ᠴᠧᠨ ᠠᠶ ᠱᠢᠤᠸᠠᠢ ᠲᠦᠯᠦᠭᠡᠯᠡᠭᠴᠢ᠄ ᠴᠢᠩ ᠦᠨᠡᠨᠴᠢ᠎ᠪᠠᠷ ᠠᠷᠠᠳ᠎ᠤᠨ ᠰᠡᠳᠭᠢᠯ᠎ᠦᠨ ᠲᠠᠭᠤᠨ᠎ᠢ ᠤᠢᠯᠠᠭᠠᠵᠦ ᠰᠤᠨᠤᠰᠤᠨ᠎ᠠ
2026-02-24 16:59:01
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

ᠪᠤᠯᠤᠩ ᠨᠡᠬᠡᠬᠡᠬᠦ ᠦᠭᠡ᠄

2026 ᠣᠨ᠎ᠤ ᠪᠥᠬᠥ᠌ ᠤᠯᠤᠰ᠎ᠤᠨ ᠬᠣᠶᠠᠷ ᠬᠤᠷᠠᠯ ᠤᠳᠠᠯ ᠥᠬᠡᠶ ᠬᠤᠷᠠᠯᠳᠤᠬᠤ᠎ᠪᠠᠷ ᠪᠣᠶ᠃ ᠥᠩᠭᠡᠷᠡᠭ᠌ᠰᠡᠨ ᠨᠢᠭᠡ ᠵᠢᠯ᠎ᠳᠦ᠂ ᠮᠠᠨ᠎ᠤ ᠣᠷᠣᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠪᠣᠯᠤᠨ ᠮᠠᠨ᠎ᠤ ᠣᠷᠣᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ 《ᠤᠯᠤᠰ᠎ᠤᠨ ᠶᠡᠬᠡ ᠶᠠᠪᠤᠳᠠᠯ》 ᠢ᠋ ᠪᠠᠲᠤ ᠴᠡᠭᠡᠵᠢᠯᠡᠵᠦ᠍᠂ ᠠᠷᠠᠳ᠎ᠤᠨ ᠠᠮᠢᠳᠤᠷᠠᠯ᠎ᠤᠨ ᠲᠤᠬᠠᠢ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠱᠠᠲᠤᠨ᠎ᠳᠤ ᠭᠦᠨᠵᠡᠭᠡᠢᠷᠡᠨ ᠠᠷᠠᠳ᠎ᠤᠨ ᠰᠠᠨᠠᠭ᠎ᠠ᠎ᠶ᠋ᠢ ᠰᠣᠨᠣᠰᠴᠤ᠌᠂ ᠠᠷᠠᠳ᠎ᠤᠨ ᠰᠠᠨᠠᠭ᠎ᠠ᠎ᠶ᠋ᠢ ᠣᠢᠯᠠᠭᠠᠵᠤ᠂ ᠠᠷᠠᠳ᠎ᠤᠨ ᠵᠣᠪᠠᠨᠢᠯ᠎ᠢ ᠱᠢᠢᠳᠪᠦᠷᠢᠯᠡᠵᠦ᠍᠂ ᠲᠤᠰᠢᠶᠠᠯ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠵᠦ᠍᠂ ᠱᠢᠨ᠎ᠡ ᠴᠠᠭ ᠦᠶ᠎ᠡ᠎ᠶ᠋ᠢᠨ ᠲᠥᠯᠥᠭᠡᠯᠡᠭ᠌ᠴᠢ ᠭᠡᠱᠢᠭᠦᠳ᠎ᠦᠨ ᠡᠭᠦᠷᠭᠡ ᠬᠠᠷᠢᠭᠤᠴᠠᠯᠭ᠎ᠠ᠎ᠶ᠋ᠢ ᠢᠯᠡᠷᠡᠭᠦᠯᠪᠡ᠃ ᠡᠨᠡ ᠡᠳᠦᠷ᠎ᠡᠴᠡ ᠡᠬᠢᠯᠡᠨ 《ᠪᠥᠬᠥ᠌ ᠤᠯᠤᠰ᠎ᠤᠨ ᠬᠣᠶᠠᠷ ᠬᠤᠷᠠᠯ· ᠲᠥᠯᠥᠭᠡᠯᠡᠭ᠌ᠴᠢ ᠭᠡᠱᠢᠭᠦᠳ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠬᠠᠷᠢᠭᠤᠯᠲᠠ᠎ᠶ᠋ᠢᠨ ᠬᠠᠭᠤᠳᠠᠰᠤ》 ᠬᠡᠮᠡᠬᠦ ᠪᠤᠯᠤᠩ᠎ᠢ ᠨᠡᠭᠡᠭᠡᠵᠦ᠍᠂ ᠲᠡᠲᠡᠨᠤᠰ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠦᠶ᠋ᠯᠡᠳᠦᠯᠭᠡ ᠪᠠ ᠤᠯᠤᠯᠳᠠ ᠲᠥᠷᠥᠭ᠌ᠳᠡᠯ ᠢ᠋ ᠦᠬᠦᠯᠡᠨ ᠲᠤᠭᠠᠴᠢᠨ᠎ᠠ᠂ ᠠᠩᠬᠠᠷᠤᠯ ᠵᠢᠡᠨ ᠬᠠᠨᠳᠤᠭᠤᠯᠬᠤ ᠪᠤᠯᠪᠠᠤ᠃


ᠪᠥᠬᠥ᠌ ᠤᠯᠤᠰ᠎ᠤᠨ ᠬᠣᠶᠠᠷ ᠬᠤᠷᠠᠯ ᠣᠢᠷᠠᠳᠤᠯ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠠᠵᠤ ᠠᠬᠤᠶ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠴᠧᠨ ᠠᠶ ᠱᠢᠤᠸᠠᠢ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ ᠴᠤ᠌ ᠶᠠᠭᠠᠷᠠᠯᠳᠠᠢ ᠠᠵᠢᠯᠯᠠᠵᠤ ᠡᠨᠡ ᠵᠢᠯ᠎ᠦᠨ ᠲᠡᠪᠰᠢᠬᠦᠯᠬᠦ ᠰᠠᠨᠠᠭᠤᠯᠭ᠎ᠠ ᠪᠠᠨ ᠲᠡᠭᠦᠯᠳᠡᠷᠵᠢᠭᠦᠯᠵᠦ᠍ ᠪᠠᠢᠯ᠎ᠠ᠃ 《ᠬᠥᠭ᠌ᠵᠢᠯᠲᠡ᠎ᠶ᠋ᠢᠨ ᠲᠥᠯᠥᠭᠡ ᠰᠠᠨᠠᠯ ᠰᠠᠨᠠᠭᠤᠯᠭ᠎ᠠ ᠳᠤᠷᠠᠳᠴᠤ᠌᠂ ᠠᠷᠠᠳ ᠲᠦᠮᠡᠨ᠎ᠦ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌》 ᠪᠣᠯ ᠲᠡᠭᠦᠨ᠎ᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠤᠭ ᠰᠠᠨᠠᠭ᠎ᠠ ᠪᠣᠯᠤᠨ᠎ᠠ᠃

ᠵᠢᠭᠠᠨ ᠰᠤᠷᠭᠠᠯᠲᠠ᠎ᠶ᠋ᠢᠨ ᠠᠵᠢᠯ᠎ᠢ ᠰᠠᠢᠲᠤᠷ ᠬᠢᠬᠦ᠌ ᠨᠢ ᠰᠤᠷᠭᠠᠭᠤᠯᠢ᠎ᠶ᠋ᠢᠨ ᠠᠮᠢᠨ ᠰᠤᠳᠠᠰᠤ ᠮᠥᠨ᠃ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠲᠤᠰᠭᠠᠶ ᠮᠡᠷᠭᠡᠵᠢᠯ᠎ᠢ ᠱᠢᠯᠢᠳᠡᠭ᠌ᠵᠢᠭᠦᠯᠬᠦ᠌᠎ᠶ᠋ᠢ ᠬᠡᠷᠬᠢᠨ ᠪᠦᠲᠦᠮᠵᠢᠲᠡᠶ ᠠᠬᠢᠭᠤᠯᠬᠤ᠂ ᠶᠡᠬᠡ ᠳᠡᠭᠡᠳᠦ ᠰᠤᠷᠭᠠᠭᠤᠯᠢ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌ ᠪᠠ ᠨᠡᠢᠭᠡᠮ᠎ᠦᠨ ᠬᠡᠷᠡᠭ᠌ᠴᠡᠭᠡ᠎ᠶ᠋ᠢ ᠨᠠᠷᠢᠯᠢᠭ ᠣᠨᠣᠴᠠᠲᠠᠶ᠎ᠪᠠᠷ ᠵᠣᠬᠢᠴᠠᠭᠤᠯᠬᠤ ᠵᠡᠷᠭᠡ ᠪᠣᠯ ᠴᠧᠨ ᠠᠶ ᠱᠢᠤᠸᠠᠢ ᠵᠢᠨ ᠣᠷᠳᠣ ᠬᠤᠭᠤᠴᠠᠭ᠎ᠠ᠎ᠪᠠᠷ ᠠᠩᠬᠠᠷᠴᠤ᠌ ᠢᠷᠡᠭᠰᠡᠨ ᠶᠠᠷᠢᠶᠠᠨ᠎ᠤ ᠰᠡᠳᠦᠪ᠂ ᠪᠠᠰᠠ ᠴᠤ᠌ ᠲᠡᠭᠦᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢᠨ ᠭᠤᠤᠯᠳᠠᠯᠭ᠎ᠠ ᠮᠥᠨ᠃

ᠥᠩᠭᠡᠷᠡᠭ᠌ᠰᠡᠨ ᠨᠢᠭᠡ ᠵᠢᠯ᠎ᠳᠦ᠂ ᠲᠡᠷᠡ ᠦᠷᠭᠦᠯᠵᠢ ᠬᠠᠮᠲᠤ ᠠᠵᠢᠯᠯᠠᠭ᠍ᠰᠠᠳ᠎ᠲᠠᠶ᠎ᠪᠠᠨ ᠴᠢᠳᠠᠪᠤᠷᠢᠲᠠᠨ᠎ᠢ ᠬᠥᠮᠦᠵᠢᠭᠦᠯᠬᠦ᠌ ᠱᠢᠨ᠎ᠡ ᠠᠷᠭ᠎ᠠ ᠵᠠᠮ᠎ᠢ ᠶᠠᠷᠢᠯᠴᠠᠵᠤ᠂ ᠰᠤᠷᠤᠭ᠍ᠴᠢᠳ᠎ᠤᠨ ᠳᠤᠮᠳᠠ ᠭᠦᠨᠵᠡᠭᠡᠢᠷᠡᠨ ᠲᠡᠳᠡᠨ᠎ᠦ ᠠᠵᠢᠯ ᠤᠯᠬᠤ ᠤᠷ᠎ᠠ ᠴᠢᠳᠠᠪᠤᠷᠢ᠎ᠶ᠋ᠢᠨ ᠱᠢᠨ᠎ᠡ ᠬᠡᠷᠡᠭ᠌ᠴᠡᠭᠡ᠎ᠶ᠋ᠢ ᠣᠢᠯᠠᠭᠠᠵᠤ᠂ ᠪᠠᠰᠠ ᠬᠠᠮᠢᠶ᠎ᠠ ᠪᠥᠬᠥᠶ ᠰᠠᠯᠠᠭ᠎ᠠ ᠮᠥᠴᠢᠷ᠎ᠪᠠ ᠠᠵᠤ ᠠᠬᠤᠢᠯᠠᠯ ᠳ᠋ᠤ ᠬᠦᠷᠴᠤ ᠦᠷᠭᠡᠨ ᠵᠢᠡᠷ ᠪᠠᠢᠴᠠᠭᠠᠨ ᠰᠤᠳᠤᠯᠵᠤ᠂ ᠳᠡᠭᠡᠳᠦ ᠲᠠᠰ ᠤ᠋ᠨ ᠴᠢᠳᠠᠪᠤᠷᠢᠲᠠᠨ᠎ᠢ ᠬᠥᠮᠦᠵᠢᠭᠦᠯᠬᠦ᠌ ᠠᠵᠢᠯ᠎ᠢ ᠶᠠᠷᠢᠯᠴᠠᠪᠠ᠃ ᠦᠨᠳᠦᠰᠦᠨ ᠱᠠᠲᠤᠨ᠎ᠳᠤ ᠣᠯᠠᠨᠲᠠ ᠪᠠᠢᠴᠠᠭᠠᠨ ᠰᠤᠳᠤᠯᠤᠯᠲᠠ ᠬᠢᠭ᠌ᠰᠡᠨ ᠥᠩᠭᠡᠷᠡᠯᠲᠡ ᠨᠢ ᠴᠧᠨ ᠠᠶ ᠱᠢᠤᠸᠠᠢ ᠵᠢ ᠶᠡᠬᠡ ᠳᠡᠭᠡᠳᠦ ᠰᠤᠷᠭᠠᠭᠤᠯᠢ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌ ᠠᠵᠢᠯ᠎ᠤᠨ ᠲᠤᠬᠠᠢ ᠨᠠᠩ ᠭᠦᠨᠵᠡᠭᠡᠶ ᠲᠠᠨᠢᠯᠲᠠ᠎ᠲᠠᠶ ᠪᠣᠯᠭᠠᠵᠠᠢ᠃

《ᠪᠥᠬᠥ᠌ ᠲᠠᠯ᠎ᠠ᠎ᠶ᠋ᠢᠨ ᠬᠠᠷᠠᠭᠠᠰᠤ ᠡᠴᠡ᠂ ᠨᠡᠢᠭᠡᠮ᠎ᠦᠨ ᠠᠵᠤ ᠠᠬᠤᠶ᠎ᠶ᠋ᠢᠨ ᠬᠡᠷᠡᠭ᠌ᠴᠡᠭᠡ ᠪᠠ ᠠᠵᠤ ᠦᠶ᠋ᠯᠡᠰ᠎ᠦᠨ ᠬᠡᠷᠡᠭ᠌ᠴᠡᠭᠡ᠎ᠶ᠋ᠢ ᠭᠦᠶ᠋ᠴᠡᠳ ᠪᠣᠳᠣᠯᠬᠢᠯᠠᠵᠤ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠲᠤᠰᠭᠠᠶ ᠮᠡᠷᠭᠡᠵᠢᠯ᠎ᠢ ᠱᠢᠯᠢᠳᠡᠭ᠌ᠵᠢᠭᠦᠯᠬᠦ᠌ ᠪᠠ ᠶᠡᠬᠡ ᠳᠡᠭᠡᠳᠦ ᠰᠤᠷᠭᠠᠭᠤᠯᠢ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠨᠢᠭᠡ ᠴᠣᠭ᠍ᠴᠠᠵᠢᠭᠤᠯᠤᠨ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠬᠤ ᠬᠡᠷᠡᠭ᠌ᠲᠡᠶ》᠃  ᠴᠧᠨ ᠠᠢ ᠱᠢᠤᠸᠠᠢ᠂ ᠡᠨᠡ ᠵᠢᠯ ᠦᠷᠭᠦᠯᠵᠢᠯᠡᠨ ᠡᠨᠡ ᠬᠦ᠌ ᠭᠣᠣᠯ ᠰᠡᠳᠦᠪ᠎ᠦᠨ ᠲᠣᠭᠣᠷᠢᠨ᠎ᠳᠤ ᠰᠠᠨᠠᠯ ᠰᠠᠨᠠᠭᠤᠯᠭ᠎ᠠ ᠭᠠᠷᠭᠠᠵᠦ ᠠᠷᠭ᠎ᠠ ᠤᠬᠠᠭᠠᠨ ᠳᠡᠪᠱᠢᠭᠦᠯᠬᠦ᠌᠎ᠪᠡᠷ ᠪᠤᠢ ᠭᠡᠪᠡ᠃

ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠪᠣᠯ ᠲᠦᠷᠦ᠎ᠶᠢᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠭᠤ᠎ᠳᠤ ᠣᠷᠣᠯᠴᠠᠭ᠍ᠴᠢ ᠪᠣᠯᠬᠤ ᠪᠠᠷ ᠪᠠᠷᠠᠬᠤ ᠦᠭᠡᠢ᠂ ᠨᠡᠩ ᠴᠤ᠌ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢᠨ ᠦᠢᠯᠡᠳᠦᠯᠭᠡᠵᠢᠭᠦᠯᠦᠭ᠌ᠴᠢ ᠮᠥᠨ᠃ ᠥᠩᠭᠡᠷᠡᠭ᠌ᠰᠡᠨ ᠨᠢᠭᠡ ᠵᠢᠯ᠎ᠳᠦ᠂ ᠴᠧᠨ ᠠᠶ ᠱᠢᠤᠸᠠᠢ ᠪᠠᠰᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ ᠳᠤᠮᠳᠠᠬᠢ ᠴᠢᠬᠤᠯᠠ ᠦᠶ᠋ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠣᠯᠠᠨ ᠵᠦᠶ᠋ᠯ᠎ᠦᠨ ᠠᠷᠭ᠎ᠠ ᠵᠠᠮ ᠪᠠ ᠬᠡᠯᠪᠡᠷᠢ᠎ᠪᠡᠷ ᠳᠠᠮᠵᠢᠨ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠦᠨ ᠱᠢᠶ᠋ᠳᠪᠦᠷᠢᠯᠡᠬᠦ᠌ ᠠᠵᠢᠯ᠎ᠳᠤ ᠰᠠᠨᠠᠭᠠᠴᠢᠯᠠᠭ᠎ᠠ᠎ᠡᠴᠡ᠎ᠪᠠᠨ ᠢᠳᠡᠪᠬᠢᠲᠡᠶ ᠣᠷᠣᠯᠴᠠᠪᠠ᠃ ᠪᠦᠬᠦ᠌ ᠣᠷᠣᠨ᠎ᠤ ᠱᠢᠭᠦᠬᠦ᠌ ᠬᠣᠷᠢᠶ᠎ᠠ ᠡᠴᠡ ᠥᠷᠨᠢᠭᠦᠯᠦᠭ᠌ᠰᠡᠨ 《ᠲᠥᠯᠥᠭᠡᠯᠡᠭ᠌ᠴᠢ ᠭᠡᠱᠢᠭᠦᠳ᠎ᠦᠨ ᠡᠶᠡᠳᠡᠭᠦᠯᠬᠦ᠌ ᠰᠠᠷ᠎ᠠ》᠎ᠶ᠋ᠢᠨ ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠤᠨ ᠠᠷᠠᠳ᠎ᠤᠨ ᠱᠢᠭᠦᠬᠦ᠌ ᠬᠣᠷᠢᠶ᠎ᠠ ᠵᠢᠨ ᠱᠢᠨ᠎ᠡ᠎ᠪᠡᠷ ᠲᠣᠮᠢᠯᠠᠭ᠍ᠰᠠᠨ ᠣᠨᠴᠠ ᠤᠷᠢᠭ᠍ᠰᠠᠨ ᠡᠶᠡᠳᠡᠭᠦᠯᠦᠭ᠌ᠴᠢ ᠪᠣᠯᠤᠭ᠍ᠰᠠᠨ᠎ᠤ ᠬᠤᠪᠢ᠎ᠳᠤ᠂ ᠲᠡᠷᠡ ᠰᠤᠷᠤᠭᠰᠠᠨ ᠲᠤᠰᠭᠠᠶ ᠮᠡᠷᠭᠡᠵᠢᠯ᠎ᠢᠶᠡᠨ ᠠᠰᠢᠭᠯᠠᠨ᠂ 《ᠬᠠᠤᠯᠢ ᠶᠣᠰᠣ ᠰᠡᠳᠭᠢᠯᠭᠡ》 ᠶ᠋ᠢ ᠠᠭᠤᠰᠤᠯᠴᠠᠭᠤᠯᠤᠭ᠍ᠰᠠᠨ ᠡᠶᠡᠳᠡᠭᠦᠯᠬᠦ᠌ ᠠᠷᠭ᠎ᠠ ᠪᠡᠷ ᠳᠠᠮᠵᠢᠨ ᠮᠥᠩᠭᠥᠨ ᠭᠦᠶ᠋ᠯᠭᠡᠭᠡᠨ᠎ᠦ ᠵᠢᠭᠡᠯᠡᠯᠭᠡ᠎ᠶ᠋ᠢᠨ ᠭᠡᠷ᠎ᠡ᠎ᠶ᠋ᠢᠨ ᠵᠠᠭᠤᠷᠠᠯᠳᠤᠭᠠᠨ᠎ᠢ ᠠᠮᠵᠢᠯᠲᠠ ᠲᠠᠶ ᠰᠢᠢᠳᠪᠦᠷᠢᠯᠡᠪᠡ᠃

《〈ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ + ᠱᠢᠭᠦᠬᠦ᠌ ᠬᠣᠷᠢᠶ᠎ᠠ〉 ᠵᠠᠭᠤᠷᠠᠯᠳᠤᠭᠠᠨ᠎ᠢ ᠬᠤᠯᠪᠤᠭᠠᠯᠠᠨ ᠱᠢᠢᠳᠪᠦᠷᠢᠯᠡᠬᠦ ᠠᠷᠭ᠎ᠠ ᠵᠠᠮ ᠨᠢ ᠲᠥᠯᠥᠭᠡᠯᠡᠭ᠌ᠴᠢᠳ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠠ ᠤᠯᠠᠨ ᠲᠦᠮᠡᠨ᠎ᠳᠦ ᠦᠢᠯᠡᠴᠢᠯᠡᠬᠦ᠌ 〈ᠡᠴᠦᠰ᠎ᠦᠨ ᠨᠢᠭᠡ ᠺᠢᠯᠤᠮᠸᠲᠷ〉 ᠢ᠋ ᠨᠡᠪᠲᠡᠷᠡᠭᠦᠯᠪᠡ᠂ ᠡᠨᠡ ᠪᠣᠯ ᠱᠢᠨ᠎ᠡ ᠴᠠᠭ ᠦᠶ᠎ᠡ᠎ᠶ᠋ᠢᠨ 〈ᠹᠸᠩᠴᠢᠶᠣᠤ᠎ᠶ᠋ᠢᠨ ᠲᠤᠷᠱᠢᠯᠭ᠎ᠠ〉 ᠵᠢ ᠪᠠᠷᠢᠮᠲᠠᠯᠠᠨ ᠬᠥᠭ᠌ᠵᠢᠭᠦᠯᠬᠦ᠌ ᠠᠱᠢᠭ᠍ᠲᠠᠢ ᠦᠢᠯᠡᠳᠦᠯᠭᠡ ᠪᠣᠯᠬᠤ ᠪᠥᠭᠡᠳ ᠪᠠᠰᠠ ᠤᠯᠠᠨ ᠲᠦᠮᠡᠨ᠎ᠳᠦ ᠦᠢᠯᠡᠴᠢᠯᠡᠬᠦ᠌ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ》 ᠭᠡᠵᠦ᠍ ᠴᠧᠨ ᠠᠶ ᠱᠢᠤᠸᠠᠢ ᠬᠡᠯᠡᠪᠡ᠃

ᠴᠧᠨ ᠠᠶ ᠱᠢᠤᠸᠠᠢ᠎ᠳ᠋ᠤ ᠠᠪᠴᠤ᠌ ᠬᠡᠯᠡᠪᠡᠯ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠤᠯᠤᠬᠰᠠᠨ ᠨᠢ ᠢᠷᠠᠭᠤ ᠠᠯᠳᠠᠷ ᠪᠣᠯᠬᠤ ᠪᠠᠷ ᠪᠠᠷᠠᠬᠤ ᠥᠬᠡᠶ᠂ ᠨᠠᠩ ᠴᠤ᠌ ᠬᠦᠨᠳᠦ ᠬᠠᠷᠢᠭᠤᠴᠠᠯᠭ᠎ᠠ ᠪᠣᠯᠬᠤ ᠶᠤᠮ᠂ ᠲᠡᠷᠡ ᠪᠣᠳᠠᠲᠤ ᠠᠵᠢᠯᠯᠠᠭ᠎ᠠ᠎ᠪᠠᠷ᠎ᠢᠶᠠᠨ 《ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠠᠷᠠᠳ ᠲᠦᠮᠡᠨ᠎ᠦ ᠲᠥᠯᠥᠭᠡ》 ᠭᠡᠬᠦ᠌ ᠲᠥᠪ ᠴᠢᠩᠭ᠎ᠠ ᠠᠮᠠᠯᠠᠯᠲᠠ᠎ᠪᠠᠨ ᠦᠶ᠋ᠯᠡᠳᠦᠯᠭᠡᠵᠢᠭᠦᠯᠵᠦ᠍ ᠪᠠᠢᠨ᠎ᠠ᠃


[ᠰᠤᠷᠪᠤᠯᠵᠢᠯᠠᠭ᠍ᠴᠢ᠎ᠶ᠋ᠢᠨ ᠲᠡᠮᠳᠡᠭ᠌ᠯᠡᠯ]

ᠴᠧᠨ ᠠᠶ ᠱᠢᠤᠸᠠᠢ᠎ᠶ᠋ᠢᠨ ᠪᠠᠢᠴᠠᠭᠠᠨ ᠰᠤᠳᠤᠯᠤᠯᠲᠠ ᠬᠢᠭᠰᠡᠨ ᠲᠡᠮᠳᠡᠭ᠌ᠯᠡᠯ᠎ᠢ ᠤᠷᠪᠠᠭᠤᠯᠤᠨ ᠦᠵᠡᠪᠡᠯ᠂ ᠲᠡᠭᠦᠨ᠎ᠦ ᠶᠡᠬᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠪᠣᠯᠤᠭ᠍ᠰᠠᠨ᠎ᠤ ᠬᠤᠪᠢ᠎ᠳᠠᠬᠢ ᠲᠡᠷᠡ ᠬᠦ᠌ ᠲᠥᠪ ᠴᠢᠩᠭ᠎ᠠ ᠪᠥᠭᠡᠳ ᠨᠠᠷᠢᠨ ᠬᠢᠨᠠᠮᠠᠭᠠᠶ ᠪᠠᠢᠳᠠᠯ᠎ᠢ ᠢᠯᠡᠳᠲᠡ ᠣᠢᠯᠠᠭᠠᠵᠤ ᠪᠣᠯᠤᠨ᠎ᠠ᠃ ᠲᠡᠭᠦᠨ᠎ᠲᠡᠶ ᠶᠠᠷᠢᠯᠴᠠᠬᠤ ᠳᠤᠮᠳᠠ᠂ ᠲᠡᠷᠡ ᠶᠡᠷᠦ᠍ ᠨᠢ ᠰᠡᠳᠭᠢᠬᠦ᠌ ᠪᠠ ᠬᠢᠬᠦ᠌ ᠪᠦᠷ ᠪᠠᠢᠬᠤ ᠬᠡᠷᠡᠭ᠌ᠲᠡᠶ᠂ ᠪᠠᠢᠴᠠᠭᠠᠨ ᠰᠤᠳᠤᠯᠤᠯᠲᠠ᠎ᠶ᠋ᠢ ᠬᠡᠳᠦᠶ ᠪᠣᠳᠠᠲᠠᠶ ᠲᠡᠮᠳᠡᠭ᠌ᠯᠡᠵᠦ ᠬᠡᠳᠦᠢ ᠭᠦᠨᠵᠡᠭᠡᠶ ᠪᠣᠳᠣᠯᠬᠢᠯᠠᠬᠤ ᠳᠤᠳᠤᠮ ᠰᠠᠶᠢ ᠣᠯᠠᠨ ᠲᠦᠮᠡᠨ᠎ᠲᠡᠶ ᠣᠢᠷᠠᠲᠤᠭᠰᠠᠨ᠂ ᠨᠡᠩ ᠤᠯᠠᠨ ᠨᠠᠷᠢᠯᠢᠭ ᠰᠠᠨᠠᠭᠤᠯᠭ᠎ᠠ ᠳᠤᠷᠠᠳᠴᠤ᠌ ᠴᠢᠳᠠᠨ᠎ᠠ ᠬᠡᠳᠡᠭ᠎ᠢ ᠢᠳᠡᠬᠡᠳᠡᠭ᠃

ᠲᠡᠷᠡ ᠴᠠᠭ ᠢᠮᠠᠬᠳᠠ ᠴᠢᠬᠢ ᠲᠠᠯᠪᠢᠨ ᠰᠣᠨᠣᠰᠴᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠵᠠᠮ᠎ᠲᠡᠬᠡᠷ᠎ᠡ ᠵᠤᠬᠰᠤᠰᠢ ᠦᠬᠡᠢ ᠤᠷᠤᠬᠰᠢᠯᠠᠵᠦ ᠪᠤᠢ᠃ ᠶᠡᠬᠡ ᠳᠡᠭᠡᠳᠦ ᠰᠤᠷᠭᠠᠭᠤᠯᠢ᠎ᠶᠢᠨ ᠴᠢᠳᠠᠪᠤᠷᠢᠲᠠᠨ᠎ᠢ ᠬᠦᠮᠦᠵᠢᠭᠦᠯᠬᠦ᠎ᠳᠤ ᠤᠷᠳᠤ ᠬᠤᠭᠤᠴᠠᠭ᠎ᠠ᠎ᠪᠡᠷ ᠠᠷᠭ᠎ᠠ ᠤᠬᠠᠭᠠᠨ ᠭᠠᠷᠭᠠᠵᠤ᠂ ᠥᠪᠡᠷ᠎ᠢ᠎ᠪᠠᠨ ᠵᠠᠭᠤᠷᠠᠯᠳᠤᠭᠠᠨ᠎ᠢ ᠰᠢᠢᠳᠪᠦᠷᠢᠯᠡᠬᠦ 《ᠬᠠᠰᠢᠷ ᠮᠡᠷᠭᠡᠵᠢᠯᠲᠡᠨ》 ᠪᠤᠯᠭᠠᠨ ᠲᠡᠪᠳᠠᠨ ᠪᠤᠯᠪᠠᠰᠤᠷᠠᠭᠤᠯᠪᠠ ᠁ ᠪᠢᠳᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠴᠧᠨ ᠠᠢ ᠱᠢᠤᠸᠠᠢ ᠵᠢᠨ ᠪᠡᠶ᠎ᠡ ᠳᠡᠭᠡᠷ᠎ᠡ᠎ᠡᠴᠡ ᠠᠷᠠᠳ ᠤᠯᠠᠨ᠎ᠢ ᠰᠡᠳᠭᠢᠯ᠎ᠳᠡᠭᠡᠨ ᠪᠤᠳᠤᠵᠤ᠂ ᠡᠭᠦᠷᠭᠡ ᠬᠠᠷᠢᠭᠤᠴᠠᠯᠭ᠎ᠠ᠎ᠪᠠᠨ ᠪᠣᠳᠠᠲᠠᠢ᠎ᠳᠤ ᠨᠠᠢᠳᠠᠪᠤᠷᠢᠵᠢᠭᠤᠯᠬᠤ ᠬᠠᠢᠷ᠎ᠠ ᠰᠡᠳᠭᠢᠯᠭᠡ ᠪᠠ ᠡᠭᠦᠷᠭᠡᠯᠡᠯ᠎ᠢ ᠣᠯᠵᠤ ᠬᠠᠷᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号