ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ ᠳ᠋ᠤ᠄
25 ᠳ᠋ᠤᠭᠠᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠮᠠᠨ᠎ᠤ ᠤᠯᠤᠰ᠎ᠤᠨ ᠮᠥᠰᠥ᠍ ᠴᠠᠰᠤᠨ᠎ᠤ ᠲᠠᠮᠢᠷᠴᠢᠳ 5 ᠠᠯᠲᠠᠨ ᠮᠧᠳᠠᠯ᠂ 4 ᠮᠥᠩᠭᠥᠨ ᠮᠧᠳᠠᠯ᠂ 6 ᠬᠦᠷᠡᠯ ᠮᠧᠳᠠᠯ ᠨᠡᠢ᠌ᠲᠡ 15 ᠱᠠᠩᠨᠠᠯ᠎ᠤᠨ ᠮᠧᠳᠠᠯ ᠣᠯᠵᠤ᠂ ᠮᠠᠨ᠎ᠤ ᠤᠯᠤᠰ᠎ᠤᠨ ᠬᠢᠯᠢ᠎ᠶ᠋ᠢᠨ ᠭᠠᠳᠠᠨᠠᠬᠢ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ ᠲᠡᠦᠬᠡᠨ ᠳᠡᠭᠡᠷᠡᠬᠢ ᠬᠠᠮᠤᠭ᠎ᠤᠨ ᠰᠠᠢ᠌ᠨ ᠬᠢᠷᠢ ᠪᠦᠲᠦᠮᠵᠢ᠎ᠶ᠋ᠢ ᠡᠬᠦᠳᠴᠤ᠂ ᠲᠡᠮᠢᠷ ᠤ᠋ᠨ ᠬᠥᠳᠡᠯᠭᠡᠭᠡᠨ᠎ᠦ ᠬᠢᠷᠢ ᠪᠦᠲᠦᠮᠵᠢ ᠪᠣᠯᠤᠨ ᠤᠶᠤᠨ᠎ᠤ ᠪᠣᠯᠪᠠᠰᠤᠨ᠎ᠤ ᠬᠣᠣᠰ ᠠᠮᠵᠢᠯᠲᠠ᠎ᠶ᠋ᠢ ᠪᠡᠶᠡᠯᠡᠭᠦᠯᠵᠦ᠍᠂ ᠡᠬᠡ ᠤᠯᠤᠰ ᠪᠣᠯᠤᠨ ᠠᠷᠠᠳ ᠲᠦᠮᠡᠨ ᠳ᠋ᠡᠬᠡᠨ ᠢᠷᠠᠭᠤ ᠠᠯᠳᠠᠷ᠎ᠢ ᠲᠡᠮᠡᠴᠡᠨ ᠣᠯᠵᠤ ᠦᠭᠴᠡᠢ᠃ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠲᠠᠨᠠᠷ᠎ᠲᠤ ᠬᠠᠯᠠᠭᠤᠨ ᠪᠠᠶᠠᠷ ᠬᠦᠷᠭᠡᠵᠦ᠍ ᠳᠣᠲᠣᠨᠣ ᠪᠡᠷ ᠲᠣᠬᠣᠨᠢᠭᠤᠯᠵᠤ ᠪᠠᠢᠨ᠎ᠠ!
ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠲᠠ᠎ᠨᠠᠷ ᠨᠠᠮ ᠪᠠ ᠠᠷᠠᠳ ᠲᠦᠮᠡᠨ᠎ᠦ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠷᠢᠭ ᠰᠠᠨᠠᠭ᠎ᠠ᠂ ᠣᠯᠢᠮᠫᠢᠺ᠎ᠤᠨ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠲᠦᠷᠦᠭᠦᠨ᠎ᠳᠦ᠎ᠨᠢ ᠣᠷᠣᠬᠤ᠎ᠪᠠᠷ ᠡᠷᠡᠯᠬᠡᠭ᠌ᠯᠡᠨ ᠲᠡᠮᠡᠴᠡᠵᠦ᠍᠂ ᠡᠷᠡᠰ ᠬᠠᠲᠠᠭᠤ ᠵᠤᠷᠢᠭ ᠰᠦᠰᠦ ᠪᠠ ᠭᠠᠷᠮᠠᠭᠠᠢ ᠤᠷ᠎ᠠ ᠴᠢᠳᠠᠪᠤᠷᠢ᠎ᠪᠠᠨ ᠭᠠᠢᠬᠠᠭᠤᠯᠵᠤ᠂ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ ᠪᠠᠳᠠᠷᠠᠩᠭᠤᠢ᠎ᠪᠠᠷ ᠡᠷᠡᠯᠬᠡᠭ᠌ᠯᠡᠨ ᠤᠷᠤᠭ᠍ᠰᠢᠯᠠᠬᠤ ᠰᠠᠢ᠌ᠨ ᠰᠠᠢᠬᠠᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃ ᠲᠠ᠎ᠨᠠᠷ ᠳᠡᠯᠡᠬᠡᠢ᠎ᠶ᠋ᠢᠨ ᠡᠯ᠎ᠡ ᠤᠯᠤᠰ ᠡᠯ᠎ᠡ ᠭᠠᠵᠠᠷ ᠣᠷᠣᠨ᠎ᠤ ᠲᠠᠮᠢᠷᠴᠢᠳ ᠲᠠᠶ ᠡᠷᠬᠡ ᠲᠡᠭ᠌ᠰᠢ᠎ᠪᠡᠷ ᠦᠷᠢᠰᠦᠯᠳᠦᠵᠦ᠍᠂ ᠨᠥᠬᠥᠷᠰᠡᠭ᠎ᠢᠶᠡᠷ ᠤᠷᠤᠯᠳᠤᠨ ᠰᠣᠯᠢᠯᠴᠠᠵᠤ᠂ ᠨᠥᠬᠥᠷᠯᠡᠯ᠎ᠢᠶᠡᠨ ᠵᠤᠵᠠᠭᠠᠳᠭᠠᠵᠤ᠂ ᠳᠡᠯᠡᠬᠡᠢ ᠳ᠋ᠠᠬᠢᠨ᠎ᠳᠤ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠬᠦᠴᠦᠨ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠲᠦᠷᠢ ᠲᠥᠷᠬᠦ᠌᠎ᠶ᠋ᠢ ᠳᠠᠬᠢᠨᠲᠠ ᠢᠯᠡᠷᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ ᠳ᠋ᠡᠬᠢ ᠳᠤᠮᠳᠠᠳᠤ᠎ᠶ᠋ᠢᠨ ᠬᠥᠪᠡᠭᠦᠳ ᠥᠬᠢᠳ᠎ᠦᠨ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ ᠪᠣᠯᠤᠨ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠤᠯᠠᠮ ᠨᠢᠭᠡ ᠠᠯᠬᠤᠮ ᠬᠥᠭ᠌ᠵᠢᠭᠡᠪᠡ᠃
ᠲᠠ ᠨᠠᠷ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠬᠠᠷᠠᠯᠲᠠ᠎ᠵᠢ ᠪᠠᠳᠤ ᠡᠵᠡᠮᠳᠡᠵᠤ᠂ ᠤᠯᠤᠰ᠎ᠲᠠᠭᠠᠨ ᠢᠷᠠᠭᠤ ᠠᠯᠳᠠᠷ᠎ᠢ ᠲᠠᠮᠡᠴᠡᠨ ᠤᠯᠬᠤ ᠡᠭᠦᠷᠭᠡ᠎ᠪᠡᠨ ᠪᠠᠲᠤ ᠴᠡᠭᠡᠵᠢᠯᠡᠵᠦ᠍᠂ ᠳᠡᠯᠡᠬᠡᠢ᠎ᠶ᠋ᠢᠨ ᠮᠥᠰᠥ᠍ ᠴᠠᠰᠤᠨ᠎ᠤ ᠲᠠᠮᠢᠷ ᠤ᠋ᠨ ᠬᠥᠳᠡᠯᠭᠡᠭᠡᠨ᠎ᠦ ᠱᠢᠨ᠎ᠡ ᠤᠷᠬᠢᠯ ᠵᠦᠭ ᠲᠠᠰᠤᠷᠠᠯᠳᠠ ᠦᠭᠡᠢ ᠠᠪᠠᠷᠢᠵᠤ᠂ 《 ᠭᠤᠷᠪᠠᠨ ᠳ᠋ᠦᠩᠱᠢᠭᠤᠷ ᠬᠥᠮᠦᠨ᠎ᠢ ᠲᠠᠢ᠌ᠴᠢᠯᠠᠨ ᠮᠥᠰᠥ᠍ ᠴᠠᠰᠤᠨ᠎ᠤ ᠲᠠᠮᠢᠷ ᠤ᠋ᠨ ᠬᠥᠳᠡᠯᠭᠡᠭᠡᠨ᠎ᠳᠦ ᠣᠷᠣᠯᠴᠠᠭᠤᠯᠤᠭᠰᠠᠨ》 ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ
ᠲᠥᠷᠥ᠎ᠶ᠋ᠢᠨ ᠶᠠᠪᠤᠳᠠᠯ᠎ᠤᠨ ᠬᠣᠷᠢᠶ᠎ᠠ
2026 ᠣᠨ᠎ᠤ 2 ᠰᠠᠷ᠎ᠠ᠎ᠶ᠋ᠢᠨ 23 ᠤ᠋ ᠡᠳᠦᠷ
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 23 ᠤ᠋ ᠴᠠᠬᠢᠯᠭᠠᠨ ᠮᠡᠳᠡᠭᠡ)