2025 ᠣᠨ᠎ᠤ ᠡᠴᠦᠰ ᠪᠣᠯᠲᠠᠯ᠎ᠠ᠂ ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠡᠵᠡᠩᠨᠡᠯᠲᠡ᠎ᠶ᠋ᠢᠨ ᠭᠣᠣᠯ ᠴᠣᠭ᠍ᠴᠠ (ᠬᠤᠪᠢ᠎ᠶ᠋ᠢᠨ ᠡᠵᠡᠩᠨᠡᠯᠲᠡ᠎ᠶ᠋ᠢᠨ ᠠᠵᠤ ᠠᠬᠤᠢᠯᠠᠯ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ) 289.95 ᠲᠦᠮᠡᠨ ᠡᠷᠦᠬᠡ᠎ᠳᠦ ᠬᠦᠷᠴᠦ᠍᠂ 2024 ᠤᠨ᠎ᠤ ᠠᠳᠠᠯᠢ ᠬᠤᠭᠤᠴᠠᠭᠠᠨ᠎ᠤ ᠬᠢ᠎ᠡᠴᠡ 5.49% ᠪᠡᠷ ᠨᠡᠮᠡᠭ᠌ᠳᠡᠵᠦ᠍᠂ ᠪᠦᠬᠦ᠌ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ 94.98% ᠵᠢ ᠡᠵᠡᠯᠡᠵᠠᠢ᠃ ᠡᠭᠦᠨ᠎ᠳᠦ ᠬᠤᠪᠢ᠎ᠶ᠋ᠢᠨ ᠡᠵᠡᠩᠨᠡᠯᠲᠡ᠎ᠶ᠋ᠢᠨ ᠠᠵᠤ ᠠᠬᠤᠢᠯᠠᠯ 67.77 ᠲᠦᠮᠡᠨ ᠡᠷᠦᠬᠡ ᠪᠠᠢᠵᠤ᠂ ᠠᠳᠠᠯᠢ ᠬᠤᠭᠤᠴᠠᠭᠠᠨ᠎ᠤ᠎ᠬᠢ᠎ᠡᠴᠡ ᠪᠠᠨ 7.82% ᠪᠡᠷ ᠨᠡᠮᠡᠭ᠌ᠳᠡᠵᠦ᠂ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ 222.18 ᠲᠦᠮᠡᠨ ᠡᠷᠦᠬᠡ ᠪᠠᠢᠵᠤ᠂ ᠠᠳᠠᠯᠢ ᠬᠤᠭᠤᠴᠠᠭᠠᠨ᠎ᠤ᠎ᠬᠢ᠎ᠡᠴᠡ ᠪᠠᠨ 4.8% ᠪᠡᠷ ᠨᠡᠮᠡᠭ᠌ᠳᠡᠵᠠᠢ᠃
2025 ᠣᠨ᠎ᠳᠤ᠂ ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠦᠢᠯᠡᠴᠢᠯᠡᠭᠡᠨ᠎ᠦ ᠲᠣᠪᠴᠢᠢ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠢᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠂ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ ᠨᠢ ᠱᠢᠢᠳᠪᠦᠷᠢᠯᠡᠬᠦ᠌ ᠵᠡᠷᠭᠡ ᠲᠠᠯ᠎ᠠ ᠪᠠᠷ ᠬᠦᠴᠦᠯᠡᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠦᠷᠭᠦᠯᠵᠢᠯᠡᠨ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠬᠤ᠎ᠶ᠋ᠢ ᠠᠬᠢᠭᠤᠯᠵᠠᠢ᠃ 2025 ᠣᠨ᠎ᠤ 2 ᠰᠠᠷ᠎ᠠ᠎ᠳᠤ᠂ ᠥᠪᠥᠷ ᠮᠣᠩᠭᠣᠯ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ᠎ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠵᠢᠴᠢ ᠥᠪᠥᠷ ᠮᠣᠩᠭᠣᠯ᠎ᠤᠨ ᠤᠯᠤᠰ᠎ᠤᠨ ᠥᠮᠴᠢᠯᠡᠯᠳᠦ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠳᠡ᠎ᠶᠢᠨ ᠲᠤᠪᠴᠢᠶ᠎ᠠ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ ᠵᠡᠷᠭᠡ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠵᠤ᠂ ᠬᠠᠮᠵᠢᠯᠴᠠᠨ ᠬᠥᠳᠡᠯᠦᠯᠴᠡᠵᠦ᠍᠂ ᠡᠯ᠎ᠡ ᠠᠢᠮᠠᠭ ᠬᠣᠲᠠ ᠪᠥᠬᠥ᠌ ᠲᠠᠯ᠎ᠠ᠎ᠪᠠᠷ ᠣᠷᠣᠯᠴᠠᠵᠤ᠂ ᠠᠵᠤ ᠠᠬᠤᠢᠯᠠᠯ᠎ᠤᠨ ᠪᠣᠳᠠᠲᠠᠶ ᠬᠦᠴᠢᠷᠳᠡᠯ᠎ᠢ ᠬᠠᠮᠲᠤ᠎ᠪᠠᠷ ᠱᠢᠶ᠋ᠳᠪᠦᠷᠢᠯᠡᠵᠠᠢ᠃ 2025 ᠣᠨ᠎ᠤ 3 ᠰᠠᠷ᠎ᠠ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠥᠩᠭᠥᠨ ᠭᠦᠢᠯᠭᠡᠭᠡᠨ᠎ᠢᠶᠡᠷ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠳᠡᠮᠵᠢᠬᠦ᠌ ᠠᠵᠢᠯᠯᠠᠭ᠎ᠠ᠎ᠶ᠋ᠢᠨ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠪᠡᠯᠡ ᠬᠤᠷᠠᠮᠳᠤᠭᠤᠯᠬᠤ᠎ᠳᠤ ᠬᠦᠴᠢᠷ᠂ ᠪᠡᠯᠡ ᠬᠤᠷᠠᠮᠳᠤᠭᠤᠯᠬᠤ᠎ᠳᠤ ᠦᠨᠡᠲᠡᠢ ᠪᠠᠢᠬᠤ ᠠᠰᠠᠭᠤᠳᠠᠯ᠎ᠢ ᠤᠯᠠᠮ ᠴᠢᠨᠠᠭ᠍ᠰᠢᠳᠠ ᠱᠢᠢᠳᠪᠦᠷᠢᠯᠡᠬᠦ᠌᠎ᠪᠡᠷ ᠵᠣᠷᠢᠯᠲᠠ ᠪᠣᠯᠭᠠᠵᠠᠢ᠃ 2025 ᠣᠨ᠎ᠤ 5 ᠰᠠᠷ᠎ᠠ᠎ᠳᠤ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢ ᠠᠬᠢᠭᠤᠯᠬᠤ ᠬᠠᠤᠯᠢ》 ᠶ᠋ᠢ ᠵᠢᠩᠬᠢᠨᠢ᠎ᠪᠡᠷ ᠬᠡᠷᠡᠭ᠌ᠵᠢᠭᠦᠯᠵᠠᠢ᠃ ᠡᠭᠦᠨ᠎ᠢ ᠳᠠᠭᠠᠯᠳᠤᠨ᠂ 2025 ᠣᠨ᠎ᠤ 11 ᠰᠠᠷ᠎ᠠ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠦᠷᠢᠮ》 ᠢ᠋ ᠨᠡᠢᠳᠡᠯᠡᠵᠦ᠂ ᠤᠯᠤᠰ᠎ᠤᠨ ᠬᠠᠤᠯᠢ ᠴᠠᠭᠠᠵᠠ᠎ᠠᠴᠠ ᠣᠷᠣᠨ ᠨᠤᠲᠤᠭ᠎ᠤᠨ ᠲᠦᠷᠢᠮ ᠬᠦᠷᠲᠡᠯ᠎ᠡ᠂ ᠬᠠᠤᠯᠢᠵᠢᠯ᠎ᠤᠨ ᠪᠤᠤᠬᠢᠢ᠎ᠠ ᠥᠪᠥᠷ ᠮᠣᠩᠭᠣᠯ᠎ᠳᠤ ᠲᠣᠭ᠍ᠲᠠᠭᠤᠨ᠎ᠢᠶᠠᠷ ᠳᠠᠮᠵᠢᠬᠳᠠᠨ᠂ ᠡᠨᠡ ᠬᠦ᠌ ᠨᠤᠲᠤᠭ ᠳᠡᠪᠢᠰᠭᠡᠷ ᠳᠡᠭᠡᠷᠡᠬᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠳᠤ ᠬᠦᠴᠦᠨ ᠨᠡᠮᠡᠷᠢᠯᠡᠵᠠᠢ᠃
ᠬᠥᠭ᠌ᠵᠢᠯᠲᠡ᠎ᠶ᠋ᠢᠨ ᠪᠣᠭᠣᠮᠢ᠎ᠶ᠋ᠢ ᠪᠦᠲᠦᠮᠵᠢᠲᠡᠶ ᠱᠢᠶ᠋ᠳᠪᠦᠷᠢᠯᠡᠨ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠎ᠶᠢᠨ ᠲᠦᠯᠦᠭᠡ᠂ 2025 ᠣᠨ᠎ᠳᠤ ᠥᠪᠥᠷ ᠮᠣᠩᠭᠣᠯ ᠮᠥᠩᠭᠥᠨ ᠭᠦᠶ᠋ᠯᠭᠡᠭᠡᠨ᠎ᠦ ᠳᠡᠮᠵᠢᠯᠭᠡ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠂ 1 ᠳ᠋ᠦᠩᠱᠢᠭᠤᠷ ᠲᠥᠭᠥᠷᠢᠭ᠎ᠦᠨ ᠢᠲᠡᠭᠡᠮᠵᠢᠲᠦ ᠪᠠᠯᠡ ᠬᠤᠷᠠᠮᠳᠤᠭᠤᠯᠭ᠎ᠠ᠎ᠶ᠋ᠢᠨ ᠲᠦᠭ᠌ᠰᠢᠭᠦᠷᠢ᠎ᠶ᠋ᠢ ᠬᠤᠪᠢᠶᠠᠨ ᠡᠭᠦᠷᠭᠡᠯᠡᠬᠦ᠌ ᠪᠠᠯᠠ ᠮᠥᠩᠭᠥ᠌ ᠲᠤᠬᠢᠷᠠᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠦᠨ ᠵᠠᠰᠠᠭ᠎ᠤᠨ ᠲᠢᠩᠬᠢᠮ ᠪᠣᠯᠤᠨ ᠥᠪᠥᠷ ᠮᠣᠩᠭᠣᠯ᠎ᠤᠨ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠠᠮᠲᠤᠷᠠᠨ 《ᠠᠷᠠᠳ᠎ᠤᠨ ᠡᠵᠡᠩᠨᠡᠯᠳᠡ᠎ᠶᠢᠨ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ ᠢᠲᠡᠭᠡᠮᠵᠢᠲᠦ ᠪᠠᠯᠠ ᠬᠤᠷᠠᠮᠳᠤᠭᠤᠯᠭ᠎ᠠ᠎ᠶ᠋ᠢᠨ ᠲᠦᠭ᠌ᠰᠢᠭᠦᠷᠢ᠎ᠶ᠋ᠢ ᠬᠤᠪᠢᠶᠠᠷᠢᠯᠠᠨ ᠡᠭᠦᠷᠭᠡᠯᠡᠬᠦ᠌ ᠪᠠᠯᠠ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ》 ᠶ᠋ᠢ ᠨᠡᠢᠲᠡᠯᠡᠵᠦ᠂ ᠵᠠᠰᠠᠭ᠎ᠤᠨ ᠣᠷᠳᠣᠨ᠎ᠤ ᠠᠶᠤᠯ ᠲᠦᠭ᠌ᠰᠢᠭᠦᠷᠢ᠎ᠶ᠋ᠢ ᠬᠤᠪᠢᠶᠠᠨ ᠡᠭᠦᠷᠭᠡᠯᠡᠬᠦ᠌᠂ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠡᠮᠬᠢᠯᠡᠨ ᠨᠡᠢᠯᠡᠭᠦᠯᠬᠦ᠌ ᠪᠠ ᠥᠨᠳᠥᠷ ᠪᠦᠲᠦᠮᠵᠢᠲᠡᠶ ᠦᠶ᠋ᠯᠡᠴᠢᠯᠡᠭᠡᠨ᠎ᠦ ᠲᠣᠭ᠍ᠲᠠᠴᠠ ᠪᠡᠷ ᠳᠠᠮᠵᠢᠭᠤᠯᠤᠨ᠂ ᠮᠦᠩᠬᠦᠨ ᠭᠦᠶ᠋ᠯᠭᠡᠭᠡᠨ᠎ᠦ ᠳᠡᠮᠵᠢᠯᠭᠡ᠎ᠶ᠋ᠢ ᠣᠯᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠭᠴᠢ ᠡᠨᠧᠷᠭᠢ ᠨᠡᠮᠡᠷᠢᠯᠡᠵᠠᠢ᠃ ᠥᠪᠥᠷ ᠮᠣᠩᠭᠣᠯ ᠪᠠᠰᠠ 1.5 ᠳ᠋ᠦᠩᠱᠢᠭᠤᠷ ᠲᠥᠭᠥᠷᠢᠭ᠎ᠦᠨ ᠰᠤᠳᠤᠯᠤᠨ ᠨᠡᠭᠡᠭᠡᠬᠦ᠌ ᠱᠠᠩᠨᠠᠯ ᠨᠥᠬᠥᠪᠥᠷᠢ᠎ᠶ᠋ᠢᠨ ᠪᠠᠯᠠ ᠮᠥᠩᠭᠥ᠌ ᠲᠣᠬᠢᠷᠠᠭᠤᠯᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠠᠢ᠃ 2025 ᠣᠨ᠎ᠳᠤ ᠪᠥᠬᠥ᠌ ᠣᠷᠣᠨ᠎ᠤ ᠲᠥᠯᠥᠪᠵᠢᠭᠦᠯᠦᠭ᠌ᠰᠡᠨ ᠪᠡᠶ᠎ᠡ᠎ᠪᠡᠨ ᠳᠠᠭᠠᠭᠠᠭ᠍ᠰᠠᠨ ᠱᠢᠨ᠎ᠡ ᠬᠡᠯᠪᠡᠷᠢ᠎ᠶ᠋ᠢᠨ ᠡᠨᠧᠷᠭᠢ ᠨᠦᠭᠡᠴᠡᠯᠡᠬᠦ ᠲᠤᠰᠭᠠᠶ ᠠᠵᠢᠯᠯᠠᠭ᠎ᠠ᠎ᠶ᠋ᠢᠨ ᠲᠥᠷᠥᠯ ᠵᠦᠶ᠋ᠯ᠎ᠳᠦ ᠠᠷᠠᠳ᠎ᠤᠨ ᠡᠵᠡᠩᠨᠡᠯᠳᠡ᠎ᠶᠢᠨ ᠠᠵᠤ ᠠᠬᠤᠢᠯᠠᠯ᠎ᠤᠨ ᠬᠡᠪᠴᠢᠶ᠎ᠡ᠎ᠶ᠋ᠢᠨ ᠡᠵᠡᠯᠡᠬᠦ᠌ ᠬᠠᠷᠢᠴᠠᠯ᠎ᠢ 95% ᠪᠣᠯᠭᠠᠨ ᠳᠡᠭᠡᠭ᠌ᠰᠢᠯᠡᠭᠦᠯᠵᠠᠢ᠃