᠯ᠎ᠦᠨ ᠴᠠᠬᠢᠯᠭᠠᠨ ᠬᠡᠷᠡᠭ᠌ᠯᠡᠬᠦ᠌ ᠬᠡᠮᠵᠢᠶ᠎ᠡ᠎ᠨᠢ 46.5 ᠳ᠋ᠦᠩᠱᠢᠭᠤᠷ ᠺᠢᠯᠦᠸᠠᠲ ᠴᠠᠭ᠎ᠲᠤ ᠬᠦᠷᠴᠦ᠍᠂ ᠡᠭᠦᠨ᠎ᠳᠦ ᠪᠤᠬᠢᠷᠳᠤᠯ ᠦᠭᠡᠢ ᠴᠠᠬᠢᠯᠭᠠᠨ᠎ᠤ ᠡᠵᠡᠯᠡᠬᠦ᠌ ᠬᠠᠷᠢᠴᠠᠯ᠎ᠨᠢ 80% ᠪᠠᠢᠵᠤ᠂ ᠲᠦᠩᠯᠢᠶᠣᠤ᠎ᠶ᠋ᠢᠨ ᠬᠥᠩᠭᠡᠨᠴᠠᠭᠠᠨ᠎ᠤ ᠠᠵᠤ ᠦᠶ᠋ᠯᠡᠰ᠎ᠦᠨ 《ᠨᠡᠭᠦᠷᠡᠰᠦᠨ ᠴᠠᠬᠢᠯᠭᠠᠨ ᠵᠢᠡᠷ ᠬᠥᠩᠭᠡᠨᠴᠠᠭᠠᠨ ᠦᠢᠯᠡᠳᠪᠦᠷᠢᠯᠡᠬᠦ》 ᠡᠴᠡ 《ᠪᠤᠬᠢᠷᠳᠤᠯ ᠦᠭᠡᠢ ᠴᠠᠬᠢᠯᠭᠠᠨ ᠵᠢᠡᠷ ᠬᠥᠩᠭᠡᠨᠴᠠᠭᠠᠨ ᠦᠢᠯᠡᠳᠪᠦᠷᠢᠯᠡᠬᠦ》 ᠲᠡᠢᠰᠢ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠪᠠ᠃

ᠲᠦᠩᠯᠢᠶᠣᠤ ᠬᠤᠳᠠ᠎ᠶ᠋ᠢᠨ ᠪᠤᠬᠢᠷᠳᠤᠯ ᠦᠭᠡᠢ ᠡᠨᠧᠷᠭᠢ ᠪᠣᠯᠤᠨ ᠠᠵᠤ ᠦᠢᠯᠡᠰ᠎ᠢ ᠵᠣᠬᠢᠴᠠᠭᠤᠯᠤᠨ ᠨᠡᠭᠡᠭᠡᠨ ᠬᠥᠭ᠌ᠵᠢᠭᠦᠯᠬᠦ᠌ ᠱᠢᠨ᠎ᠡ᠎ᠶ᠋ᠢ ᠡᠭᠦᠳᠬᠦ᠌ ᠦᠢᠯᠡᠳᠦᠯᠭᠡ ᠪᠣᠯ ᠥᠪᠥᠷ ᠮᠣᠩᠭᠣᠯ᠎ᠤᠨ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠭ᠍ᠰᠠᠨ᠎ᠤ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠤ᠋ᠨ ᠬᠢᠨ ᠴᠢᠨᠠᠷ ᠰᠠᠢᠲᠠᠶ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ ᠲᠠᠢ ᠨᠢᠭᠳᠠ ᠤᠶᠠᠯᠳᠤᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠶ ᠠᠭᠤᠰᠤᠯᠴᠠᠭᠤᠯᠬᠤ ᠡᠨᠡ ᠬᠦ᠌ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠲᠣᠭᠣᠷᠢᠨ᠎ᠳᠤ᠂ ᠭᠠᠵᠠᠷ ᠣᠷᠣᠨ᠎ᠤ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ ᠡᠨᠡ ᠬᠦ᠌ ᠬᠠᠷᠠᠯᠲᠠ᠎ᠶ᠋ᠢ ᠪᠠᠳᠤ ᠡᠵᠡᠮᠳᠡᠵᠤ᠂ ᠤᠯᠠᠮᠵᠢᠯᠠᠯᠲᠤ ᠠᠵᠤ ᠦᠶ᠋ᠯᠡᠰ ᠢ᠋ 《ᠰᠢᠨᠡᠳᠭᠡᠵᠤ》᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠢ᠋ 《ᠲᠦᠷᠭᠡᠳᠭᠡᠵᠤ》᠂ ᠢᠷᠡᠭᠡᠳᠦᠶ᠎ᠶ᠋ᠢᠨ ᠠᠵᠤ ᠦᠶ᠋ᠯᠡᠰ ᠢ᠋ 《ᠦᠨᠳᠦᠰᠦᠯᠡᠭᠦᠯᠵᠤ》᠂ ᠴᠢᠨᠠᠷ ᠰᠠᠢᠲᠠᠶ ᠬᠥᠭ᠌ᠵᠢᠯᠲᠡ᠎ᠶ᠋ᠢᠨ ᠨᠠᠩ ᠶᠡᠬᠡ ᠱᠢᠪᠲᠤᠯᠤᠯᠲᠠ᠎ᠲᠠᠶ ᠪᠣᠯᠬᠤ᠎ᠶ᠋ᠢ ᠴᠢᠷᠮᠠᠢᠨ ᠠᠬᠢᠭᠤᠯᠪᠠ᠃

《ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠬᠤ ᠳ᠋ᠤ᠂ 〈ᠳᠤᠤᠷ᠎ᠠ ᠲᠠᠰ᠎ᠤᠨ ᠠᠵᠤ ᠦᠶ᠋ᠯᠡᠰ〉 ᠢ᠋ ᠲᠠᠶᠠᠭᠳᠠᠬᠤ ᠶᠠᠪᠤᠳᠠᠯ ᠭᠡᠵᠤ ᠳᠦᠭᠦᠮᠬᠡᠨ ᠵᠢᠡᠷ ᠤᠢᠯᠠᠭᠠᠵᠤ ᠪᠤᠯᠬᠤ ᠥᠬᠡᠶ》᠂ ᠥᠪᠥᠷ ᠮᠣᠩᠭᠣᠯ ᠡᠬᠢ ᠪᠠᠶᠠᠯᠢᠭ᠎ᠤᠨ ᠳᠠᠪᠠᠭᠤᠯᠢᠭ ᠪᠣᠯᠤᠨ ᠠᠵᠤ ᠦᠢᠯᠡᠰ᠎ᠦᠨ ᠰᠠᠭᠤᠷᠢ᠎ᠳᠠᠭᠠᠨ ᠰᠠᠭᠤᠷᠢᠯᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠤᠯᠠᠮᠵᠢᠯᠠᠯᠲᠤ ᠠᠵᠤ ᠦᠢᠯᠡᠰ᠎ᠤᠨ ᠤᠶᠤᠨᠴᠢᠯᠠᠯᠳᠠ᠂ ᠪᠣᠬᠢᠷᠲᠤᠯ ᠦᠭᠡᠢ᠌ᠵᠢᠯᠳᠠ᠂ ᠳᠡᠭᠡᠳᠦ ᠳᠡᠰᠵᠢᠯᠳᠠ ᠲᠡᠢᠰᠢ ᠤᠷᠤᠭ᠍ᠰᠢᠯᠠᠬᠤ᠎ᠶ᠋ᠢ ᠠᠬᠢᠭᠤᠯᠵᠤ᠂ ᠪᠣᠳᠠᠲᠠᠢ ᠠᠵᠢᠯ ᠪᠣᠳᠠᠲᠤ ᠦᠷ᠎ᠡ ᠪᠦᠲᠦᠮᠵᠢ᠎ᠪᠠᠷ ᠴᠠᠭ ᠦᠶ᠎ᠡ᠎ᠶ᠋ᠢᠨ ᠰᠡᠳᠦᠪ᠎ᠢ ᠬᠠᠷᠢᠭᠤᠯᠪᠠ᠃

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠤᠯᠤᠰ᠎ᠤᠨ ᠮᠡᠷᠭᠡᠵᠢᠯ ᠲᠣᠨᠣᠭ᠍ᠯᠠᠯ᠂ ᠡᠨᠧᠷᠭᠢ᠎ᠶ᠋ᠢᠨ ᠠᠱᠢᠭ᠍ᠯᠠᠮᠵᠢ᠎ᠶ᠋ᠢᠨ ᠭᠠᠳᠠᠭ᠍ᠰᠢᠯᠠᠭᠤᠯᠤᠯᠲᠠ᠎ᠶ᠋ᠢᠨ ᠲᠡᠷᠢᠭᠦᠨ᠎ᠦ ᠲᠦᠪᠱᠢᠨ᠎ᠢᠶᠡᠷ ᠪᠠᠷᠢᠮᠵᠢᠶᠠᠯᠠᠵᠤ᠂ ᠪᠣᠯᠣᠳ ᠲᠡᠮᠦᠷ᠂ ᠲᠡᠮᠦᠷ᠎ᠦᠨ ᠬᠠᠢᠯᠤᠰᠢ᠂ ᠴᠠᠬᠢᠯᠠᠭᠤᠷ ᠴᠢᠯᠠᠭᠤ ᠵᠡᠷᠭᠡ 6 ᠶᠡᠬᠡ ᠠᠵᠢᠯ ᠲᠥᠷᠥᠯ᠎ᠦᠨ ᠵᠥᠪᠱᠢᠶᠡᠷᠡᠨ ᠣᠷᠣᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠬᠢᠵᠠᠭᠠᠷᠯᠠᠬᠤ ᠲᠥᠷᠥᠯ᠎ᠦᠨ ᠦᠶ᠋ᠯᠡᠳᠪᠦᠷᠢᠯᠡᠯ ᠤ᠋ᠨ ᠴᠢᠳᠠᠪᠤᠷᠢ ᠵᠢ ᠲᠠᠶᠠᠭᠳᠠᠬᠤ᠎ᠶ᠋ᠢ ᠲᠦᠷᠭᠡᠳᠭᠡᠵᠦ᠍᠂ ᠪᠣᠯᠣᠳ ᠲᠡᠮᠦᠷ᠂ ᠬᠡᠸ᠋ᠷᠱᠢᠭᠦᠯᠬᠦ᠌᠂ ᠴᠠᠬᠢᠯᠠᠭᠤᠷ ᠴᠢᠯᠠᠭᠤ᠂ ᠲᠡᠮᠦᠷ᠎ᠦᠨ ᠬᠠᠢᠯᠤᠰᠢ ᠵᠡᠷᠭᠡ ᠬᠢᠵᠠᠭᠠᠷᠯᠠᠬᠤ ᠲᠥᠷᠥᠯ᠎ᠦᠨ ᠦᠶ᠋ᠯᠡᠳᠪᠦᠷᠢᠯᠡᠯ ᠤ᠋ᠨ ᠴᠢᠳᠠᠪᠤᠷᠢ᠎ᠶ᠋ᠢ ᠨᠡᠢᠲᠡ 3100 ᠲᠦᠮᠡᠨ ᠲᠣᠨ ᠡᠴᠡ ᠳᠡᠭᠡᠭ᠌ᠰᠢ ᠲᠠᠶᠠᠭᠳᠠᠵᠤ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠭᠤᠤᠯᠳᠠᠯᠭ᠎ᠠ᠎ᠲᠠᠶ ᠠᠵᠢᠯ ᠲᠥᠷᠥᠯ᠎ᠦᠨ 33 ᠵᠦᠶ᠋ᠯ᠎ᠦᠨ ᠦᠶ᠋ᠯᠡᠳᠬᠦᠨ᠎ᠦ ᠡᠨᠧᠷᠭᠢ᠎ᠶ᠋ᠢᠨ ᠬᠣᠷᠣᠭ᠍ᠳᠠᠯ᠎ᠤᠨ ᠲᠦᠪᠱᠢᠨ ᠤᠯᠤᠰ᠎ᠤᠨ ᠲᠡᠷᠢᠭᠦᠨ᠎ᠦ ᠲᠦᠪᠰᠢᠨ ᠳ᠋ᠤ ᠬᠦᠷᠴᠦ᠍᠂ ᠣᠲᠣ᠎ᠶ᠋ᠢᠨ ᠪᠠᠢᠭ᠎ᠠ ᠤᠯᠠᠮᠵᠢᠯᠠᠯᠲᠤ ᠠᠵᠢᠯ ᠲᠥᠷᠥᠯ᠎ᠦᠨ ᠮᠡᠷᠭᠡᠵᠢᠯ ᠲᠣᠨᠣᠭ᠍ᠯᠠᠯ᠎ᠤᠨ ᠲᠦᠪᠱᠢᠨ ᠪᠥᠬᠥ᠌ ᠤᠯᠤᠰ᠎ᠲᠤ ᠲᠦᠷᠦᠭᠦᠯᠡᠪᠡ᠃ ᠲᠣᠭᠠᠴᠢᠯᠠᠯᠳᠠ ᠪᠡᠷ ᠬᠦᠴᠦᠨ ᠣᠯᠭᠣᠬᠤ ᠦᠢᠯᠡᠳᠦᠯ ᠦᠷᠭᠦᠯᠵᠢᠯᠡᠨ ᠢᠯᠡᠷᠡᠵᠦ᠍᠂ ᠪᠦᠬᠦ᠌ ᠣᠷᠣᠨ᠎ᠤ ᠡᠭᠦᠯᠡᠨ ᠲᠠᠪᠴᠠᠩ᠎ᠳᠤ ᠭᠠᠷᠤᠭ᠍ᠰᠠᠨ ᠠᠵᠤ ᠠᠬᠤᠢᠯᠠᠯ 2 ᠲᠦᠮᠡ᠎ᠶ᠋ᠢ ᠳᠠᠪᠠᠵᠤ᠂ ᠨᠠᠢᠳᠠ 50 ᠲᠡᠷᠢᠭᠦᠨ᠎ᠦ ᠲᠠᠰ᠎ᠤᠨ ᠣᠶᠤᠨᠳᠤ ᠦᠶ᠋ᠯᠡᠳᠪᠦᠷᠢ᠂ 8 ᠭᠠᠷᠮᠠᠭᠠᠶ ᠲᠠᠰ᠎ᠤᠨ ᠣᠶᠤᠨᠳᠤ ᠦᠶ᠋ᠯᠡᠳᠪᠦᠷᠢ᠂ 34 ᠲᠣᠭᠠᠴᠢᠯᠠᠭ᠍ᠰᠠᠨ ᠬᠡᠪ ᠳᠠᠭᠤᠷᠢᠶᠠᠯ ᠪᠤᠯᠬᠤ ᠠᠵᠤ ᠠᠬᠤᠢᠯᠠᠯ᠎ᠢ ᠪᠠᠢᠭᠤᠯᠪᠠ᠃ ᠤᠯᠠᠮᠵᠢᠯᠠᠯᠲᠤ ᠠᠵᠤ ᠦᠶ᠋ᠯᠡᠰ᠎ᠦᠨ 《ᠣᠶᠤᠨᠴᠢ ᠠᠭᠤᠯᠤᠭ᠍ᠳᠠᠴᠠ》 ᠢᠯᠡᠳᠲᠡ ᠳᠡᠭᠡᠭ᠌ᠰᠢᠯᠡᠵᠦ᠍᠂ 《ᠪᠤᠬᠢᠷᠳᠤᠯ ᠦᠭᠡᠢ ᠠᠭᠤᠯᠤᠭ᠍ᠳᠠᠴᠠ》 ᠲᠣᠭ᠍ᠲᠠᠭᠤᠨ᠎ᠢᠶᠠᠷ ᠨᠡᠮᠡᠭ᠌ᠳᠡᠨ᠂ 《ᠦᠨ᠎ᠡ ᠥᠷᠲᠡᠭ》 ᠨᠢ ᠲᠠᠰᠤᠷᠠᠯᠲᠠ ᠥᠬᠡᠶ ᠢᠯᠡᠷᠡᠵᠦ᠍᠂ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠬᠦᠴᠦᠷᠬᠡᠭ ᠶᠡᠬᠡ ᠤᠶᠠᠨ ᠬᠠᠲᠠᠨ ᠴᠢᠨᠠᠷ ᠪᠠ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃

ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠬᠤ ᠲᠠᠯ᠎ᠠ᠎ᠪᠠᠷ᠂ ᠥᠪᠥᠷ ᠮᠣᠩᠭᠣᠯ ᠠᠵᠤ ᠦᠶ᠋ᠯᠡᠰ᠎ᠦᠨ ᠬᠡᠯᠬᠢᠶ᠎ᠡ᠎ᠶ᠋ᠢᠨ ᠰᠡᠳᠭᠢᠬᠦᠶ᠂ ᠪᠦᠯᠦᠭ᠌ᠵᠢᠭᠦᠯᠬᠦ᠌ ᠤᠳᠤᠷᠢᠳᠤᠮᠵᠢ᠎ᠶ᠋ᠢ ᠪᠠᠷᠢᠮᠲᠠᠯᠠᠵᠤ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ᠂ ᠳᠡᠭᠡᠳᠦ ᠲᠠᠰ᠎ᠤᠨ ᠲᠣᠨᠣᠭ᠍ᠯᠠᠯ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠣᠨᠢᠨ ᠳᠡᠭᠡᠷ᠎ᠡ᠎ᠨᠢ ᠬᠦᠴᠦᠯᠡᠵᠦ᠍᠂ ᠭᠤᠤᠯᠳᠠᠯᠭ᠎ᠠ᠎ᠲᠠᠶ ᠱᠢᠪᠲᠤᠯᠤᠯᠲᠠ ᠬᠢᠵᠦ᠍᠂ ᠨᠢᠭᠡ ᠪᠦᠯᠦᠭ ᠭᠤᠤᠯᠯᠠᠬᠤ ᠥᠷᠢᠰᠥᠯᠳᠦᠬᠦ᠌ ᠬᠦᠴᠦᠨ᠎ᠪᠦᠬᠦᠢ ᠠᠵᠤ ᠦᠶ᠋ᠯᠡᠰ᠎ᠦᠨ ᠪᠦᠯᠦᠭ᠌ᠵᠢᠯ᠎ᠢ ᠪᠣᠢᠵᠢᠭᠤᠯᠤᠨ ᠪᠦᠷᠢᠯᠳᠦᠭᠦᠯᠵᠡᠶ᠃ ᠪᠤᠭᠤᠲᠤ᠎ᠶ᠋ᠢᠨ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠪᠦᠯᠦᠭᠵᠢᠯ᠂ ᠣᠷᠳᠣᠰ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭᠵᠢᠯ᠂ ᠬᠥᠬᠡᠬᠣᠲᠠ᠎ᠶ᠋ᠢᠨ ᠴᠠᠭᠠᠨ ᠢᠳᠡᠭᠡᠨ᠎ᠦ ᠪᠦᠯᠦᠭᠵᠢᠯ ᠠᠮᠵᠢᠯᠲᠠ᠎ᠲᠠᠶ᠎ᠪᠠᠷ ᠤᠯᠤᠰ᠎ᠤᠨ ᠲᠡᠷᠢᠭᠦᠨ᠎ᠦ ᠦᠶ᠋ᠯᠡᠳᠬᠦ᠌ ᠦᠶ᠋ᠯᠡᠰ᠎ᠦᠨ ᠪᠦᠯᠦᠭᠵᠢᠯ᠎ᠳᠦ ᠣᠷᠣᠪᠠ᠃ ᠤᠳᠤ᠂ ᠥᠪᠥᠷ ᠮᠣᠩᠭᠣᠯ ᠨᠢᠭᠡᠨᠲᠡ ᠪᠥᠬᠥ᠌ ᠤᠯᠤᠰ᠎ᠤᠨ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ᠍ᠯᠠᠯ᠎ᠤᠨ ᠠᠵᠤ ᠦᠶ᠋ᠯᠡᠰ᠎ᠦᠨ ᠬᠡᠯᠬᠢᠶ᠎ᠡ᠎ᠪᠡᠷ ᠬᠠᠮᠤᠭ᠎ᠤᠨ ᠪᠦᠷᠢᠨ᠂ ᠪᠦᠯᠦᠭᠵᠢᠯ ᠤ᠋ᠨ ᠬᠡᠪᠴᠢᠶ᠎ᠡ᠎ᠪᠡᠷ ᠬᠠᠮᠤᠭ᠎ᠤᠨ ᠶᠡᠬᠡ ᠬᠠᠭᠤᠷᠠᠶ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ᠍ᠯᠠᠯ ᠦᠶ᠋ᠯᠡᠳᠬᠦ᠌ ᠰᠠᠭᠤᠷᠢᠨ᠎ᠢ ᠪᠠᠢᠭᠤᠯᠵᠤ᠂ ᠬᠡᠷᠡᠯᠴᠢ ᠴᠡᠨᠡᠭ᠎ᠦᠨ ᠲᠣᠨᠣᠭ᠍ᠯᠠᠯ᠎ᠤᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠡᠮᠦᠨ᠎ᠡ ᠬᠡᠰᠡᠭ᠎ᠲᠦ ᠪᠥᠬᠥ᠌ ᠪᠥᠮᠪᠥᠷᠴᠡᠭ ᠲᠤ᠌ ᠥᠷᠢᠰᠥᠯᠳᠦᠬᠦ ᠳᠠᠪᠠᠭᠤᠯᠢᠭ᠎ᠢ ᠪᠦᠷᠢᠯᠳᠦᠭᠦᠯᠵᠦ᠍᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ᠎ᠤᠨ ᠦᠶ᠋ᠯᠡᠳᠪᠦᠷᠢᠯᠡᠯ᠎ᠤᠨ ᠴᠢᠳᠠᠪᠤᠷᠢ᠎ᠨᠢ ᠴᠥᠮ ᠯᠠᠪᠳᠠᠭᠤᠨ᠎ᠢᠶᠡᠷ ᠪᠥᠬᠥ᠌ ᠤᠯᠤᠰ᠎ᠤᠨ ᠲᠦᠷᠦᠬᠦᠨ᠎ᠳᠦ  ᠪᠠᠢᠷᠢᠯᠠᠵᠤ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠨᠢ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ 《ᠠᠯᠲᠠᠨ ᠥᠰᠥᠭ᠌ᠲᠦ ᠲᠡᠮᠳᠡᠭ ᠱᠤᠱᠢᠭ᠎ᠠ》 ᠪᠣᠯᠵᠠᠶ᠃

ᠬᠦᠴᠦᠷᠬᠡᠭ ᠶᠡᠬᠡ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠨᠢ ᠪᠣᠬᠢᠷᠲᠤᠯ ᠥᠬᠡᠶ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠥᠷᠨᠢᠨ ᠬᠥᠭ᠌ᠵᠢᠬᠦ᠌᠎ᠶ᠋ᠢ ᠦᠷᠭᠦᠯᠵᠢᠯᠡᠨ ᠨᠥᠯᠥᠭᠡᠯᠡᠵᠦ᠍᠂ ᠴᠣ ᠱᠢᠨ᠎ᠡ ᠠᠵᠤ ᠠᠬᠤᠶ᠎ᠶ᠋ᠢᠨ ᠨᠡᠮᠡᠭ᠌ᠳᠡᠯ᠎ᠦᠨ ᠲᠤᠢᠯ᠎ᠢ ᠪᠣᠶ ᠪᠣᠯᠭᠠᠪᠠ᠃

2025 ᠣᠨ᠎ᠤ 7 ᠰᠠᠷ᠎ᠠ᠎ᠳᠤ᠂ ᠪᠥᠬᠥ᠌ ᠳᠡᠯᠡᠬᠡᠶ᠎ᠶ᠋ᠢᠨ ᠬᠠᠮᠤᠭ᠎ᠤᠨ ᠲᠣᠮᠣ ᠨᠡᠭᠦᠷᠡᠰᠦᠲᠥ᠋ᠷᠥᠭ᠌ᠴᠢ ᠦᠬᠡᠢ ᠤᠰᠤᠲᠥ᠋ᠷᠥᠭ᠌ᠴᠢ ᠱᠢᠪᠲᠦᠷ᠎ᠦᠨ ᠲᠥᠷᠥᠯ ᠵᠦᠶ᠋ᠯ — ᠶᠤᠸᠠᠨ ᠵᠢᠩ ᠤᠯᠠᠭᠠᠨᠬᠠᠳᠠ᠎ᠶ᠋ᠢᠨ 152 ᠲᠦᠮᠡᠨ ᠲᠣᠨ᠎ᠤ ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ᠎ᠦᠨ ᠲᠥᠷᠥᠯ ᠵᠦᠶ᠋ᠯ᠎ᠦᠨ ᠠᠩᠬᠠᠨ᠎ᠤ ᠬᠤᠭᠤᠴᠠᠭᠠᠨ᠎ᠤ 32 ᠲᠦᠮᠡᠨ ᠲᠣᠨ᠎ᠤ ᠢᠨᠵᠧᠨᠧᠷᠢᠩ ᠤᠯᠠᠭᠠᠨᠬᠠᠳᠠ ᠬᠣᠲᠠ᠎ᠳᠤ ᠠᠱᠢᠭ᠍ᠯᠠᠯᠲᠠ᠎ᠳᠤ ᠣᠷᠣᠪᠠ᠃ ᠲᠦᠷᠦᠯ ᠵᠦᠢᠯ ᠨᠢ 《ᠰᠠᠯᠬᠢᠨ᠎ᠤ ᠠᠶ᠎ᠠ᠎ᠪᠠᠷ ᠬᠥᠳᠡᠯᠬᠦ᠌》 ᠬᠥᠳᠡᠯᠦᠩᠭᠦᠢ ᠦᠢᠯᠡᠳᠪᠦᠷᠢᠯᠡᠯ᠎ᠦᠨ ᠮᠡᠷᠭᠡᠵᠢᠯ᠎ᠢᠶᠡᠷ ᠰᠠᠯᠬᠢ ᠭᠡᠷᠡᠯ᠎ᠢ ᠤᠰᠤᠲᠦ᠋ᠷᠦᠭᠴᠢᠵᠢᠬᠥᠯᠥᠨ ᠬᠠᠳᠠᠭᠠᠯᠠᠬᠤ ᠪᠣᠯᠤᠨ ᠤᠰᠤᠲᠥ᠋ᠷᠥᠭ᠌ᠴᠢ ᠱᠢᠪᠲᠦᠷ᠎ᠦᠨ ᠠᠯᠺᠣᠣᠯ᠎ᠤᠨ ᠦᠢᠯᠡᠳᠪᠦᠷᠢᠯᠡᠯ᠎ᠦᠨ ᠥᠨᠳᠥᠷ ᠪᠦᠲᠦᠮᠵᠢᠲᠡᠢ ᠡᠪᠴᠡᠯᠳᠦᠯ᠎ᠢ ᠪᠡᠶᠡᠯᠡᠭᠦᠯᠵᠦ᠍᠂ ᠮᠠᠨ᠎ᠤ ᠤᠯᠤᠰ᠎ᠤᠨ ᠳᠡᠯᠡᠬᠡᠢ᠎ᠶ᠋ᠢᠨ ᠨᠡᠭᠦᠷᠡᠰᠦᠲᠥ᠋ᠷᠥᠭ᠌ᠴᠢ ᠦᠭᠡᠢ ᠱᠢᠪᠲᠦᠷ᠎ᠦᠨ ᠮᠡᠷᠭᠡᠵᠢᠯ᠎ᠦᠨ ᠬᠦᠷᠢᠶᠡᠨ᠎ᠳᠦ ᠴᠢᠬᠤᠯᠠ ᠶᠡᠬᠡ ᠱᠢᠪᠲᠤᠯᠤᠯᠲᠠ᠎ᠲᠠᠶ ᠪᠣᠯᠤᠭ᠍ᠰᠠᠨ᠎ᠢ ᠬᠠᠷᠠᠭᠤᠯᠵᠤ ᠪᠠᠢᠨ᠎ᠠ᠃ ᠣᠳᠣᠬᠠᠨ᠎ᠳᠤ ᠨᠢᠭᠡᠨᠲᠡ ᠱᠢᠩᠭᠠᠫᠣᠷ ᠵᠡᠷᠭᠡ ᠭᠠᠵᠠᠷ᠎ᠲᠤ ᠪᠣᠷᠣᠯᠠᠭᠤᠯᠵᠤ᠂ ᠣᠩᠭᠣᠴᠠ ᠰᠠᠯ᠎ᠤᠨ ᠲᠦᠯᠡᠰᠢ ᠪᠠ ᠴᠡᠪᠡᠷ ᠴᠠᠬᠢᠯᠭᠠᠨ ᠭᠠᠷᠭᠠᠬᠤ᠎ᠳᠤ ᠬᠡᠷᠡᠭ᠌ᠯᠡᠵᠦ᠍ ᠪᠠᠢᠨ᠎ᠠ᠃

ᠤᠯᠤᠰ᠎ᠤᠨ 《ᠵᠡᠭᠦᠨᠳᠡᠬᠢ ᠳ᠋ᠠᠢᠲ᠋ᠠ ᠵᠢ ᠪᠠᠷᠠᠭᠤᠨᠳᠠᠬᠢ ᠪᠤᠳᠤᠯᠳᠠ ᠵᠢᠨ ᠬᠦᠴᠦᠨ᠎ᠢᠶᠡᠷ ᠲᠤᠯᠭᠠᠭᠤᠷᠢᠯᠠᠬᠤ》 ᠢᠨᠵᠧᠨᠧᠷᠢᠩ᠎ᠦᠨ ᠨᠠᠶ᠋ᠮᠠᠨ ᠶᠡᠬᠡ ᠬᠦᠶ᠋ᠰᠦ ᠠᠷᠪᠠᠨ ᠲᠣᠮᠣ ᠳ᠋ᠠᠢᠲ᠋ᠠ᠎ᠶ᠋ᠢᠨ ᠲᠥᠪ᠎ᠦᠨ ᠴᠤᠭ᠍ᠯᠠᠷᠠᠯ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠬᠣᠷᠢᠨᠭᠡᠷ ᠱᠢᠨ᠎ᠡ ᠲᠣᠭᠣᠷᠢᠭ 《ᠪᠣᠬᠢᠷᠲᠤᠯ ᠥᠬᠡᠶ ᠴᠠᠬᠢᠯᠭᠠᠨ + ᠪᠤᠳᠤᠯᠳᠠ ᠵᠢᠨ ᠬᠦᠴᠦᠨ + ᠠᠵᠤ ᠦᠶ᠋ᠯᠡᠰ》 ᠤ᠋ᠨ ᠬᠠᠮᠵᠢᠯᠴᠠᠬᠤ ᠱᠢᠰᠲ᠋ᠧᠮ᠎ᠢ ᠲᠦᠷᠭᠡᠳᠬᠡᠨ ᠪᠠᠢᠭᠤᠯᠵᠤ᠂ ᠲᠣᠭᠠᠴᠢᠯᠠᠭ᠍ᠰᠠᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠪᠠᠲᠤ ᠪᠠᠬᠢ ᠰᠠᠭᠤᠷᠢ᠎ᠶ᠋ᠢ ᠪᠡᠬᠢᠵᠢᠭᠦᠯᠪᠡ᠃ ᠣᠳᠣᠬᠠᠨ᠎ᠳᠤ᠂ ᠨᠢᠭᠡᠨᠲᠡ ᠳᠤᠮᠳᠠᠳᠤ ᠤᠯᠤᠰ᠎ᠤᠨ ᠱᠢᠯᠵᠢᠮᠡᠯ ᠬᠤᠯᠪᠤᠭ᠎ᠠ ᠵᠢᠨ ᠤᠶᠤᠨᠲᠤ ᠪᠣᠳᠣᠯᠳᠠ᠎ᠶ᠋ᠢᠨ ᠲᠥᠪ᠂ ᠳᠤᠮᠳᠠᠳᠤ ᠤᠯᠤᠰ᠎ᠤᠨ ᠴᠠᠬᠢᠯᠭᠠᠨ ᠬᠣᠯᠪᠣᠭ᠎ᠠ ᠵᠢᠨ ᠡᠭᠦᠯᠡᠨ ᠪᠤᠳᠤᠯᠲᠠ᠎ᠶ᠋ᠢᠨ ᠮᠡᠳᠡᠭᠡ ᠵᠠᠩᠭᠢ᠎ᠶ᠋ᠢᠨ ᠬᠦᠷᠢᠶᠡᠯᠡᠩ ᠵᠡᠷᠭᠡ᠎ᠶ᠋ᠢ ᠪᠠᠭ᠍ᠲᠠᠭᠠᠭ᠍ᠰᠠᠨ ᠬᠡᠳᠦᠨ ᠠᠷᠪᠠᠨ ᠳ᠋ᠠᠢᠲ᠋ᠠ᠎ᠶ᠋ᠢᠨ ᠲᠥᠪ᠎ᠦᠨ ᠲᠥᠷᠥᠯ ᠵᠦᠶ᠋ᠯ᠎ᠢ ᠨᠠᠢᠳᠠᠪᠤᠷᠢᠵᠢᠭᠤᠯᠵᠤ᠂ ᠶᠡᠷᠦᠩᠬᠡᠶ ᠪᠤᠳᠤᠯᠳᠠ ᠵᠢᠨ ᠬᠦᠴᠦᠨ᠎ᠦ ᠬᠡᠪᠴᠢᠶ᠎ᠡ᠎ᠨᠢ 12.5 ᠲᠦᠮᠡᠨ P᠎ᠳ᠋ᠤ ᠬᠦᠷᠴᠡᠶ᠃

ᠥᠪᠡᠷᠮᠢᠴᠡ ᠤᠨᠴᠠᠭᠠᠢ ᠳᠠᠪᠠᠭᠤᠯᠢᠭ᠎ᠪᠦᠬᠦᠢ ᠪᠤᠬᠢᠷᠳᠤᠯ ᠦᠭᠡᠢ ᠴᠠᠬᠢᠯᠭᠠᠨ᠎ᠤ ᠡᠬᠢ ᠪᠠᠶᠠᠯᠢᠭ ᠲᠠᠭᠠᠨ ᠲᠦᠱᠢᠭ᠌ᠯᠡᠨ᠂ ᠥᠪᠥᠷ ᠮᠣᠩᠭᠣᠯ ᠱᠢᠨ᠎ᠡ ᠡᠨᠧᠷᠭᠢ ᠪᠣᠯᠤᠨ ᠪᠤᠳᠤᠯᠳᠠ ᠵᠢᠨ ᠬᠦᠴᠦᠨ᠂ ᠲᠠᠯᠠᠰᠲᠤ ᠴᠠᠬᠢᠭᠤᠷ᠂ ᠬᠠᠢᠯᠤᠰᠢ᠎ᠶ᠋ᠢᠨ ᠱᠢᠨ᠎ᠡ ᠮᠠᠲ᠋ᠧᠷᠢᠶᠠᠯ ᠵᠡᠷᠭᠡ ᠠᠵᠤ ᠦᠶ᠋ᠯᠡᠰ᠎ᠦᠨ ᠠᠭᠤᠰᠤᠯᠴᠠᠨ ᠬᠥᠭ᠌ᠵᠢᠬᠦ᠌᠂ ᠬᠠᠷᠢᠯᠴᠠᠨ ᠠᠬᠢᠭᠤᠯᠵᠤ ᠬᠠᠷᠢᠯᠴᠠᠨ ᠲᠠᠪᠰᠢᠬᠤ᠎ᠶ᠋ᠢ ᠰᠦᠪᠡᠭ᠌ᠴᠢᠯᠡᠪᠡ᠃ ᠥᠪᠥᠷ ᠮᠣᠩᠭᠣᠯ 3 ᠭᠷᠠᠳᠦ᠋ᠰ ᠴᠠᠬᠢᠯᠭᠠᠨ ᠭᠠᠷᠭᠠᠬᠤ ᠪᠦᠷᠢ 1 ᠭᠷᠠᠳᠦ᠋ᠰ ᠢᠯᠡᠭᠦᠦ ᠨᠢ ᠱᠢᠨ᠎ᠡ ᠡᠨᠧᠷᠭᠢ᠎ᠡᠴᠡ ᠢᠷᠡᠯᠲᠡ᠎ᠲᠡᠶ ᠶᠤᠮ᠃

ᠢᠷᠡᠭᠡᠳᠦᠢ᠎ᠶ᠋ᠢᠨ ᠠᠵᠤ ᠦᠢᠯᠡᠰ ᠨᠢ ᠬᠣᠱᠢᠭᠤᠷᠠᠯ ᠮᠡᠷᠭᠡᠵᠢᠯ᠎ᠢᠶᠡᠷ ᠬᠥᠳᠡᠯᠭᠡᠭᠦᠷ ᠪᠣᠯᠭᠠᠵᠤ᠂ ᠠᠵᠤ ᠦᠢᠯᠡᠰ᠎ᠦᠨ ᠬᠤᠪᠢᠰᠤᠯᠲᠠ᠎ᠶ᠋ᠢ ᠬᠦᠳᠦᠯᠥᠨ ᠳᠠᠭᠠᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠡᠭᠦᠷᠭᠡ᠎ᠶ᠋ᠢ ᠡᠭᠦᠷᠭᠡᠯᠡᠵᠦ᠍᠂ ᠥᠪᠥᠷ ᠮᠣᠩᠭᠣᠯ᠎ᠤᠨ ᠵᠠᠮ ᠰᠤᠯᠢᠨ ᠲᠠᠪᠠᠵᠤ ᠭᠠᠷᠬᠤ᠂ ᠪᠦᠰᠡᠯᠡᠯᠲᠡ᠎ᠶ᠋ᠢ ᠱᠢᠪᠲᠤᠯᠤᠨ ᠬᠥᠭ᠌ᠵᠢᠬᠦ᠌᠎ᠶ᠋ᠢ ᠪᠡᠶᠡᠯᠡᠭᠦᠯᠬᠦ᠌᠎ᠶ᠋ᠢᠨ ᠵᠠᠩᠭᠢᠯᠠᠭ᠎ᠠ ᠪᠣᠯᠪᠠ᠃

ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠢᠷᠡᠭᠡᠳᠦᠶ᠎ᠶ᠋ᠢᠨ ᠠᠵᠤ ᠦᠶ᠋ᠯᠡᠰ᠎ᠢ  ᠪᠡᠷᠡᠯᠡᠯᠳᠤ ᠴᠢᠨᠡᠷᠳᠠᠢ ᠪᠡᠷ ᠪᠠᠢᠷᠢᠱᠢᠭᠤᠯᠵᠤ᠂ 《9 + 5 + 3》 ᠢᠷᠡᠭᠡᠳᠦᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠠᠢᠷᠢᠱᠢᠯ᠎ᠢ ᠪᠣᠶ ᠪᠣᠯᠭᠠᠵᠤ᠂ ᠤᠰᠤᠲᠥ᠋ᠷᠥᠭ᠌ᠴᠢ ᠡᠨᠧᠷᠭᠢ᠂ ᠱᠢᠨ᠎ᠡ ᠬᠡᠯᠪᠡᠷᠢ᠎ᠶ᠋ᠢᠨ ᠡᠨᠧᠷᠭᠢ ᠨᠦᠬᠡᠴᠡᠯᠡᠬᠦ᠂ ᠪᠤᠳᠤᠯᠲᠠ ᠵᠢᠨ ᠬᠦᠴᠦᠨ᠎ᠦ ᠰᠦᠯᠵᠢᠶ᠎ᠡ᠂ ᠤᠢᠷ᠎ᠠ ᠤᠭᠳᠠᠷᠭᠤᠢ ᠵᠢᠨ ᠠᠵᠤ ᠠᠬᠤᠶ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠣᠱᠢᠭᠤᠷᠠᠯ ᠠᠵᠤ ᠦᠶ᠋ᠯᠡᠰ᠎ᠢ ᠭᠤᠤᠯᠳᠠᠯᠭ᠎ᠠ᠎ᠲᠠᠶ ᠪᠣᠢᠵᠢᠭᠤᠯᠵᠤ᠂ ᠢᠷᠡᠭᠡᠳᠦᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠠᠱᠢᠭ᠍ᠲᠠᠶ ᠪᠠᠢᠷᠢ᠎ᠶ᠋ᠢ ᠪᠥᠬᠥ᠌ ᠬᠦᠴᠦᠨ᠎ᠢᠶᠡᠷ᠎ᠢᠶᠡᠨ ᠡᠵᠡᠯᠡᠪᠡ᠃ ᠣᠳᠣᠬᠠᠨ᠎ᠳᠤ᠂ ᠤᠢᠷ᠎ᠠ ᠤᠭᠳᠠᠷᠭᠤᠢ ᠵᠢᠨ ᠠᠵᠤ ᠠᠬᠤᠶ᠎ᠶ᠋ᠢᠨ ᠪᠣᠭᠣᠮᠲᠠ ᠱᠢᠪᠲᠤᠯᠬᠤ ᠠᠵᠢᠯ ᠡᠬᠢᠯᠡᠵᠦ᠍᠂ ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ᠎ᠦᠨ ᠠᠯᠺᠣᠣᠯ᠎ᠤᠨ ᠠᠵᠤ ᠦᠶ᠋ᠯᠡᠰ ᠲᠦᠷᠭᠡᠨ ᠬᠥᠭ᠌ᠵᠢᠵᠦ᠍᠂ ᠱᠢᠨ᠎ᠡ ᠬᠡᠯᠪᠡᠷᠢ᠎ᠶ᠋ᠢᠨ ᠡᠨᠧᠷᠭᠢ ᠨᠦᠬᠡᠴᠡᠯᠡᠬᠦ ᠱᠢᠰᠲ᠋ᠧᠮ ᠣᠯᠠᠨ ᠲᠥᠷᠥᠯ ᠬᠡᠯᠪᠡᠷᠢ᠎ᠶ᠋ᠢ ᠪᠡᠶᠡᠯᠡᠭᠦᠯᠵᠦ᠍᠂ ᠢᠷᠡᠭᠡᠳᠦᠶ᠎ᠶ᠋ᠢᠨ ᠠᠵᠤ ᠦᠶ᠋ᠯᠡᠰ᠎ᠦᠨ 《ᠦᠷ᠎ᠡ》 ᠶᠠᠭ ᠡᠨᠡ ᠬᠦ᠌ ᠬᠠᠯᠠᠭᠤᠨ ᠬᠥᠷᠥᠰᠥᠨ᠎ᠳᠦ ᠬᠦᠨ ᠦᠨᠳᠦᠰᠦᠯᠡᠵᠦ᠍᠂  ᠲᠦᠷᠭᠡᠨ ᠦᠰᠦᠨ ᠪᠣᠢᠵᠢᠵᠤ ᠪᠠᠢᠨ᠎ᠠ᠃

ᠱᠢᠨ᠎ᠡ᠎ᠶ᠋ᠢ ᠡᠭᠦᠳᠬᠦ᠌ ᠪᠣᠯ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ᠌ ᠬᠦᠴᠦᠨ ᠮᠥᠨ᠂ ᠨᠠᠩ ᠴᠤ᠌ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠭᠤᠤᠯ ᠲᠤᠯᠭᠠᠭᠤᠷᠢᠯᠠᠯ ᠮᠥᠨ᠃

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ᠎ᠤᠨ ᠬᠢᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠤᠨ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠪᠠᠷ ᠶᠡᠷᠦᠩᠬᠡᠢᠯᠡᠨ ᠵᠢᠯᠣᠭᠣᠳᠣᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 《ᠪᠦᠰᠡᠯᠡᠯᠳᠡ ᠱᠢᠪᠲᠤᠯᠬᠤ》 ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠰᠠᠭᠤᠷᠢ ᠪᠣᠳᠠᠲᠤ ᠬᠦᠴᠦᠨ᠎ᠢ ᠶᠡᠬᠡ᠎ᠪᠡᠷ ᠳᠡᠭᠡᠭ᠌ᠰᠢᠯᠡᠭᠦᠯᠦᠨ᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠢᠯᠡᠳᠲᠡ ᠴᠢᠩᠭᠠᠷᠠᠭᠤᠯᠵᠤ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ ᠯᠠᠪᠳᠠᠭᠤᠨ ᠪᠠᠲᠤᠲᠠᠶ ᠠᠯᠬᠤᠮ᠎ᠢ ᠠᠯᠬᠤᠪᠠ᠃

5 ᠵᠢᠯ᠎ᠦᠨ ᠲᠤᠷᠰᠢ᠂ ᠥᠪᠥᠷ ᠮᠣᠩᠭᠣᠯ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠲᠡᠦᠬᠡᠲᠦ ᠴᠢᠨᠠᠷᠲᠠᠢ ᠱᠢᠪᠲᠤᠯᠤᠯᠲᠠ᠎ᠶ᠋ᠢ ᠪᠡᠶᠡᠯᠡᠭᠦᠯᠵᠦ᠍᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠴᠢᠳᠠᠪᠤᠷᠢ ᠪᠦᠬᠦ᠌ ᠤᠯᠤᠰ᠎ᠤᠨ ᠬᠣᠷᠢᠳᠤᠭᠠᠷ᠎ᠲᠤ ᠣᠷᠣᠵᠠᠢ;

5 ᠵᠢᠯ᠎ᠦᠨ ᠲᠤᠷᠰᠢ᠂ ᠥᠪᠥᠷ ᠮᠣᠩᠭᠣᠯ᠎ᠤᠨ ᠴᠢᠬᠤᠯᠠ ᠶᠡᠬᠡ ᠱᠢᠨ᠎ᠡ᠎ᠶ᠋ᠢ ᠡᠭᠦᠳᠬᠦ᠌ ᠲᠠᠪᠴᠠᠩ ᠥᠷᠨᠢᠨ ᠬᠥᠭ᠌ᠵᠢᠵᠦ᠍᠂ ᠰᠦ᠍ᠶ᠋ᠨ᠎ᠤ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠂ ᠬᠣᠪᠣᠷ ᠱᠢᠷᠣᠶ᠎ᠶ᠋ᠢᠨ ᠴᠢᠳᠠᠮᠵᠢᠳᠤ ᠮᠠᠲ᠋ᠧᠷᠢᠶᠠᠯ᠎ᠤᠨ ᠱᠢᠨ᠎ᠡ᠎ᠶ᠋ᠢ ᠡᠭᠦᠳᠬᠦ᠌ ᠲᠥᠪ᠂ ᠪᠠᠶᠠᠨᠨᠠᠭᠤᠷ᠎ᠤᠨ ᠲᠠᠷᠢᠶᠠᠯᠠᠩ᠎ᠤᠨ ᠲᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱᠶ᠋ᠶ᠎ᠠ ᠦᠵᠡᠭᠦᠯᠬᠦ ᠤᠷᠤᠨ ᠵᠡᠷᠭᠡ ᠨᠢᠭᠡ ᠪᠦᠯᠦᠭ ᠤᠯᠤᠰ᠎ᠤᠨ ᠲᠠᠰ᠎ᠤᠨ ᠱᠢᠨ᠎ᠡ᠎ᠶ᠋ᠢ ᠡᠭᠦᠳᠬᠦ᠌ ᠲᠠᠪᠴᠠᠩ ᠵᠥᠪᠱᠢᠶᠡᠷᠡᠭ᠌ᠳᠡᠨ ᠨᠠᠢᠳᠠᠪᠤᠷᠢᠵᠢᠭᠤᠯᠤᠭ᠍ᠳᠠᠪᠠ;

5 ᠵᠢᠯ᠎ᠦᠨ ᠲᠤᠷᠰᠢ᠂ ᠥᠪᠥᠷ ᠮᠣᠩᠭᠣᠯ᠎ᠤᠨ ᠠᠵᠤ ᠠᠬᠤᠢᠯᠠᠯ᠎ᠤᠨ ᠭᠤᠤᠯ ᠴᠣᠭ᠍ᠴᠠ᠎ᠶ᠋ᠢᠨ ᠪᠠᠢᠷᠢ ᠰᠠᠭᠤᠷᠢ ᠲᠠᠰᠤᠷᠠᠯᠲᠠ ᠥᠬᠡᠶ ᠴᠢᠩᠭᠠᠷᠠᠵᠤ᠂ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠯᠢᠬᠡᠷ ᠳᠠᠭᠤᠷᠢᠶᠠᠯ ᠠᠵᠤ ᠠᠬᠤᠢᠯᠠᠯ》᠎ᠢ᠋ ᠱᠠᠲᠤᠯᠢᠭ ᠮᠠᠶᠢᠭ᠎ᠢᠶᠡᠷ ᠪᠤᠢᠵᠢᠭᠤᠯᠬᠤ ᠱᠢᠰᠲ᠋ᠧᠮ ᠨᠠᠩ ᠲᠡᠭᠦᠯᠳᠡᠷᠵᠢᠪᠡ ᠁

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠠᠭᠤᠰᠤᠯᠴᠠᠭᠤᠯᠵᠤ᠂ ᠱᠢᠨ᠎ᠡ ᠴᠢᠨᠠᠷ᠎ᠤ᠋ᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠪᠣᠢᠵᠢᠭᠤᠯᠪᠠ᠃ 2025 ᠣᠨ᠎ᠳᠤ᠂ ᠥᠪᠥᠷ ᠮᠣᠩᠭᠣᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠨᠡᠮᠡᠭ᠌ᠳᠡᠯ ᠥᠷᠲᠡᠭ᠂ ᠳᠡᠭᠡᠳᠦ ᠮᠡᠷᠭᠡᠵᠢᠯ᠎ᠦᠨ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ ᠳᠡᠭᠡᠷ᠎ᠡ ᠵᠢᠯ᠎ᠦᠨ᠎ᠬᠢ᠎ᠡᠴᠡ ᠲᠣᠰ ᠲᠣᠰ 9.4% ᠪᠠ 17.5% ᠪᠠᠷ ᠨᠡᠮᠡᠭ᠌ᠳᠡᠪᠡ᠃

《ᠱᠢᠨ᠎ᠡ》 ᠵᠦᠭ ᠤᠷᠤᠭ᠍ᠰᠢᠯᠠᠪᠠᠯ ᠰᠠᠶᠢ ᠡᠭᠦᠷᠭᠡᠯᠡᠯ ᠬᠠᠷᠢᠭᠤᠴᠠᠯᠭ᠎ᠠ ᠵᠢ ᠢᠯᠡᠷᠡᠬᠦᠯᠦᠨ᠎ᠡ; 《ᠴᠢᠨᠠᠷ》 ᠢ᠋ ᠰᠢᠯᠢᠳᠡᠭᠵᠢᠬᠦᠯᠬᠦ ᠪᠡᠷ ᠴᠢᠷᠮᠠᠢᠪᠠᠯ ᠡᠴᠦᠰ᠎ᠲᠡᠬᠡᠨ ᠰᠠᠷᠠᠭᠤᠯ ᠢᠷᠡᠭᠡᠳᠦᠢ᠎ᠵᠢ ᠣᠯᠵᠤ ᠬᠠᠷᠠᠨ᠎ᠠ᠃ ᠶᠠᠪᠤᠵᠤ ᠢᠷᠡᠭᠰᠡᠨ ᠵᠠᠮ᠎ᠢᠶᠠᠨ ᠡᠷᠭᠢᠴᠡᠭᠦᠯᠬᠦᠶ᠎ᠡ᠂ ᠥᠪᠥᠷ ᠮᠣᠩᠭᠣᠯ ᠱᠢᠨ᠎ᠡ᠎ᠶ᠋ᠢ ᠡᠭᠦᠳᠬᠦ᠌᠎ᠪᠡᠷ ᠪᠢᠷ ᠪᠣᠯᠭᠠᠵᠤ᠂ ᠪᠣᠳᠠᠲᠠᠶ ᠠᠵᠢᠯᠯᠠᠬᠤ᠎ᠪᠠᠷ ᠪᠡᠬᠡ ᠪᠣᠯᠭᠠᠨ᠂ ᠠᠵᠤ ᠦᠶ᠋ᠯᠡᠰ᠎ᠦᠨ ᠠᠮᠢ ᠠᠬᠤᠶ᠎ᠶ᠋ᠢ ᠳᠠᠬᠢᠨ ᠱᠤᠭᠤᠵᠤ᠂ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠵᠦ᠍᠂ ᠤᠯᠠᠮᠵᠢᠯᠠᠯᠲᠤ ᠠᠵᠤ ᠦᠶ᠋ᠯᠡᠰ ᠲᠤ᠌ 《ᠰᠢᠨ᠎ᠡ ᠠᠮᠢᠵᠢᠷᠠᠯ᠎ᠤᠨ ᠬᠦᠴᠦᠨ ᠤᠯᠭᠤᠬᠤ》᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ 《ᠨᠢᠯᠬ᠎ᠠ ᠴᠢᠬᠢ ᠵᠢ ᠲᠤᠮᠤ ᠮᠣᠳᠣ ᠪᠣᠯᠭᠠᠬᠤ》᠂ ᠢᠷᠡᠭᠡᠳᠦᠶ᠎ᠶ᠋ᠢᠨ ᠠᠵᠤ ᠦᠶ᠋ᠯᠡᠰ᠎ᠢ 《ᠦᠨᠳᠦᠰᠦᠯᠡᠬᠦᠯᠦᠨ ᠴᠡᠴᠡᠭ᠌ᠯᠡᠬᠦᠯᠬᠦ》᠎ᠶ᠋ᠢ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ ᠲᠣᠭ᠍ᠲᠠᠭᠤᠨ᠎ᠢᠶᠠᠷ ᠠᠭᠢᠵᠤ᠂ ᠦᠯᠡᠮᠵᠢ ᠦᠷ᠎ᠡ ᠪᠦᠲᠦᠭᠡᠯ ᠤᠯᠪᠠ; ᠢᠷᠡᠭᠡᠳᠦᠢ᠎ᠶ᠋ᠢ ᠪᠠᠷᠠᠯᠠᠬᠤᠶ᠎ᠠ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠰᠠᠢ᠌ᠨ ᠰᠠᠢᠬᠠᠨ ᠠᠯᠤᠰ ᠢᠷᠡᠭᠡᠳᠦᠢ ᠡᠷᠴᠢ ᠵᠣᠷᠢᠭ᠎ᠢ ᠬᠥᠪᠴᠢᠯᠡᠨ᠎ᠡ᠃

《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠥᠪᠥᠷ ᠮᠣᠩᠭᠣᠯ ᠬᠡᠷᠬᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠲᠠᠯ᠎ᠠ᠎ᠪᠠᠷ ᠱᠢᠨ᠎ᠡ ᠵᠠᠮ᠎ᠢ ᠨᠡᠭᠡᠭᠡᠵᠦ᠍᠂ ᠱᠢᠨ᠎ᠡ ᠪᠠᠢᠳᠠᠯ᠎ᠢ ᠡᠭᠦᠳᠬᠦ᠌ ᠪᠤᠢ? ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠᠢᠷᠢᠯᠠᠭᠤᠯᠤᠯᠲᠠ ᠬᠢᠪᠡ ᠄ ᠥᠪᠥᠷ ᠮᠣᠩᠭᠣᠯ᠎ᠤᠨ ᠣᠨᠴᠠᠯᠢᠭ ᠪᠠ ᠳᠠᠪᠠᠭᠤᠯᠢᠭ᠎ᠢ ᠢᠯᠡᠷᠡᠬᠦᠯᠦᠭᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠪᠠᠢᠭᠤᠯᠤᠨ᠎ᠠ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ᠎ᠡ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠤᠨ᠎ᠠ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ᠎ᠪᠠᠢᠭᠤᠯᠤᠨ᠎ᠠ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠭᠤᠯᠤᠯᠳᠠ᠎ᠵᠢ ᠱᠢᠯᠢᠳᠡᠭ᠌ᠵᠢᠭᠦᠯᠦᠨ᠎ᠡ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠦᠨ᠎ᠡ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠤᠨ᠎ᠠ ᠁ ᠡᠨᠡ ᠳᠣᠯᠣᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠂ ᠥᠪᠥᠷ ᠮᠣᠩᠭᠣᠯ᠎ᠤᠨ ᠣᠨᠴᠠᠯᠢᠭ ᠪᠠ ᠳᠠᠪᠠᠭᠤᠯᠢᠭ᠎ᠲᠤ ᠰᠠᠭᠤᠷᠢᠯᠠᠵᠤ᠂ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠲᠠᠶ ᠣᠨᠣᠪᠴᠢᠲᠠᠶ ᠵᠣᠯᠭᠠᠭᠤᠯᠵᠤ᠂ ᠳᠤᠲᠠᠭᠤᠳᠠᠯ᠎ᠢ ᠨᠥᠬᠥᠪᠥᠷᠢᠯᠡᠵᠦ᠂ ᠪᠠᠭᠤᠷᠠᠶ ᠲᠠᠯ᠎ᠠ᠎ᠵᠢ ᠬᠦᠴᠦᠷᠬᠡᠭᠵᠢᠭᠦᠯᠬᠦ᠎ᠪᠡᠷ ᠪᠠᠷᠠᠬᠤ ᠦᠭᠡᠢ ᠪᠠᠰᠠ ᠰᠠᠭᠤᠷᠢ᠎ᠵᠢ ᠪᠠᠬᠢᠵᠢᠭᠦᠯᠵᠦ᠂ ᠳᠠᠪᠠᠭᠤᠯᠢᠭ ᠲᠠᠯ᠎ᠠ᠎ᠪᠠᠨ ᠪᠠᠳᠠᠷᠠᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ 《ᠨᠢᠷᠤᠭᠤ ᠲᠤᠯᠭᠠᠭᠤᠷᠢ》 ᠶ᠋ᠢ ᠪᠤᠰᠬᠠᠪᠠ᠃

《ᠬᠦᠰᠡᠯ ᠵᠡᠭᠦᠳᠦ᠎ᠪᠠᠨ ᠲᠡᠷᠬᠡᠯᠰᠢᠬᠦᠯᠬᠦ᠎ᠳᠤ ᠬᠤᠯᠠ ᠭᠡᠮᠡᠨ ᠥᠯᠥ ᠰᠢᠨᠳᠡᠷᠡᠨ᠂ ᠭᠡᠭᠡᠨ ᠰᠠᠷᠠᠭᠤᠯ ᠤᠷᠤᠭᠰᠢᠯᠠᠯᠲᠠ᠎ᠶᠢᠨ ᠵᠠᠮ ᠳᠡᠭᠡᠷ᠎ᠡ ᠢᠳᠡᠷᠡᠭᠦᠨ ᠠᠯᠬᠤᠭ᠎ᠠ᠎ᠪᠡᠷ ᠤᠷᠤᠭᠰᠢᠯᠠᠨ᠎ᠠ》᠃ 《ᠡᠬᠢᠯᠡᠮᠡᠭᠴᠡ ᠱᠢᠢᠳᠪᠦᠷᠢᠲᠦ ᠳᠠᠢᠯᠠᠯᠳᠤᠭᠠᠨ ᠬᠢᠵᠦ᠍᠂ ᠡᠬᠢᠯᠡᠨᠭᠭᠦᠲᠡ ᠱᠢᠪᠲᠤᠯᠤᠯᠲᠠ ᠬᠢᠬᠦ᠌》 ᠨᠢ ᠤᠯᠠᠭᠠᠨ ᠮᠤᠷᠢᠨ ᠵᠢᠯ᠎ᠦᠨ ᠠᠵᠢᠯ᠎ᠢᠶᠡᠨ ᠡᠬᠢᠯᠡᠬᠦᠯᠬᠦ  ᠵᠠᠷᠯᠢᠭ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ 《ᠠᠬᠢᠴᠠ ᠵᠢᠨ ᠬᠦᠰᠦᠨᠦᠭᠲᠦ》 ᠡᠬᠢᠯᠡᠩᠭᠦᠳᠡ᠎ᠪᠡᠨ ᠬᠤᠷᠳᠤᠴᠠ ᠲᠦᠷᠬᠡᠳᠬᠡᠬᠦ ᠳᠠᠷᠤᠪᠴᠢ᠎ᠶ᠋ᠢ ᠲᠤᠪᠴᠢᠳᠠᠪᠠ᠃ ᠥᠨᠥᠳᠦᠷ ᠬᠤᠷᠠᠯᠳᠤᠭ᠍ᠰᠠᠨ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ ᠪᠣᠯ ᠬᠠᠷᠠᠯᠲᠠ᠎ᠪᠠᠨ ᠲᠣᠭ᠍ᠲᠠᠭᠠᠵᠤ᠂ ᠲᠥᠯᠥᠪᠵᠢᠭᠦᠯᠦᠨ ᠪᠠᠢᠷᠢᠱᠢᠭᠤᠯᠬᠤ ᠠᠵᠢᠯ᠎ᠤᠨ ᠪᠠᠢᠷᠢᠯᠠᠭᠤᠯᠤᠯᠲᠠ ᠪᠣᠯᠬᠤ ᠪᠥᠭᠡᠳ ᠨᠡᠩ ᠴᠤ᠌ ᠤᠷᠤᠨ ᠵᠠᠢ ᠠᠯᠤᠰᠯᠠᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠭ᠍ᠰᠠᠨ ᠵᠣᠷᠢᠭ ᠰᠠᠨᠠᠭᠠᠨ᠎ᠤ ᠲᠠᠢ᠌ᠴᠢᠯᠠᠯᠳᠠ ᠪᠣᠯᠤᠨ᠎ᠠ᠃ ᠥᠪᠥᠷ ᠮᠣᠩᠭᠣᠯ᠄ ᠴᠢᠨᠠᠷ ᠰᠠᠢᠲᠠᠢ ᠬᠥᠭ᠌ᠵᠢᠯᠲᠡ᠎ᠶ᠋ᠢᠨ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠤ᠂ ᠭᠠᠭ᠍ᠴᠠ ᠬᠦ᠌ ᠬᠦᠴᠢᠷ ᠪᠡᠷᠬᠡ᠎ᠵᠢ ᠲᠤᠭᠤᠯᠤᠨ ᠴᠤᠴᠠᠯᠲᠠ ᠦᠭᠡᠢ ᠤᠷᠤᠭᠰᠢᠯᠠᠵᠤ᠂ ᠴᠠᠭ ᠪᠢᠳᠡᠨ᠎ᠢ ᠬᠦᠯᠢᠶᠡᠬᠦ᠌ ᠦᠭᠡᠢ ᠭᠡᠬᠦ ᠤᠪᠤᠷ᠎ᠢᠶᠡᠷ ᠠᠵᠢᠯᠯᠠᠪᠠᠯ ᠰᠠᠶᠢ ᠱᠢᠨ᠎ᠡ ᠠᠶᠠᠨ᠎ᠳᠠᠭᠠᠨ ᠮᠠᠨᠭᠯᠠᠢᠯᠠᠬᠤ᠎ᠪᠡᠷ ᠮᠠᠷᠡᠢᠨ ᠴᠢᠷᠮᠠᠢᠵᠤ ᠰᠢᠨ᠎ᠠ ᠠᠮᠵᠢᠯᠳᠠ ᠪᠦᠳᠦᠮᠵᠢ ᠵᠢ ᠡᠬᠦᠳᠴᠤ ᠴᠢᠳᠠᠨ᠎ᠠ ᠭᠡᠳᠡᠭ᠎ᠢ ᠭᠦᠨᠵᠡᠭᠡᠢ ᠣᠢᠯᠠᠭᠠᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号