ᠰᠢ ᠵᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠵᠢᠨ ᠵᠧᠩ ᠡᠸᠨ ᠤ᠋ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ᠎ᠪᠡᠷ ᠰᠣᠩᠭᠣᠭ᠍ᠳᠠᠭ᠍ᠰᠠᠨ᠎ᠳᠤ ᠪᠠᠶᠠᠷ ᠬᠦᠷᠭᠡᠪᠡ
2026-02-24 09:39:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 23 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ ᠰᠢ ᠵᠢᠨ ᠫᠢᠩ᠎ᠶ᠋ᠢᠨ ᠵᠧᠩ ᠡᠸᠨ᠎ᠳᠦ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠢᠰᠦᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠳᠡᠭᠡᠷ᠎ᠡ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠶ ᠱᠦᠵᠢ᠎ᠪᠡᠷ ᠰᠣᠩᠭᠣᠭ᠍ᠳᠠᠭ᠍ᠰᠠᠨ᠎ᠳᠤ ᠪᠠᠶᠠᠷ ᠬᠦᠷᠭᠡᠪᠡ᠃

ᠰᠢ ᠵᠢᠨ ᠫᠢᠩ ᠪᠠᠶᠠᠷ᠎ᠤᠨ ᠴᠠᠬᠢᠯᠭᠠᠨ ᠴᠢᠮᠡᠭᠡ᠎ᠳᠡᠭᠡᠨ᠂ ᠰᠣᠯᠣᠩᠭᠣᠰ᠎ᠤᠨ ᠨᠠᠮ᠎ᠤᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂  ᠶ᠋ᠢᠨ ᠵᠧᠩ ᠡᠸᠨ᠎ᠶᠡᠷᠦᠩᠬᠡᠢ ᠱᠦᠵᠢ ᠪᠡᠷ ᠲᠦᠷᠦᠭᠦᠯᠡᠭᠦᠯᠦᠭ᠌ᠰᠡᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠲᠥᠪ ᠬᠣᠷᠢᠶ᠎ᠠ ᠰᠣᠯᠣᠩᠭᠣᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠢᠷᠮᠠᠢᠨ ᠲᠡᠮᠡᠴᠡᠵᠦ᠍᠂ ᠰᠣᠯᠣᠩᠭᠣᠰ᠎ᠤᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶ᠋ᠢᠨ ᠦᠢᠯᠡᠰ᠎ᠲᠤᠮᠳᠠ ᠲᠠᠰᠤᠷᠠᠯᠲᠠ ᠦᠭᠡᠢ ᠱᠢᠨ᠎ᠡ ᠠᠮᠵᠢᠯᠲᠠ ᠪᠦᠲᠦᠮᠵᠢ ᠤᠯᠪᠠ᠃ ᠵᠢᠨ ᠵᠧᠩ ᠡᠸᠨ ᠨᠥᠬᠥᠷ ᠳᠠᠬᠢᠨᠲᠠ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ᠎ᠪᠡᠷ ᠰᠣᠩᠭᠣᠭ᠍ᠳᠠᠭᠰᠠᠨ ᠨᠢ ᠰᠣᠯᠣᠩᠭᠣᠰ᠎ᠤᠨ ᠨᠠᠮ᠂ ᠵᠠᠰᠠᠭ᠎ᠤᠨ ᠣᠷᠳᠣᠨ᠂ ᠠᠷᠠᠳ ᠲᠦᠮᠡᠨ᠎ᠦ ᠶᠡᠷᠦᠩᠬᠡᠢ ᠱᠦᠵᠢ ᠨᠥᠬᠥᠷ᠎ᠢ ᠳᠡᠭᠡᠳᠦ ᠬᠡᠮᠵᠢᠶ᠎ᠠ᠎ᠪᠡᠷ ᠢᠲᠡᠭᠡᠵᠦ᠍ ᠪᠠᠢᠬᠤ ᠪᠠ ᠴᠢᠩ ᠰᠡᠳᠭᠢᠯ᠎ᠡᠴᠡ᠎ᠪᠡᠨ ᠬᠦᠷᠢᠶᠡᠯᠡᠵᠦ᠍ ᠪᠠᠢᠬᠤ᠎ᠶ᠋ᠢ ᠬᠠᠷᠠᠭᠤᠯᠪᠠ᠃ ᠰᠣᠯᠣᠩᠭᠣᠰ᠎ᠤᠨ ᠨᠠᠮ ᠤ᠋ᠨ ᠶᠢᠰᠦᠳᠦᠭᠡᠷ ᠶᠡᠬᠡ ᠬᠤᠷᠠᠯ ᠰᠣᠯᠣᠩᠭᠣᠰ᠎ᠤᠨ ᠨᠠᠮ ᠪᠠ ᠤᠯᠤᠰ᠎ᠤᠨ ᠠᠵᠢᠯ ᠦᠢᠯᠡᠰ ᠤᠷᠢᠳᠤᠬᠢ᠎ᠶ᠋ᠢ ᠵᠠᠯᠭᠠᠮᠵᠢᠯᠠᠨ ᠬᠣᠢᠳᠤᠬᠢ᠎ᠶ᠋ᠢ ᠰᠡᠩᠬᠡᠷᠡᠭᠦᠯᠬᠦ᠌ ᠵᠠᠩᠭᠢᠯᠠᠭ᠎ᠠ᠎ᠶ᠋ᠢᠨ ᠱᠠᠲᠤᠨ᠎ᠳᠤ ᠤᠷᠤᠬᠤ ᠦᠶ᠎ᠠ ᠳ᠋ᠤ ᠢᠯᠠᠯᠳᠠ ᠲᠠᠢ ᠬᠤᠷᠠᠯᠳᠤᠭᠰᠠᠨ ᠨᠢ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠶᠡᠷᠦᠩᠬᠡᠢ ᠱᠦᠵᠢ ᠨᠥᠬᠥᠷ᠎ᠢᠶᠡᠷ ᠲᠦᠷᠦᠭᠦᠯᠡᠭᠦᠯᠦᠭ᠌ᠰᠡᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠣᠯᠣᠩᠭᠣᠰ᠎ᠤᠨ ᠨᠠᠮ ᠪᠣᠯᠤᠨ ᠠᠷᠠᠳ ᠲᠦᠮᠡᠨ ᠲᠤᠰ ᠤᠳᠠᠭ᠎ᠠ᠎ᠶ᠋ᠢᠨ ᠶᠡᠬᠡ ᠬᠤᠷᠠᠯ᠎ᠢᠶᠠᠷ ᠠᠵᠠ ᠲᠣᠬᠢᠶᠠᠯ ᠪᠣᠯᠭᠠᠵᠤ᠂ ᠰᠣᠯᠣᠩᠭᠣᠰ᠎ᠤᠨ ᠨᠡᠢᠭᠡᠮ ᠵᠢᠷᠤᠮ᠎ᠤᠨ ᠦᠢᠯᠡᠰ᠎ᠦᠨ ᠲᠠᠰᠤᠷᠠᠯᠲᠠ ᠦᠭᠡᠢ ᠱᠢᠨ᠎ᠡ ᠪᠠᠢᠳᠠᠯ᠎ᠢ ᠡᠭᠦᠳᠬᠦ᠌᠎ᠶ᠋ᠢ ᠠᠬᠢᠭᠤᠯᠬᠤ᠎ᠶ᠋ᠢ ᠬᠦᠰᠡᠨ ᠵᠥᠩᠨᠡᠵᠦ᠍ ᠪᠠᠢᠨ᠎ᠠ᠃

ᠳᠤᠮᠳᠠᠳᠤ ᠰᠣᠯᠣᠩᠭᠣᠰ ᠪᠣᠯ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭ᠍ᠰᠠᠨ ᠨᠡᠢᠭᠡᠮ ᠵᠢᠷᠤᠮᠳᠤ ᠨᠥᠬᠥᠷᠰᠡᠭ ᠬᠥᠷᠰᠢ ᠤᠯᠤᠰ ᠮᠥᠨ᠃ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢ ᠰᠠᠢᠲᠤᠷ ᠬᠠᠮᠠᠭᠠᠯᠠᠵᠤ᠂ ᠰᠠᠢᠲᠤᠷ ᠪᠡᠬᠢᠵᠢᠭᠦᠯᠵᠦ᠍᠂ ᠰᠠᠢᠲᠤᠷ ᠬᠥᠭ᠌ᠵᠢᠭᠦᠯᠬᠦ᠌ ᠪᠣᠯ ᠳᠤᠮᠳᠠᠳᠤ ᠤᠯᠤᠰ᠎ᠤᠨ ᠨᠠᠮ ᠪᠣᠯᠤᠨ ᠵᠠᠰᠠᠭ᠎ᠤᠨ ᠣᠷᠳᠣᠨ᠎ᠤ ᠢᠮᠠᠭ᠍ᠲᠠ ᠭᠤᠢᠪᠢᠰᠢ ᠦᠭᠡᠢ ᠪᠠᠷᠢᠮᠲᠠᠯᠠᠬᠤ ᠴᠢᠭ᠌ᠯᠡᠯᠲᠡ ᠪᠣᠯᠤᠨ᠎ᠠ᠃ ᠤᠢ᠍ᠢᠷ᠎ᠠ᠎ᠶ᠋ᠢᠨ ᠵᠢᠯ᠎ᠡᠴᠡ᠂ ᠪᠢ ᠶᠡᠷᠦᠩᠬᠡᠢ ᠱᠦᠵᠢ ᠨᠥᠬᠥᠷ᠎ᠲᠡᠶ ᠤᠯᠠᠨ ᠤᠳᠠᠭ᠎ᠠ ᠠᠭᠤᠯᠵᠠᠵᠤ᠂ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢᠨ ᠰᠠᠢᠵᠢᠷᠠᠬᠤ᠎ᠶ᠋ᠢ ᠬᠦᠴᠦᠲᠡᠢ ᠬᠦᠳᠦᠯᠥᠨ ᠳᠠᠭᠠᠭᠤᠯᠪᠠ᠃ ᠵᠠᠭᠤᠨ ᠵᠢᠯ ᠳ᠋ᠤ ᠲᠤᠬᠢᠶᠠᠯᠳᠤᠭ᠎ᠠ ᠦᠬᠡᠢ ᠬᠤᠪᠢᠰᠤᠯᠳᠠ ᠲᠦᠷᠭᠡᠰᠦᠨ ᠤᠯᠠᠷᠢᠵᠤ᠂ ᠳᠡᠯᠡᠬᠡᠢ᠎ᠶ᠋ᠢᠨ ᠪᠠᠢᠳᠠᠯ ᠡᠭᠡᠳᠡᠷᠡᠭᠡᠨ ᠪᠤᠳᠤᠯᠢᠶᠠᠨᠲᠠᠢ ᠪᠤᠯᠵᠤ ᠪᠠᠢᠭ᠎ᠠ ᠪᠠᠢᠳᠠᠯ ᠲᠤᠤᠷ᠎ᠠ᠂ ᠪᠢ ᠳᠤᠷᠠᠲᠠᠶ᠎ᠠ ᠶᠡᠷᠦᠩᠬᠡᠢ ᠱᠦᠵᠢ ᠨᠥᠬᠥᠷ᠎ᠲᠡᠶ ᠬᠠᠮᠲᠤ᠎ᠪᠠᠷ᠂ ᠬᠣᠶᠠᠷ ᠲᠠᠯ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ᠎ᠢ ᠵᠢᠯᠣᠭᠣᠳᠤᠨ ᠪᠢᠳᠡᠨ᠎ᠦ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠳᠤᠮᠳᠠᠳᠤ ᠰᠣᠯᠣᠩᠭᠣᠰ᠎ᠤᠨ ᠨᠥᠬᠥᠷᠯᠡᠯ᠎ᠦᠨ ᠴᠣ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠬᠣᠶᠠᠷ ᠤᠯᠤᠰ᠎ᠤᠨ ᠨᠡᠢᠭᠡᠮ ᠵᠢᠷᠤᠮ᠎ᠤᠨ ᠪᠦᠳᠦᠬᠡᠨ ᠪᠠᠢᠭᠤᠯᠤᠯᠲᠠ᠎ᠶ᠋ᠢᠨ ᠦᠢᠯᠡᠰ᠎ᠲᠦ ᠦᠢᠯᠡᠴᠢᠯᠡᠵᠦ᠍᠂ ᠬᠣᠶᠠᠷ ᠤᠯᠤᠰ᠎ᠤᠨ ᠠᠷᠠᠳ ᠲᠦᠮᠡᠨ᠎ᠦ ᠠᠵᠠ ᠵᠢᠷᠭᠠᠯ ᠪᠣᠯᠤᠨ ᠨᠥᠬᠥᠷᠯᠡᠯ᠎ᠢ ᠵᠤᠵᠠᠭᠠᠳᠭᠠᠵᠤ᠂ ᠭᠠᠵᠠᠷ ᠣᠷᠣᠨ ᠴᠢᠨᠠᠭ᠍ᠰᠢᠯᠠᠪᠠᠯ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ ᠪᠣᠯᠤᠨ ᠬᠥᠭ᠌ᠵᠢᠯ ᠴᠡᠴᠡᠭ᠌ᠯᠡᠯ᠎ᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠪᠡ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 23 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号