— 《ᠪᠥᠬᠥ᠌ ᠤᠯᠤᠰ᠎ᠤᠨ ᠨᠢᠭᠡᠳᠦᠯᠲᠡᠶ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠱᠢᠰᠲ᠋ᠧᠮ᠎ᠢ ᠲᠡᠭᠦᠯᠳᠡᠷᠵᠢᠭᠦᠯᠬᠦ᠌ ᠲᠤᠬᠠᠶ ᠬᠡᠷᠡᠭ᠌ᠵᠢᠭᠦᠯᠬᠦ᠌ ᠰᠠᠨᠠᠯ》 ᠤ᠋ᠨ ᠲᠠᠢᠯᠤᠮᠵᠢ
ᠣᠢᠷ᠎ᠠ᠎ᠳᠤ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ 《ᠪᠥᠬᠥ᠌ ᠤᠯᠤᠰ᠎ᠤᠨ ᠨᠢᠭᠡᠳᠦᠯᠲᠡᠶ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠱᠢᠰᠲ᠋ᠧᠮ᠎ᠢ ᠲᠡᠭᠦᠯᠳᠡᠷᠵᠢᠭᠦᠯᠬᠦ᠌ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠳᠠᠷᠤᠮᠠᠯᠯᠠᠨ ᠲᠠᠷᠬᠠᠭᠠᠪᠠ᠃ ᠶᠠᠭᠤᠨ᠎ᠳᠤ ᠰᠠᠨᠠᠯ ᠳᠠᠷᠤᠮᠠᠯᠯᠠᠨ ᠲᠠᠷᠬᠠᠭᠠᠬᠰᠠᠨ ᠪᠣᠶ? ᠰᠠᠨᠠᠯ᠎ᠳᠤ ᠶᠠᠮᠠᠷ ᠶᠠᠮᠠᠷ ᠭᠤᠤᠯᠳᠠᠯᠭ᠎ᠠ᠎ᠲᠠᠶ ᠡᠭᠦᠷᠭᠡ᠎ᠶ᠋ᠢ ᠪᠠᠢᠷᠢᠯᠠᠭᠤᠯᠤᠭ᠍ᠰᠠᠨ ᠪᠣᠶ? ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠤᠢᠷ᠎ᠡ ᠵᠢᠨ ᠡᠳᠦᠷ ᠲᠠᠢᠯᠤᠮᠵᠢ ᠬᠢᠪᠠ᠃
ᠠᠰᠠᠭᠤᠯᠲᠠ᠄ ᠰᠠᠨᠠᠯ᠎ᠢ ᠨᠡᠢᠲᠡᠯᠡᠭ᠌ᠰᠡᠨ ᠠᠬᠤᠶ ᠪᠠᠢᠳᠠᠯ ᠪᠠ ᠠᠴᠢ ᠬᠣᠯᠪᠣᠭ᠍ᠳᠠᠯ ᠨᠢ ᠶᠠᠭᠤ ᠪᠣᠶ?
ᠬᠠᠷᠢᠭᠤᠯᠲᠠ᠄ ᠪᠥᠬᠥ᠌ ᠤᠯᠤᠰ᠎ᠤᠨ ᠨᠢᠭᠡᠳᠦᠯᠲᠡᠶ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠱᠢᠰᠲ᠋ᠧᠮ ᠪᠣᠯ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢᠨ ᠴᠢᠬᠤᠯᠠ ᠪᠡᠯᠭᠡ ᠲᠡᠮᠳᠡᠭ ᠮᠥᠨ᠂ ᠪᠠᠰᠠ ᠴᠤ᠌ ᠴᠠᠬᠢᠯᠭᠠᠨ ᠬᠦᠴᠦᠨ᠎ᠦ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠴᠢᠬᠤᠯᠠ ᠦᠷ᠎ᠡ ᠪᠦᠲᠦᠭᠡᠯ ᠮᠥᠨ᠃ ᠪᠦᠬᠦ᠌ ᠤᠯᠤᠰ᠎ᠤᠨ ᠨᠢᠭᠡᠳᠦᠯᠲᠡᠢ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠱᠢᠰᠲ᠋ᠧᠮ᠎ᠢ ᠪᠠᠢᠭᠤᠯᠬᠤ ᠪᠣᠯ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠪᠠᠢᠭᠤᠯᠵᠤ᠂ ᠴᠠᠬᠢᠯᠭᠠᠨ ᠬᠦᠴᠦᠨ᠎ᠦ ᠡᠬᠢ ᠪᠠᠶᠠᠯᠢᠭ᠎ᠢ ᠱᠢᠯᠢᠳᠡᠭ᠌ᠵᠢᠭᠦᠯᠦᠨ ᠲᠤᠬᠢᠷᠠᠭᠤᠯᠬᠤ᠎ᠶ᠋ᠢ ᠠᠬᠢᠭᠤᠯᠵᠤ᠂ ᠡᠨᠧᠷᠭᠢ᠎ᠶ᠋ᠢᠨ ᠠᠮᠤᠷ ᠲᠦᠪᠱᠢᠨ ᠪᠥᠭᠡᠳ ᠲᠣᠭ᠍ᠲᠠᠭᠤᠨ ᠬᠠᠩᠭᠠᠯᠭ᠎ᠠ᠎ᠶ᠋ᠢ ᠪᠠᠲᠤᠯᠠᠬᠤ᠎ᠶ᠋ᠢᠨ ᠵᠠᠩᠭᠢᠯᠠᠭ᠎ᠠ᠎ᠶ᠋ᠢᠨ ᠲᠦᠱᠢᠭ ᠲᠤᠯᠭᠠᠭᠤᠷᠢ ᠪᠤᠯᠬᠤ ᠪᠡᠷ ᠪᠠᠷᠠᠬᠤ ᠦᠭᠡᠢ ᠪᠠᠰᠠ ᠴᠤ᠌ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ᠂ ᠠᠵᠤ ᠠᠬᠤᠢ᠎ᠶ᠋ᠢᠨ ᠲᠣᠭ᠍ᠲᠠᠭᠤᠨ ᠨᠡᠮᠡᠭ᠌ᠳᠡᠯ᠎ᠢ ᠠᠬᠢᠭᠤᠯᠬᠤ᠎ᠶ᠋ᠢᠨ ᠦᠨᠳᠦᠰᠦᠨ ᠡᠯᠧᠮᠧᠨ᠋ᠲ᠎ᠦᠨ ᠪᠠᠲᠤᠯᠠᠭ᠎ᠠ ᠮᠥᠨ᠃
ᠣᠢᠷ᠎ᠠ᠎ᠶ᠋ᠢᠨ ᠵᠢᠯ᠎ᠦᠳ᠎ᠲᠦ᠂ ᠨᠠᠮ᠎ᠤᠨ ᠲᠥᠪ ᠬᠣᠷᠢᠶ᠎ᠠ ᠪᠠ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠡᠴᠡ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠬᠤ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠲᠦᠷᠭᠡᠪᠴᠢᠯᠡᠨ ᠪᠠᠢᠭᠤᠯᠬᠤ ᠵᠡᠷᠭᠡ ᠲᠠᠯ᠎ᠠ᠎ᠪᠠᠷ ᠱᠢᠨ᠎ᠡ ᠱᠠᠭᠠᠷᠳᠠᠯᠭ᠎ᠠ ᠳᠤᠷᠠᠳᠴᠤ᠌᠂ ᠴᠠᠬᠢᠯᠭᠠᠨ ᠬᠦᠴᠦᠨ᠎ᠦ ᠦᠶ᠋ᠯᠡᠳᠪᠦᠷᠢᠯᠡᠯ᠎ᠦᠨ ᠠᠷᠭ᠎ᠠ ᠮᠠᠶᠢᠭ᠂ ᠬᠡᠷᠡᠭ᠌ᠯᠡᠭᠡᠨ᠎ᠦ ᠵᠠᠭ᠍ᠪᠤᠷ᠂ ᠠᠵᠤ ᠦᠶ᠋ᠯᠡᠰ᠎ᠦᠨ ᠪᠦᠲᠦᠴᠡ᠎ᠳᠦ ᠯᠤᠲᠤ ᠶᠡᠬᠡ ᠬᠤᠪᠢᠷᠠᠯᠲᠠ ᠭᠠᠷᠴᠤ᠌᠂ ᠱᠢᠨ᠎ᠡ ᠡᠨᠧᠷᠭᠢ᠎ᠶ᠋ᠢᠨ ᠡᠵᠡᠯᠡᠬᠦ᠌ ᠬᠠᠷᠢᠴᠠᠯ ᠨᠢ ᠲᠠᠰᠤᠷᠠᠯᠲᠠ ᠥᠬᠡᠶ ᠳᠡᠭᠡᠭ᠌ᠰᠢᠯᠡᠵᠦ᠍᠂ ᠱᠢᠨ᠎ᠡ ᠵᠠᠭ᠍ᠪᠤᠷ ᠱᠢᠨ᠎ᠡ ᠠᠬᠤᠶ ᠪᠠᠢᠳᠠᠯ ᠲᠦᠷᠭᠡᠨ ᠪᠦᠷᠢᠯᠳᠦᠵᠦ᠍᠂ ᠠᠵᠤ ᠠᠬᠤᠶ᠎ᠶ᠋ᠢᠨ ᠬᠥᠭ᠌ᠵᠢᠯᠲᠡ ᠪᠠ ᠠᠷᠠᠳ᠎ᠤᠨ ᠠᠮᠢᠳᠤᠷᠠᠯ ᠨᠢ ᠴᠠᠬᠢᠯᠭᠠᠨ ᠬᠡᠷᠡᠭ᠌ᠯᠡᠬᠦ᠌ ᠥᠪᠡᠷ᠎ᠦᠨ ᠥᠷᠲᠡᠭ ᠪᠠ ᠨᠠᠢᠳᠠᠪᠤᠷᠢᠲᠤ ᠴᠢᠨᠠᠷ᠎ᠲᠤ ᠨᠠᠩ ᠥᠨᠳᠥᠷ ᠬᠡᠷᠡᠭ᠌ᠴᠡᠭᠡ ᠳᠤᠷᠠᠳᠤᠭ᠍ᠰᠠᠨ ᠪᠠᠢᠨ᠎ᠠ᠂ ᠡᠲᠡᠭᠡᠷ ᠨᠢ ᠴᠥᠮ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠲᠦ ᠱᠢᠨ᠎ᠡ ᠦᠷᠢᠰᠦᠯᠳᠦᠭᠡᠨ᠎ᠢ ᠠᠪᠴᠢᠷᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠠᠷᠭ᠎ᠠ ᠪᠠᠷᠢᠯ᠎ᠢᠶᠠᠷ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌᠎ᠶ᠋ᠢ ᠲᠤᠯᠭᠠᠮ ᠱᠠᠭᠠᠷᠳᠠᠵᠤ ᠪᠠᠢᠨ᠎ᠠ᠃ ᠰᠠᠨᠠᠯ ᠨᠢ ᠲᠡᠦᠬᠡ᠎ᠶ᠋ᠢᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠱᠢᠨ᠎ᠡ ᠬᠠᠨᠳᠤᠰᠢ ᠰᠢᠨ᠎ᠠ ᠪᠠᠢᠳᠠᠯ ᠱᠢᠨ᠎ᠡ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠢᠷᠡᠭᠡᠳᠦᠢ᠎ᠶ᠋ᠢᠨ 5 ᠡᠴᠡ 10 ᠵᠢᠯ᠎ᠳᠦ ᠪᠦᠬᠦ᠌ ᠤᠯᠤᠰ᠎ᠤᠨ ᠨᠢᠭᠡᠳᠦᠯᠲᠡᠢ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠱᠢᠰᠲ᠋ᠧᠮ᠎ᠢ ᠲᠡᠭᠦᠯᠳᠡᠷᠵᠢᠭᠦᠯᠬᠦ᠌ ᠭᠣᠣᠯᠳᠠᠯᠭ᠎ᠠ᠎ᠲᠠᠶ ᠡᠭᠦᠷᠭᠡ᠎ᠶ᠋ᠢ ᠲᠤᠬᠢᠷᠠᠭᠤᠯᠤᠨ ᠪᠠᠢᠷᠢᠯᠠᠭᠤᠯᠪᠠ᠃
ᠠᠰᠠᠭᠤᠯᠲᠠ᠄ ᠰᠠᠨᠠᠯ᠎ᠳᠤ ᠪᠥᠬᠥ᠌ ᠤᠯᠤᠰ᠎ᠤᠨ ᠨᠢᠭᠡᠳᠦᠯᠲᠡᠶ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠱᠢᠰᠲ᠋ᠧᠮ᠎ᠢ ᠲᠡᠭᠦᠯᠳᠡᠷᠵᠢᠭᠦᠯᠬᠦ᠌ ᠲᠤᠬᠠᠶ ᠶᠡᠷᠦᠩᠬᠡᠶ ᠱᠠᠭᠠᠷᠳᠠᠯᠭ᠎ᠠ ᠨᠢ ᠶᠠᠭᠤ ᠪᠣᠶ?
ᠬᠠᠷᠢᠭᠤᠯᠲᠠ᠄ ᠰᠠᠨᠠᠯ᠎ᠳᠤ᠂ ᠪᠦᠬᠦ᠌ ᠤᠯᠤᠰᠢᠶᠡᠷᠢᠶᠡᠨ ᠨᠢᠭᠡᠳᠦᠯᠲᠠᠢ᠂ ᠰᠠᠭᠠᠳ ᠦᠭᠡᠢ ᠡᠷᠭᠢᠯᠲᠡ ᠵᠢ ᠪᠠᠷᠢᠮᠳᠠᠯᠠᠵᠤ᠂ ᠵᠠᠬ᠎ᠠ ᠳᠡᠯᠭᠡᠭᠦᠷ᠎ᠦᠨ ᠬᠡᠰᠡᠭ᠌ᠯᠡᠯ᠎ᠢ ᠬᠦᠴᠦᠯᠡᠨ ᠡᠪᠳᠡᠵᠦ᠂ ᠤᠷᠤᠨ ᠪᠦᠰᠡ ᠵᠢᠨ ᠪᠡᠬᠢᠯᠡᠯᠲᠡ᠎ᠶ᠋ᠢ ᠠᠷᠢᠯᠭᠠᠵᠤ᠂ ᠵᠠᠬ᠎ᠠ ᠳᠡᠯᠭᠡᠭᠦᠷ᠎ᠦᠨ ᠥᠨᠳᠥᠷ ᠪᠦᠲᠦᠮᠵᠢᠲᠡᠢ ᠬᠣᠯᠪᠣᠯᠳᠤᠨ ᠨᠡᠪᠲᠡᠷᠡᠯᠴᠡᠬᠦ᠌ ᠪᠠ ᠣᠷᠭᠠᠨᠢᠭ᠎ᠢᠶᠠᠷ ᠵᠣᠯᠭᠠᠭᠤᠯᠬᠤ᠎ᠶ᠋ᠢ ᠠᠬᠢᠭᠤᠯᠵᠤ᠂ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭ᠌ᠴᠡᠭᠡ᠎ᠶ᠋ᠢᠨ ᠥᠨᠳᠥᠷ ᠲᠦᠪᠱᠢᠨ ᠪᠥᠬᠥᠶ ᠬᠥᠳᠡᠯᠦᠩᠭᠦᠶ ᠲᠡᠩᠴᠡᠭᠦᠷᠢ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠡᠪᠴᠢᠶ᠎ᠡ᠎ᠪᠡᠨ ᠬᠦᠴᠦᠯᠡᠨ ᠥᠷᠭᠡᠳᠭᠡᠵᠦ᠂ ᠪᠦᠲᠦᠴᠡ᠎ᠶ᠋ᠢ ᠰᠠᠢᠵᠢᠷᠠᠭᠤᠯᠵᠤ᠂ ᠴᠢᠳᠠᠮᠵᠢ ᠵᠢ ᠥᠷᠭᠡᠳᠭᠡᠵᠦ᠂ ᠨᠢᠭᠡᠳᠦᠯᠲᠡᠶ ᠨᠡᠭᠡᠭᠡᠯᠲᠡ ᠲᠠᠢ᠂ ᠥᠷᠢᠰᠥᠯᠳᠦᠭᠡᠨ ᠨᠢ ᠡᠮᠬᠢ ᠵᠢᠷᠤᠮ᠎ᠲᠠᠶ᠂ ᠠᠮᠤᠷ ᠲᠦᠪᠱᠢᠨ ᠥᠨᠳᠥᠷ ᠪᠦᠲᠦᠮᠵᠢᠲᠡᠶ᠂ ᠵᠠᠰᠠᠯᠲᠠ ᠨᠢ ᠲᠡᠭᠦᠯᠳᠡᠷᠵᠢᠭᠰᠡᠨ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠱᠢᠰᠲ᠋ᠧᠮ᠎ᠢ ᠪᠦᠷᠢᠨᠰᠢᠭᠦᠯᠵᠦ᠂ ᠴᠠᠬᠢᠯᠭᠠᠨ ᠬᠦᠴᠦᠨ᠎ᠦ ᠱᠢᠰᠲ᠋ᠧᠮ᠎ᠦᠨ ᠠᠮᠤᠷ ᠲᠦᠪᠱᠢᠨ ᠨᠠᠢᠳᠠᠪᠤᠷᠢᠲᠠᠶ ᠠᠵᠢᠯᠯᠠᠬᠤ᠎ᠶ᠋ᠢ ᠪᠠᠲᠤᠯᠠᠭ᠍ᠰᠠᠨ ᠰᠠᠭᠤᠷᠢᠨ ᠳᠡᠭᠡᠷ᠎ᠡ᠂ ᠵᠠᠬ᠎ᠠ ᠳᠡᠯᠭᠡᠭᠦᠷ᠎ᠦᠨ ᠠᠵᠢᠯᠯᠠᠭᠠᠨ᠎ᠨᠢ ᠰᠠᠭᠠᠳ ᠦᠭᠡᠢ ᠪᠥᠭᠡᠳ ᠡᠮᠬᠢ ᠵᠢᠷᠤᠮ᠎ᠲᠠᠶ ᠪᠠᠢᠬᠤ᠂ ᠠᠷᠠᠯᠵᠢᠶᠠᠨ᠎ᠤ ᠳᠦᠷᠢᠮ᠎ᠨᠢ ᠨᠢᠭᠡᠳᠦᠯᠲᠡᠶ ᠥᠨᠳᠥᠷ ᠪᠦᠲᠦᠮᠵᠢᠲᠡᠶ᠂ ᠠᠱᠢᠭ ᠲᠤᠰᠠ᠎ᠶ᠋ᠢᠨ ᠬᠤᠪᠢᠶᠠᠷᠢᠯᠠᠯᠲᠠ ᠨᠢ ᠭᠣᠣᠯᠴᠢ ᠪᠥᠭᠡᠳ ᠵᠦᠢ ᠵᠣᠬᠢᠰᠲᠠᠶ ᠪᠠᠢᠬᠤ ᠵᠢ ᠪᠡᠶᠡᠯᠡᠭᠦᠯᠵᠦ᠂ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠂ ᠠᠵᠤ ᠠᠬᠤᠢ ᠨᠡᠢᠭᠡᠮ᠎ᠦᠨ ᠬᠥᠭ᠌ᠵᠢᠯᠲᠡ ᠪᠣᠯᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠤ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
ᠠᠰᠠᠭᠤᠯᠲᠠ᠄ ᠰᠠᠨᠠᠯ᠎ᠳᠤ ᠶᠠᠮᠠᠷ ᠶᠠᠮᠠᠷ ᠭᠤᠤᠯᠳᠠᠯᠭ᠎ᠠ᠎ᠲᠠᠶ ᠡᠭᠦᠷᠭᠡ ᠪᠠ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢ ᠳᠤᠷᠠᠳᠤᠭ᠍ᠰᠠᠨ ᠪᠣᠶ?
ᠬᠠᠷᠢᠭᠤᠯᠲᠠ᠄ ᠰᠠᠨᠠᠯ᠎ᠳᠤ ᠴᠠᠬᠢᠯᠭᠠᠨ ᠬᠦᠴᠦᠨ᠎ᠦ ᠡᠬᠢ ᠪᠠᠶᠠᠯᠢᠭ᠎ᠢ ᠪᠥᠬᠥ᠌ ᠤᠯᠤᠰ᠎ᠤᠨ ᠬᠡᠪᠴᠢᠶᠡᠨ᠎ᠳᠦ ᠱᠢᠯᠢᠳᠡᠭ᠌ᠵᠢᠭᠦᠯᠦᠨ ᠳᠣᠭᠢᠷᠠᠭᠤᠯᠬᠤ᠎ᠶ᠋ᠢ ᠠᠬᠢᠭᠤᠯᠬᠤ᠂ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠡᠯ᠎ᠡ ᠵᠦᠶ᠋ᠯ᠎ᠦᠨ ᠴᠢᠳᠠᠮᠵᠢ᠎ᠶ᠋ᠢ ᠪᠦᠷᠢᠨᠱᠢᠬᠦᠯᠬᠦ᠌᠂ ᠡᠯ᠎ᠡ ᠲᠥᠷᠥᠯ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠡᠷᠬᠡ ᠲᠡᠭ᠌ᠰᠢ ᠥᠷᠭᠡᠨ ᠳᠡᠯᠭᠡᠷ᠎ᠢᠶᠡᠷ ᠣᠷᠣᠯᠴᠠᠬᠤ᠎ᠶ᠋ᠢ ᠠᠬᠢᠭᠤᠯᠬᠤ᠂ ᠪᠥᠬᠥ᠌ ᠤᠯᠤᠰ᠎ᠤᠨ ᠨᠢᠭᠡᠳᠦᠯᠲᠡᠶ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠪᠠᠢᠭᠤᠯᠤᠯ᠎ᠦᠨ ᠱᠢᠰᠲ᠋ᠧᠮ᠎ᠢ ᠪᠠᠢᠭᠤᠯᠬᠤ᠂ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠬᠤ ᠵᠡᠷᠭᠡ 5 ᠲᠠᠯ᠎ᠠ᠎ᠶ᠋ᠢᠨ 19 ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢ ᠭᠤᠤᠯᠳᠠᠯᠭ᠎ᠠ᠎ᠲᠠᠶ ᠪᠠᠢᠷᠢᠯᠠᠭᠤᠯᠵᠤ᠂ ᠢᠯᠠᠩᠭᠤᠶ᠎ᠠ ᠳᠤᠤᠷᠠᠬᠢ ᠮᠡᠲᠦ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢ ᠳᠤᠷᠠᠳᠪᠠ᠃
ᠨᠢᠭᠡ᠎ᠳᠦ᠂ ᠪᠦᠬᠦ ᠤᠯᠤᠰ᠎ᠤᠨ ᠨᠢᠭᠡᠳᠦᠯᠲᠡᠢ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠰᠢᠰᠲᠧᠮ᠎ᠢ ᠰᠢᠯᠢᠳᠡᠭᠵᠢᠭᠦᠯᠬᠦ ᠠᠷᠭ᠎ᠠ ᠵᠠᠮ᠎ᠢ ᠪᠡᠶᠡᠯᠡᠭᠦᠯᠦᠨ᠎ᠡ᠃ ᠰᠠᠨᠠᠯ᠎ᠳᠤ᠂ ᠡᠯ᠎ᠡ ᠲᠠᠰ ᠳᠠᠪᠬᠤᠷᠭ᠎ᠠ᠎ᠶᠢᠨ ᠵᠠᠬ᠎ᠠ ᠳᠡᠯᠭᠡᠭᠦᠷ ᠨᠢ《ᠲᠣᠰ ᠲᠣᠰ᠎ᠲᠠᠭᠠᠨ ᠦᠨ᠎ᠡ ᠮᠡᠳᠡᠭᠦᠯᠬᠦ᠂ ᠲᠣᠰ ᠲᠣᠰ᠎ᠲᠠᠭᠠᠨ ᠠᠷᠠᠯᠵᠢᠶᠠᠯᠠᠬᠤ》 ᠡᠴᠡ《ᠨᠢᠭᠡᠳᠦᠯᠲᠡᠢ ᠦᠨ᠎ᠡ ᠮᠡᠳᠡᠭᠦᠯᠬᠦ᠂ ᠬᠣᠯᠪᠤᠭᠠᠯᠠᠨ ᠠᠷᠠᠯᠵᠢᠶᠠᠯᠠᠬᠤ》ᠳᠠᠢᠰᠢ ᠠᠯᠬᠤᠮ ᠠᠯᠬᠤᠮ᠎ᠢᠶᠠᠷ ᠰᠢᠯᠵᠢᠵᠦ᠂ ᠬᠥᠷᠰᠢ ᠵᠡᠷᠭᠡᠯᠡᠳᠡᠭᠡ ᠮᠤᠵᠢ᠎ᠶᠢᠨ ᠳᠣᠲᠣᠭᠠᠳᠤ᠎ᠶᠢᠨ ᠵᠠᠬ᠎ᠠ ᠳᠡᠯᠭᠡᠭᠦᠷ ᠰᠠᠢᠨ ᠳᠤᠷ᠎ᠠ᠎ᠡᠴᠡ᠎ᠪᠠᠨ ᠬᠣᠯᠪᠣᠭᠠᠯᠠᠬᠤ ᠪᠤᠶᠤ ᠠᠭᠤᠰᠤᠯᠴᠠᠬᠤ ᠪᠣᠯᠣᠮᠵᠢᠲᠤ ᠠᠷᠭ᠎ᠠ ᠬᠡᠯᠪᠡᠷᠢ᠎ᠶᠢ ᠰᠦᠪᠡᠭᠴᠢᠯᠡᠬᠦ᠎ᠶᠢᠨ ᠬᠠᠮᠲᠤ ᠪᠡᠯᠡᠨ ᠪᠠᠷᠠᠭ᠎ᠠ᠂ ᠳᠤᠮᠳᠠ ᠣᠷᠳᠣ᠌ ᠬᠤᠭᠤᠴᠠᠭ᠎ᠠ᠂ ᠲᠤᠰᠠᠯᠠᠬᠤ ᠦᠢᠯᠡᠴᠢᠯᠡᠭᠡ᠂ ᠪᠠᠭᠲᠠᠭᠠᠮᠵᠢ ᠵᠡᠷᠭᠡ ᠠᠳᠠᠯᠢ ᠪᠤᠰᠤ ᠲᠥᠷᠥᠯ᠎ᠦᠨ ᠵᠠᠬ᠎ᠠ ᠳᠡᠯᠭᠡᠭᠦᠷ᠎ᠦᠨ ᠬᠣᠭᠣᠷᠣᠨᠳᠣᠬᠢ ᠵᠣᠯᠭᠠᠯᠳᠤᠭᠤᠯᠬᠤ ᠲᠣᠭᠲᠡᠴᠡ᠎ᠳᠤ ᠪᠣᠳᠠᠲᠠᠢ ᠱᠠᠭᠠᠷᠳᠠᠯᠭ᠎ᠠ ᠳᠤᠷᠠᠳᠬᠤ ᠬᠡᠷᠡᠭᠲᠡᠢ ᠭᠡᠵᠦ ᠠᠩᠬ᠎ᠠ ᠤᠳᠠᠭ᠎ᠠ ᠳᠤᠷᠠᠳᠪᠠ᠃
ᠬᠣᠶᠠᠷ᠎ᠲᠤ᠂ ᠮᠤᠵᠢ ᠣᠷᠣᠨ ᠠᠯᠤᠰᠯᠠᠭᠰᠠᠨ ᠴᠠᠬᠢᠯᠭᠠᠨ ᠬᠦᠴᠦᠨ᠎ᠦ ᠠᠷᠠᠯᠵᠢᠶᠠᠨ᠎ᠤ ᠳᠦᠷᠢᠮ᠎ᠢ ᠲᠡᠭᠦᠯᠳᠡᠷᠵᠢᠭᠦᠯᠦᠨ᠎ᠡ᠃ ᠴᠠᠬᠢᠯᠭᠠᠨ ᠲᠣᠣᠷ ᠠᠯᠤᠰᠯᠠᠭᠰᠠᠨ ᠪᠠᠢᠨᠭᠭᠤᠵᠢᠭᠰᠠᠨ ᠵᠠᠬ᠎ᠠ ᠳᠡᠯᠭᠡᠭᠦᠷ᠎ᠦᠨ ᠠᠷᠠᠯᠵᠢᠶ᠎ᠠ᠎ᠶᠢ ᠠᠬᠢᠭᠤᠯᠵᠤ᠂ ᠮᠤᠵᠢ ᠠᠯᠤᠰᠯᠠᠭᠰᠠᠨ ᠣᠷᠣᠨ ᠠᠯᠤᠰᠯᠠᠭᠰᠠᠨ ᠴᠠᠬᠢᠯᠭᠠᠨ ᠬᠦᠷᠭᠡᠬᠦ ᠬᠡᠪᠴᠢᠶ᠎ᠡ ᠪᠠ ᠴᠡᠪᠡᠷ ᠡᠨᠧᠷᠭᠢ ᠬᠦᠷᠭᠡᠬᠦ᠎ᠶᠢᠨ ᠡᠵᠡᠯᠡᠬᠦ ᠬᠠᠷᠢᠴᠠᠯ᠎ᠢ ᠨᠡᠮᠡᠭᠳᠡᠭᠦᠯᠵᠦ᠂ ᠣᠯᠠᠨ ᠨᠡᠪᠲᠡᠷᠡᠬᠦ ᠵᠠᠮ᠎ᠢ ᠲᠥᠪᠯᠡᠷᠡᠭᠦᠯᠦᠨ ᠰᠢᠯᠢᠳᠡᠭᠵᠢᠭᠦᠯᠬᠦ᠎ᠶᠢ ᠴᠢᠩᠭᠠᠳᠬᠠᠵᠤ᠂ ᠡᠮᠦᠨᠡᠲᠦ ᠣᠷᠣᠨ᠎ᠤ ᠣᠷᠣᠨ ᠪᠦᠰᠡ᠎ᠶᠢᠨ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠢ ᠨᠢᠭᠡ ᠴᠣᠭᠴᠠᠵᠢᠭᠤᠯᠤᠨ ᠪᠦᠲᠦᠭᠡᠨ ᠪᠠᠢᠭᠤᠯᠵᠤ ᠡᠵᠡᠩᠨᠡᠨ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠴᠠᠬᠢᠯᠭᠠᠨ ᠬᠦᠴᠦᠨ᠎ᠦ ᠬᠠᠷᠢᠯᠴᠠᠨ ᠲᠤᠰᠠᠯᠠᠯᠴᠠᠬᠤ᠎ᠶᠢ ᠲᠡᠭᠦᠯᠳᠡᠷᠵᠢᠭᠦᠯᠵᠦ᠂ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠪᠦᠬᠦ ᠤᠯᠤᠰ᠎ᠤᠨ ᠬᠡᠪᠴᠢᠶᠡᠨ᠎ᠳᠦ ᠬᠣᠯᠪᠣᠯᠳᠤᠨ ᠨᠡᠪᠲᠡᠷᠡᠯᠴᠡᠬᠦ᠎ᠶᠢ ᠤᠯᠠᠮ ᠴᠢᠨᠠᠭᠰᠢᠳᠠ ᠠᠬᠢᠭᠤᠯᠵᠤ᠂ ᠴᠠᠬᠢᠯᠭᠠᠨ ᠬᠦᠴᠦᠨ᠎ᠦ ᠡᠬᠢ ᠪᠠᠶᠠᠯᠢᠭ᠋᠎ᠤᠨ ᠪᠦᠬᠦ ᠤᠯᠤᠰ᠎ᠤᠨ ᠶᠡᠬᠡ ᠣᠷᠴᠢᠯ᠎ᠢ ᠪᠡᠶᠡᠯᠡᠭᠦᠯᠬᠦ᠎ᠶᠢ ᠠᠬᠢᠭᠤᠯᠤᠨ᠎ᠠ᠃
ᠭᠤᠷᠪᠠ᠎ᠳᠤ᠂ ᠪᠠᠭᠲᠠᠭᠠᠮᠵᠢᠲᠤ ᠵᠠᠬ᠎ᠠ ᠳᠡᠯᠭᠡᠭᠦᠷ᠎ᠢ ᠰᠦᠪᠡᠭᠴᠢᠯᠡᠨ ᠪᠠᠢᠭᠤᠯᠤᠨ᠎ᠠ᠃ ᠨᠡᠭᠦᠷᠡᠰᠦ ᠴᠠᠬᠢᠯᠭᠠᠨ᠂ ᠤᠰᠤ ᠲᠠᠲᠠᠵᠤ ᠡᠨᠧᠷᠭᠢ ᠬᠠᠳᠠᠭᠠᠯᠠᠬᠤ᠂ ᠰᠢᠨ᠎ᠡ ᠬᠡᠯᠪᠡᠷᠢ᠎ᠶᠢᠨ ᠨᠥᠭᠡᠴᠡ ᠡᠨᠧᠷᠭᠢ ᠵᠡᠷᠭᠡ ᠲᠤᠯᠭᠠᠭᠤᠷᠢᠯᠠᠬᠤ ᠴᠢᠨᠠᠷ᠂ ᠲᠣᠬᠢᠷᠠᠭᠤᠯᠬᠤ ᠴᠢᠨᠠᠷ ᠪᠦᠬᠦᠢ ᠡᠬᠢ ᠪᠠᠶᠠᠯᠢᠭ᠋ ᠨᠢ ᠥᠨᠳᠥᠷ ᠬᠠᠷᠢᠴᠠᠯ ᠪᠦᠬᠦᠢ ᠰᠢᠨ᠎ᠡ ᠡᠨᠧᠷᠭᠢ᠎ᠶᠢ ᠰᠢᠩᠭᠡᠭᠡᠬᠦ᠎ᠶᠢ ᠠᠬᠢᠭᠤᠯᠬᠤ᠂ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠢ ᠪᠠᠶ᠋ᠢᠭᠤᠯᠬᠤ ᠶᠠᠪᠤᠴᠠ᠎ᠳᠤ ᠴᠢᠬᠤᠯᠠ ᠦᠢᠯᠡᠳᠦᠯ᠎ᠢᠶᠡᠨ ᠪᠠᠳᠠᠷᠠᠭᠤᠯᠤᠨ᠎ᠠ᠃ ᠲᠡᠭᠦᠨ᠎ᠦ ᠠᠰᠢᠭ᠋ ᠣᠷᠣᠯᠭ᠎ᠠ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠰᠠᠨᠠᠯ᠎ᠳᠤ ᠨᠠᠢᠳᠠᠪᠤᠷᠢᠲᠠᠢ ᠪᠠᠭᠲᠠᠭᠠᠮᠵᠢᠲᠤ ᠨᠥᠬᠥᠪᠦᠷᠢ᠎ᠶᠢᠨ ᠲᠣᠭᠲᠡᠴᠡ᠎ᠶᠢ ᠡᠮᠬᠢ ᠵᠢᠷᠤᠮ᠎ᠲᠠᠢ ᠪᠠᠢᠭᠤᠯᠵᠤ᠂ ᠨᠥᠬᠥᠴᠡᠯ᠎ᠲᠠᠢ ᠭᠠᠵᠠᠷ ᠣᠷᠣᠨ᠎ᠤ ᠪᠠᠭᠲᠠᠭᠠᠮᠵᠢᠲᠤ ᠵᠠᠬ᠎ᠠ ᠳᠡᠯᠭᠡᠭᠦᠷ᠎ᠢ ᠬᠠᠢᠨ ᠰᠦᠪᠡᠭᠴᠢᠯᠡᠬᠦ᠎ᠶᠢ ᠳᠡᠮᠵᠢᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ᠎ᠢᠶᠠᠷ ᠲᠤᠯᠭᠠᠭᠤᠷᠢᠯᠠᠬᠤ ᠴᠢᠨᠠᠷᠲᠠᠢ ᠴᠠᠬᠢᠯᠭᠠᠨ ᠡᠭᠦᠰᠬᠡᠭᠴᠢ᠎ᠶᠢᠨ ᠡᠮᠬᠢ ᠵᠢᠷᠤᠮ᠎ᠲᠠᠢ ᠬᠥᠭᠵᠢᠯᠲᠡ᠎ᠶᠢ ᠬᠥᠲᠥᠯᠥᠨ ᠵᠢᠯᠤᠭᠣᠳᠴᠤ ᠲᠣᠬᠢᠷᠠᠭᠤᠯᠤᠨ᠂ ᠰᠢᠰᠲᠧᠮ᠎ᠦᠨ ᠨᠠᠢᠳᠠᠪᠤᠷᠢᠲᠠᠢ ᠪᠠᠭᠲᠠᠭᠠᠮᠵᠢᠲᠤ ᠣᠷᠳᠣ᠌ ᠬᠤᠭᠤᠴᠠᠭ᠎ᠠ᠎ᠪᠠᠷ ᠭᠦᠢᠴᠡᠳ ᠪᠠᠢᠬᠤ᠎ᠶᠢ ᠪᠠᠲᠤᠯᠠᠵᠤ᠂ ᠬᠠᠩᠭᠠᠯᠭ᠎ᠠ᠎ᠶᠢ ᠪᠠᠲᠤᠯᠠᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ ᠭᠡᠵᠦ ᠳᠤᠷᠠᠳᠪᠠ᠃
ᠳᠥᠷᠪᠡ᠎ᠳᠦ᠂ ᠰᠢᠨ᠎ᠡ ᠡᠨᠧᠷᠭᠢ᠎ᠶᠢᠨ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠲᠦ ᠨᠠᠩ ᠰᠠᠢᠨ ᠣᠷᠣᠯᠴᠠᠬᠤ᠎ᠶᠢ ᠳᠡᠮᠵᠢᠨ᠎ᠡ᠃ ᠤᠯᠤᠰ᠎ᠤᠨ ᠪᠠᠢᠳᠠᠯ᠎ᠳᠠᠭᠠᠨ ᠰᠠᠭᠤᠷᠢᠯᠠᠨ᠂ ᠡᠯᠡᠰᠦ ᠭᠤᠪᠢ ᠴᠦᠯᠯᠡᠷᠬᠡᠭ ᠭᠠᠵᠠᠷ ᠤ᠋ᠨ ᠲᠣᠮᠣ᠌ ᠰᠠᠭᠤᠷᠢᠨ᠂ ᠲᠠᠷᠬᠠᠯᠲᠠ᠎ᠶᠢᠨ ᠮᠠᠶᠢᠭ᠋᠎ᠤᠨ ᠰᠢᠨ᠎ᠡ ᠡᠨᠧᠷᠭᠢ ᠵᠡᠷᠭᠡ ᠣᠯᠠᠨ ᠵᠦᠢᠯ᠎ᠦᠨ ᠬᠡᠯᠪᠡᠷᠢ᠎ᠶᠢᠨ ᠰᠢᠨ᠎ᠡ ᠡᠨᠧᠷᠭᠢ᠎ᠶᠢᠨ ᠲᠥᠷᠥᠯ ᠵᠦᠢᠯ᠎ᠦᠨ ᠲᠣᠭᠣᠷᠢᠨ᠎ᠳᠤ ᠵᠠᠬ᠎ᠠ ᠳᠡᠯᠭᠡᠭᠦᠷ᠎ᠲᠦ ᠣᠷᠣᠬᠤ ᠵᠦᠷᠢᠶᠡᠴᠢᠯᠡᠭᠰᠡᠨ ᠠᠷᠭ᠎ᠠ ᠵᠠᠮ᠎ᠢ ᠳᠤᠷᠠᠳᠤᠨ ᠭᠠᠷᠭᠠᠪᠠ᠃ ᠣᠯᠠᠨ ᠤᠯᠤᠰ᠎ᠯᠤᠭ᠎ᠠ ᠪᠠᠷᠢᠮᠵᠢᠶᠠᠯᠠᠵᠤ᠂ ᠮᠤᠵᠢ᠎ᠶᠢᠨ ᠬᠣᠭᠣᠷᠣᠨᠳᠣᠬᠢ ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶ᠎ᠠ ᠵᠢ ᠪᠦᠭᠡᠮᠨᠡᠷᠡᠭᠦᠯᠬᠦ᠂ ᠣᠯᠠᠨ ᠵᠢᠯ᠎ᠦᠨ ᠬᠤᠭᠤᠴᠠᠭᠠᠨ᠎ᠤ ᠪᠤᠬᠢᠷᠳᠤᠯ ᠦᠭᠡᠢ ᠴᠠᠬᠢᠯᠭᠠᠨ᠎ᠤ ᠭᠡᠷ᠎ᠡ ᠲᠣᠭᠲᠠᠭᠠᠬᠤ᠂ ᠪᠤᠬᠢᠷᠳᠤᠯ ᠦᠭᠡᠢ ᠴᠠᠬᠢᠯᠭᠠᠨ᠎ᠤ ᠬᠡᠷᠡᠭᠯᠡᠭᠡ᠎ᠶᠢᠨ ᠢᠷᠡᠯᠲᠡ᠎ᠶᠢ ᠮᠦᠷᠳᠡᠬᠦ᠎ᠶᠢ ᠴᠢᠩᠭᠠᠳᠬᠠᠬᠤ ᠵᠡᠷᠭᠡ ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠴᠤ᠂ ᠭᠠᠳᠠᠭᠠᠳᠤ᠎ᠳᠤ ᠭᠠᠷᠭᠠᠬᠤ ᠭᠠᠳᠠᠭ᠍ᠰᠢᠯ ᠠᠵᠤ ᠠᠬᠤᠢᠯᠠᠯ ᠪᠠ ᠭᠠᠳᠠᠭᠠᠳᠤ᠎ᠵᠢᠨ ᠪᠡᠯᠡ᠎ᠲᠤ ᠠᠵᠤ ᠠᠬᠤᠢᠯᠠᠯ᠎ᠤᠨ ᠪᠤᠬᠢᠷᠳᠤᠯ ᠦᠭᠡᠢ ᠴᠠᠬᠢᠯᠭᠠᠨ᠎ᠤ ᠬᠡᠷᠡᠭᠯᠡᠭᠡ᠎ᠵᠢᠨ ᠬᠡᠷᠡᠭᠴᠡᠭᠡ᠎ᠶᠢ ᠨᠠᠩ ᠰᠠᠢᠲᠤᠷ ᠬᠠᠩᠭᠠᠨ᠎ᠠ ᠭᠡᠵᠦ ᠳᠤᠷᠠᠳᠪᠠ᠃ ᠨᠥᠬᠥᠴᠡᠯ ᠪᠦᠷᠢᠯᠳᠦᠭᠰᠡᠨ ᠦᠶ᠎ᠡ᠎ᠳᠦ ᠬᠣᠶᠠᠷ ᠢᠵᠢ ᠳᠦᠷᠢᠮ ᠪᠤᠶᠤ ᠲᠠᠩ ᠭᠠᠭᠴᠠ ᠪᠠᠭᠲᠠᠭᠠᠮᠵᠢ᠎ᠶᠢᠨ ᠳᠦᠷᠢᠮ᠎ᠢᠶᠡᠷ ᠮᠤᠵᠢ ᠣᠷᠣᠨ ᠠᠯᠤᠰᠯᠠᠨ ᠴᠠᠬᠢᠯᠭᠠᠨ ᠬᠦᠷᠭᠡᠬᠦ ᠦᠨ᠎ᠡ᠎ᠶᠢ ᠰᠦᠪᠡᠭᠴᠢᠯᠡᠨ ᠬᠡᠷᠡᠭᠵᠢᠭᠦᠯᠵᠦ᠂ ᠰᠢᠨ᠎ᠡ ᠡᠨᠧᠷᠭᠢ᠎ᠶᠢᠨ ᠶᠡᠬᠡ ᠬᠡᠪᠴᠢᠶ᠎ᠡ᠎ᠪᠡᠷ ᠭᠠᠳᠠᠭ᠍ᠰᠢ ᠬᠦᠷᠭᠡᠬᠦ᠎ᠳᠦ ᠵᠣᠬᠢᠴᠠᠬᠤ ᠨᠥᠬᠥᠴᠡᠯ ᠪᠦᠷᠢᠯᠳᠦᠭᠦᠯᠵᠦ ᠥᠭᠭᠦᠨ᠎ᠡ ᠭᠡᠵᠦ ᠲᠣᠳᠣᠷᠬᠠᠢ ᠳᠤᠷᠠᠳᠤᠨ ᠭᠠᠷᠭᠠᠪᠠ᠃
ᠲᠠᠪᠤ᠎ᠳᠤ᠂ ᠨᠡᠩ ᠤᠯᠠᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠲᠦ ᠣᠷᠣᠯᠴᠠᠬᠤ᠎ᠶᠢ ᠠᠬᠢᠭᠤᠯᠤᠨ᠎ᠠ᠃ ᠨᠢᠭᠡ ᠲᠠᠯ᠎ᠠ᠎ᠪᠠᠷ᠂ ᠰᠢᠨ᠎ᠡ ᠬᠡᠯᠪᠡᠷᠢ᠎ᠶᠢᠨ ᠨᠥᠭᠡᠴᠡ ᠡᠨᠧᠷᠭᠢ᠂ ᠬᠡᠢᠰᠪᠦᠷᠢ ᠴᠠᠬᠢᠯᠭᠠᠨ ᠦᠢᠯᠡᠳᠪᠦᠷᠢ᠂ ᠣᠶᠤᠨᠲᠤ ᠪᠢᠴᠢᠯ ᠴᠠᠬᠢᠯᠭᠠᠨ ᠲᠣᠣᠷ ᠵᠡᠷᠭᠡ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠢᠶᠠᠷ ᠭᠣᠣᠯ ᠪᠣᠯᠭᠠᠭᠰᠠᠨ ᠡᠯ᠎ᠡ ᠲᠦᠷᠦᠯ᠎ᠦᠨ ᠰᠢᠨ᠎ᠡ ᠬᠡᠯᠪᠡᠷᠢ᠎ᠶᠢᠨ ᠭᠣᠣᠯ ᠴᠣᠭᠴᠠ᠎ᠳᠤ᠂ ᠰᠠᠨᠠᠯ᠎ᠳᠤ ᠰᠢᠨ᠎ᠡ ᠬᠡᠯᠪᠡᠷᠢ᠎ᠶᠢᠨ ᠭᠣᠣᠯ ᠴᠣᠭᠴᠠ᠎ᠶᠢᠨ ᠵᠠᠬ᠎ᠠ ᠳᠡᠯᠭᠡᠭᠦᠷ᠎ᠦᠨ ᠠᠷᠠᠯᠵᠢᠶ᠎ᠠ᠎ᠳᠤ ᠠᠮᠢᠳᠤᠯᠢᠭ᠋᠎ᠢᠶᠠᠷ ᠣᠷᠣᠯᠴᠠᠬᠤ᠎ᠶᠢ ᠠᠬᠢᠭᠤᠯᠬᠤ ᠠᠷᠭ᠎ᠠ ᠬᠡᠮᠵᠢᠶ᠎ᠡ᠎ᠶᠢ ᠳᠤᠷᠠᠳᠴᠤ᠂ ᠡᠯ᠎ᠡ ᠲᠦᠷᠦᠯ᠎ᠦᠨ ᠰᠢᠨ᠎ᠡ ᠬᠡᠯᠪᠡᠷᠢ᠎ᠶᠢᠨ ᠭᠣᠣᠯ ᠴᠣᠭᠴᠠ᠎ᠶᠢᠨ ᠣᠶᠤᠨᠴᠢ᠎ᠪᠠᠷ ᠪᠡᠯᠡ ᠣᠷᠣᠭᠤᠯᠬᠤ᠂ ᠵᠢᠷᠤᠮᠵᠢᠯ᠎ᠲᠠᠢ ᠡᠵᠡᠩᠨᠡᠬᠦ᠂ ᠡᠷᠡᠭᠦᠯ᠎ᠢᠶᠡᠷ ᠬᠥᠭᠵᠢᠬᠦ᠎ᠶᠢ ᠬᠥᠲᠥᠯᠥᠨ ᠵᠢᠯᠣᠭᠣᠳᠤᠨ᠎ᠠ᠃ ᠨᠥᠭᠥᠭᠡ ᠲᠠᠯ᠎ᠠ᠎ᠪᠠᠷ᠂ ᠴᠠᠬᠢᠯᠭᠠᠨ ᠲᠣᠣᠷ᠎ᠤᠨ ᠴᠠᠬᠢᠯᠭᠠᠨ ᠣᠷᠣᠯᠠᠨ ᠬᠤᠳᠠᠯᠳᠤᠨ ᠠᠪᠬᠤ ᠳᠤᠮᠳᠠ ᠪᠠᠭ᠎ᠠ ᠦᠢᠯᠡᠳᠪᠦᠷᠢ ᠬᠤᠳᠠᠯᠳᠤᠭᠠᠨ᠎ᠤ ᠬᠡᠷᠡᠭᠯᠡᠭᠴᠢᠳ ᠣᠳᠣᠬᠠᠨ᠎ᠳᠤ ᠵᠥᠪᠬᠡᠨ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢ ᠭᠥᠯᠢᠶᠡᠨ ᠠᠪᠴᠤ᠂ ᠵᠠᠬ᠎ᠠ ᠳᠡᠯᠭᠡᠭᠦᠷ᠎ᠲᠦ ᠳᠠᠮ᠎ᠢᠶᠠᠷ ᠣᠷᠣᠯᠴᠠᠵᠤ ᠪᠠᠢᠨ᠎ᠠ᠃ ᠰᠠᠨᠠᠯ᠎ᠳᠤ᠂ ᠪᠠᠲᠤᠯᠠᠭ᠎ᠠ᠎ᠶᠢᠨ ᠴᠢᠨᠠᠷᠲᠠᠢ ᠬᠡᠷᠡᠭᠯᠡᠭᠴᠢ᠎ᠡᠴᠡ ᠪᠤᠰᠤᠳ ᠴᠠᠬᠢᠯᠭᠠᠨ ᠬᠦᠴᠦᠨ᠎ᠦ ᠬᠡᠷᠡᠭᠯᠡᠭᠴᠢ ᠪᠦᠬᠦᠨ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠲᠦ ᠰᠢᠭᠤᠳ ᠣᠷᠣᠯᠴᠠᠬᠤ᠎ᠶᠢ ᠠᠯᠬᠤᠮ ᠠᠯᠬᠤᠮ᠎ᠢᠶᠠᠷ ᠪᠡᠶᠡᠯᠡᠭᠦᠯᠦᠨ᠎ᠡ ᠭᠡᠵᠦ ᠠᠩᠬ᠎ᠠ ᠤᠳᠠᠭ᠎ᠠ ᠳᠤᠷᠠᠳᠪᠠ᠃
ᠵᠢᠷᠭᠤᠭ᠎ᠠ᠎ᠳᠤ᠂ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠣᠯᠠᠨ ᠡᠰᠢᠵᠢᠭᠰᠡᠨ ᠵᠠᠰᠠᠯᠲᠠ᠎ᠶᠢᠨ ᠰᠢᠰᠲᠧᠮ᠎ᠢ ᠪᠦᠷᠢᠨᠰᠢᠭᠦᠯᠦᠨ᠎ᠡ᠃ ᠡᠯ᠎ᠡ ᠲᠠᠯ᠎ᠠ᠎ᠶᠢᠨ ᠬᠢᠨ᠎ᠦ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ᠎ᠶᠢ ᠬᠥᠲᠥᠯᠥᠨ ᠵᠢᠯᠤᠭᠣᠳᠴᠤ᠂ ᠵᠠᠬ᠎ᠠ ᠳᠡᠯᠭᠡᠭᠦᠷ᠎ᠦᠨ ᠵᠢᠷᠤᠮᠵᠢᠭ᠍ᠰᠠᠨ ᠠᠮᠤᠷ ᠲᠦᠪᠰᠢᠨ ᠠᠵᠢᠯᠯᠠᠭ᠎ᠠ᠎ᠨᠢ ᠦᠨᠡᠨ ᠬᠦ᠌ ᠪᠠᠲᠤᠯᠠᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠥᠪᠡᠷ᠎ᠦᠨ ᠥᠷᠲᠡᠭ᠎ᠢ ᠪᠠᠭᠤᠷᠠᠭᠤᠯᠵᠤ᠂ ᠵᠠᠬ᠎ᠠ ᠳᠡᠯᠭᠡᠭᠦᠷ᠎ᠦᠨ ᠵᠠᠰᠠᠯᠲᠠ᠎ᠶᠢᠨ ᠦᠢᠯᠡᠳᠦᠯ ᠴᠢᠳᠠᠪᠬᠢ᠎ᠶᠢ ᠳᠡᠭᠡᠭᠰᠢᠯᠡᠭᠦᠯᠬᠦ᠎ᠶᠢᠨ ᠲᠦᠯᠦᠭᠡ᠂ ᠰᠠᠨᠠᠯ᠎ᠳᠤ ᠣᠯᠠᠨ ᠡᠰᠢᠵᠢᠭᠰᠡᠨ ᠵᠠᠬ᠎ᠠ ᠳᠡᠯᠭᠡᠭᠦᠷ᠎ᠦᠨ ᠵᠠᠰᠠᠯᠲᠠ᠎ᠶᠢᠨ ᠰᠢᠰᠲᠧᠮ᠎ᠢ ᠪᠦᠷᠢᠨᠰᠢᠭᠦᠯᠵᠦ᠂ ᠵᠠᠰᠠᠭ ᠤ᠋ᠨ ᠣᠷᠳᠣᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠲᠦ ᠶᠡᠷᠦᠩᠬᠡᠢ ᠵᠢᠷᠤᠭ ᠲᠥᠯᠥᠪᠯᠡᠭᠡ ᠬᠢᠵᠦ᠂ ᠴᠠᠬᠢᠯᠭᠠᠨ ᠬᠦᠴᠦᠨ᠎ᠦ ᠬᠢᠨᠠᠯᠲᠠ ᠬᠠᠮᠢᠶᠠᠷᠤᠯᠲᠠ᠎ᠶᠢᠨ ᠪᠠᠢᠭᠤᠯᠤᠮᠵᠢ ᠨᠢ ᠬᠠᠤᠯᠢ ᠶᠣᠰᠣᠭᠠᠷ ᠪᠡᠶ᠎ᠡ᠎ᠪᠡᠨ ᠳᠠᠭᠠᠭᠠᠨ ᠬᠢᠨᠠᠨ ᠬᠠᠮᠢᠶᠠᠷᠴᠤ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠲᠥᠯᠥᠭᠡᠯᠡᠭᠴᠢ᠎ᠪᠡᠷ ᠪᠦᠷᠢᠯᠳᠦᠭᠰᠡᠨ ᠵᠠᠬ᠎ᠠ ᠳᠡᠯᠭᠡᠭᠦᠷ᠎ᠦᠨ ᠬᠠᠮᠢᠶᠠᠷᠤᠯᠲᠠ᠎ᠶᠢᠨ ᠵᠥᠪᠯᠡᠯ ᠨᠢ ᠬᠡᠷᠡᠭ ᠵᠥᠪᠯᠡᠵᠦ ᠵᠣᠬᠢᠴᠠᠭᠤᠯᠬᠤ᠂ ᠵᠥᠪᠳᠡᠯᠴᠡᠵᠦ ᠬᠠᠮᠲᠤ ᠪᠠᠷ ᠵᠠᠰᠠᠬᠤ ᠦᠢᠯᠡᠳᠦᠯ᠎ᠢᠶᠡᠨ ᠪᠠᠳᠠᠷᠠᠭᠤᠯᠤᠨ᠂ ᠵᠠᠬ᠎ᠠ ᠳᠡᠯᠭᠡᠭᠦᠷ᠎ᠦᠨ ᠡᠵᠡᠩᠨᠡᠯᠲᠡ᠎ᠶᠢᠨ ᠪᠠᠢᠭᠤᠯᠤᠮᠵᠢ ᠨᠢ ᠠᠷᠠᠯᠵᠢᠶ᠎ᠠ᠎ᠶᠢᠨ ᠦᠢᠯᠡᠴᠢᠯᠡᠭᠡ ᠬᠠᠩᠭᠠᠬᠤ᠎ᠶᠢᠨ ᠬᠠᠮᠲᠤ ᠵᠠᠬ᠎ᠠ ᠳᠡᠯᠭᠡᠭᠦᠷ᠎ᠦᠨ ᠠᠵᠢᠯᠯᠠᠭᠠᠨ᠎ᠤ ᠲᠦᠭᠰᠢᠭᠦᠷᠢ᠎ᠶᠢ ᠴᠠᠭ ᠲᠤᠬᠠᠢ ᠳ᠋ᠤᠨᠢ ᠬᠢᠨᠠᠨ ᠭᠡᠮᠵᠢᠨᠡ ᠭᠡᠵᠦ ᠠᠩᠬ᠎ᠠ ᠤᠳᠠᠭ᠎ᠠ ᠳᠤᠷᠠᠳᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)