ᠦᠪᠦᠷ ᠮᠤᠩᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠺᠤᠮᠫᠠᠨᠢ 3601 ᠲᠦᠮᠡᠨ ᠺᠢᠯᠤᠸᠠᠲ ᠴᠠᠭ ᠪᠤᠬᠢᠷᠳᠦᠯ ᠦᠭᠡᠢ ᠴᠠᠬᠢᠯᠭᠠᠨ ᠢ᠋ ᠵᠧᠵᠢᠶᠠᠩ ᠳ᠋ᠤ ᠬᠦᠷᠭᠡᠪᠡ
2026-02-24 10:07:51
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠩᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠺᠤᠮᠫᠠᠨᠢ ᠡᠴᠡ ᠤᠢᠯᠠᠭᠠᠭᠰᠠᠨ ᠶ᠋ᠢᠡᠷ᠂ ᠦᠪᠦᠷ ᠮᠤᠩᠭᠤᠯ ᠤ᠋ᠨ ᠴᠠᠬᠢᠯᠭᠠᠨ ᠬᠦᠴᠦᠨ ᠤ᠋ ᠠᠷᠠᠯᠵᠢᠶ᠎ᠠ ᠶ᠋ᠢᠨ ᠺᠤᠮᠫᠠᠨᠢ ᠤᠢᠷ᠎ᠠ ᠳ᠋ᠤ ᠪᠡᠭᠡᠵᠢᠩ ᠤ᠋ᠨ ᠴᠠᠬᠢᠯᠭᠠᠨ ᠬᠦᠴᠦᠨ ᠤ᠋ ᠠᠷᠠᠯᠵᠢᠶᠠᠨ ᠤ᠋ ᠲᠦᠪ ᠲᠠᠢ ᠬᠠᠮᠵᠢᠯᠴᠠᠨ᠂ ᠦᠪᠦᠷ ᠮᠤᠩᠭᠤᠯ ᠤ᠋ᠨ ᠪᠠᠷᠠᠭᠤᠨ ᠪᠡᠶ᠎ᠠ ᠶ᠋ᠢᠨ ᠴᠠᠬᠢᠯᠭᠠᠨ ᠲᠤᠤᠷ ᠤ᠋ᠨ 3601 ᠲᠦᠮᠡᠨ ᠺᠢᠯᠤᠸᠠᠲ ᠴᠠᠭ ᠤ᠋ᠨ ᠪᠤᠬᠢᠷᠳᠦᠯ ᠦᠭᠡᠢ ᠴᠠᠬᠢᠯᠭᠠᠨ ᠢ᠋ ᠠᠮᠵᠢᠯᠳᠠ ᠲᠠᠢ ᠪᠡᠷ ᠵᠧᠵᠢᠶᠠᠩ ᠳ᠋ᠤ ᠬᠦᠷᠭᠡᠵᠤ᠂ ᠴᠠᠬᠢᠯᠭᠠᠨ ᠬᠦᠷᠭᠡᠯᠳᠡ ᠶ᠋ᠢᠨ ᠬᠠᠮᠤᠭ ᠤ᠋ᠨ ᠶᠡᠬᠡ ᠴᠢᠳᠠᠯ ᠨᠢ 100 ᠲᠦᠮᠡᠨ ᠺᠢᠯᠤᠸᠠᠲ ᠲᠤ᠌ ᠬᠦᠷᠪᠡ᠃

ᠤᠢᠯᠠᠭᠠᠭᠰᠠᠨ ᠶ᠋ᠢᠡᠷ᠂ ᠡᠨᠡ ᠪᠤᠯ ᠦᠪᠦᠷ ᠮᠤᠩᠭᠤᠯ ᠪᠤᠬᠢᠷᠳᠦᠯ ᠦᠭᠡᠢ ᠴᠠᠬᠢᠯᠭᠠᠨ ᠶ᠋ᠢᠡᠨ ᠠᠩᠬ᠎ᠠ ᠤᠳᠠᠭ᠎ᠠ ᠵᠧᠵᠢᠶᠠᠩ ᠳ᠋ᠤ ᠬᠦᠷᠭᠡᠵᠦ ᠪᠠᠢᠭ᠎ᠠ ᠶᠠᠪᠤᠳᠠᠯ ᠪᠤᠯᠬᠤ ᠪᠦᠭᠡᠳ ᠦᠪᠦᠷ ᠮᠤᠩᠭᠤᠯ ᠤ᠋ᠨ ᠪᠠᠷᠠᠭᠤᠨ ᠪᠡᠶ᠎ᠠ ᠶ᠋ᠢᠨ ᠴᠠᠬᠢᠯᠭᠠᠨ ᠲᠤᠤᠷ ᠵᠢᠶᠠᠩᠰᠤ᠂ ᠱᠠᠩᠬᠠᠢ᠂ ᠠᠨᠾᠦ᠋ᠢ ᠭᠤᠷᠪᠠᠨ ᠭᠠᠵᠠᠷ ᠲᠤ᠌ ᠪᠤᠬᠢᠷᠳᠦᠯ ᠦᠭᠡᠢ ᠴᠠᠬᠢᠯᠭᠠᠨ ᠶ᠋ᠢᠡᠨ ᠬᠦᠷᠭᠡᠭᠰᠡᠨ ᠤ᠋ ᠳᠠᠷᠠᠭ᠎ᠠ᠂ ᠤᠯᠤᠰ ᠤ᠋ᠨ ᠲᠤᠳᠤᠭᠠᠳᠤ ᠶ᠋ᠢᠨ ᠪᠤᠬᠢᠷᠳᠦᠯ ᠦᠭᠡᠢ ᠴᠠᠬᠢᠯᠭᠠᠨ ᠤ᠋ ᠵᠠᠬ᠎ᠠ ᠳᠡᠯᠭᠡᠭᠦᠷ ᠶ᠋ᠢᠡᠨ ᠳᠠᠬᠢᠨᠳᠠ ᠦᠷᠭᠡᠳᠭᠡᠵᠦ ᠪᠠᠢᠭ᠎ᠠ ᠶᠠᠪᠤᠳᠠᠯ ᠪᠠᠢᠵᠤ᠂ ᠪᠦᠬᠦ ᠤᠯᠤᠰ ᠤ᠋ᠨ ᠨᠢᠭᠡᠳᠦᠯᠳᠠᠢ ᠴᠠᠬᠢᠯᠭᠠᠨ ᠬᠦᠴᠦᠨ ᠤ᠋ ᠵᠠᠬ᠎ᠠ ᠳᠡᠯᠭᠡᠭᠦᠷ ᠤ᠋ᠨ ᠪᠦᠲᠦᠭᠡᠨ ᠪᠠᠢᠭᠤᠯᠤᠯᠳᠠ ᠳ᠋ᠤ ᠰᠢᠨ᠎ᠠ ᠠᠮᠢᠵᠢᠷᠠᠯ ᠤ᠋ᠨ ᠬᠦᠴᠦᠨ ᠨᠡᠮᠡᠷᠢᠯᠡᠵᠠᠢ᠃

ᠲᠤᠰ ᠤᠳᠠᠭᠠᠨ ᠤ᠋ ᠴᠠᠬᠢᠯᠭᠠᠨ ᠬᠦᠷᠭᠡᠯᠳᠡ ᠨᠢ ᠦᠪᠦᠷ ᠮᠤᠩᠭᠤᠯ ᠤ᠋ᠨ ᠰᠢᠨ᠎ᠠ ᠡᠨᠧᠷᠬᠢ ᠶ᠋ᠢ ᠰᠢᠩᠭᠡᠭᠡᠬᠦ ᠠᠷᠭ᠎ᠠ ᠵᠠᠮ ᠢ᠋ ᠤᠯᠠᠮ ᠨᠢᠭᠡ ᠠᠯᠬᠤᠮ ᠦᠷᠭᠡᠳᠭᠡᠵᠤ᠂ ᠦᠪᠦᠷ ᠮᠤᠩᠭᠤᠯ ᠤ᠋ᠨ ᠪᠤᠬᠢᠷᠳᠦᠯ ᠦᠭᠡᠢ ᠴᠠᠬᠢᠯᠭᠠᠨ ᠤ᠋ ᠲᠦᠷᠦᠯ ᠲᠡᠮᠳᠡᠭ ᠤ᠋ᠨ ᠨᠦᠯᠦᠭᠡ ᠶ᠋ᠢ ᠴᠢᠨᠠᠭᠰᠢᠳᠠ ᠨᠡᠮᠡᠭᠳᠡᠭᠦᠯᠬᠦ ᠶ᠋ᠢᠨ ᠵᠡᠷᠭᠡ ᠪᠡᠷ ᠵᠧᠵᠢᠶᠠᠩ ᠳ᠋ᠤ ᠠᠷᠢᠭᠤᠨ ᠴᠡᠪᠡᠷ ᠪᠠᠭ᠎ᠠ ᠨᠡᠭᠦᠷᠡᠰᠦᠳᠦ᠋ᠷᠦᠭᠴᠢᠳᠦ ᠴᠠᠬᠢᠯᠭᠠᠨ ᠡᠨᠧᠷᠬᠢ ᠨᠡᠮᠡᠷᠢᠯᠡᠨ᠂ ᠬᠤᠶᠠᠷ ᠭᠠᠵᠠᠷ ᠤ᠋ᠨ ᠬᠠᠷᠢᠯᠴᠠᠨ ᠠᠰᠢᠭᠳᠠᠢ ᠬᠠᠮᠳᠤ ᠪᠡᠷ ᠠᠰᠢᠭ ᠬᠦᠷᠳᠡᠬᠦ ᠬᠠᠮᠵᠢᠯᠴᠠᠭ᠎ᠠ ᠶ᠋ᠢ ᠪᠡᠶᠡᠯᠡᠭᠦᠯᠦᠭᠰᠡᠨ ᠪᠠᠢᠨ᠎ᠠ᠃ 《ᠬᠤᠢᠰᠢᠳᠠ ᠪᠢᠳᠡ ᠡᠨᠡ ᠬᠦ᠌ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶ᠎ᠠ ᠪᠡᠷ ᠠᠵᠠ ᠳᠤᠬᠢᠶᠠᠯ ᠪᠤᠯᠭᠠᠨ᠂ ᠳᠤᠷᠤᠨᠠᠳᠤ ᠤᠷᠤᠨ ᠤ᠋ ᠮᠤᠵᠢ ᠬᠤᠳᠠ ᠲᠠᠢ ᠤᠷᠳᠤ ᠦᠶᠡᠯᠡᠯ ᠤ᠋ᠨ ᠬᠤᠭᠤᠴᠠᠭᠠᠨ ᠤ᠋ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶ᠎ᠠ ᠬᠢᠬᠦ ᠶ᠋ᠢ ᠠᠬᠢᠭᠤᠯᠵᠤ᠂ ᠤᠷᠤᠨ ᠪᠦᠰᠡ ᠠᠯᠤᠰᠯᠠᠭᠰᠠᠨ ᠪᠤᠬᠢᠷᠳᠦᠯ ᠦᠭᠡᠢ ᠴᠠᠬᠢᠯᠭᠠᠨ ᠤ᠋ ᠠᠷᠠᠯᠵᠢᠶ᠎ᠠ ᠶ᠋ᠢᠨ ᠵᠠᠬ᠎ᠠ ᠳᠡᠯᠭᠡᠭᠦᠷᠴᠢᠯᠡᠭᠰᠡᠨ ᠳᠤᠭᠳᠠᠴᠠ ᠶ᠋ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠦᠪᠦᠷ ᠮᠤᠩᠭᠤᠯ ᠤ᠋ᠨ ᠪᠤᠬᠢᠷᠳᠦᠯ ᠦᠭᠡᠢ ᠴᠠᠬᠢᠯᠭᠠᠨ ᠢ᠋ ᠪᠦᠬᠦ ᠤᠯᠤᠰ ᠲᠤ᠌ ᠬᠦᠷᠭᠡᠵᠤ᠂ ᠤᠯᠤᠰ ᠤ᠋ᠨ ᠬᠦᠭᠵᠢᠯᠳᠡ ᠶ᠋ᠢᠨ ᠶᠡᠬᠡ ᠲᠠᠯ᠎ᠠ ᠳ᠋ᠤ ᠤᠯᠠᠮ ᠨᠢᠭᠡ ᠠᠯᠬᠤᠮ ᠦᠢᠯᠡᠴᠢᠯᠡᠬᠦ ᠶ᠋ᠢ ᠲᠠᠰᠤᠷᠠᠯᠳᠠ ᠦᠭᠡᠢ ᠠᠬᠢᠭᠤᠯᠬᠤ ᠪᠤᠯᠤᠨ᠎ᠠ》 ᠭᠡᠵᠦ ᠦᠪᠦᠷ ᠮᠤᠩᠭᠤᠯ ᠤ᠋ᠨ ᠴᠠᠬᠢᠯᠭᠠᠨ ᠬᠦᠴᠦᠨ ᠤ᠋ ᠠᠷᠠᠯᠵᠢᠶ᠎ᠠ ᠶ᠋ᠢᠨ ᠺᠤᠮᠫᠠᠨᠢ ᠶ᠋ᠢᠨ ᠵᠠᠬ᠎ᠠ ᠳᠡᠯᠭᠡᠭᠦᠷ ᠤ᠋ᠨ ᠠᠷᠠᠯᠵᠢᠶᠠᠨ ᠤ᠋ ᠬᠤᠶᠠᠳᠤᠭᠠᠷ ᠬᠡᠯᠳᠡᠰ ᠤ᠋ᠨ ᠬᠠᠷᠢᠭᠤᠴᠠᠯᠭᠠᠳᠠᠨ ᠬᠠᠨ ᠹᠧᠢ ᠢ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号