ᠦᠪᠦᠷ ᠮᠤᠩᠭᠤᠯ ᠎ᠤᠨ ᠬᠠᠤᠯᠢ ᠴᠠᠭᠠᠵᠠ ᠢ᠋ᠢᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠲᠤᠬᠠᠢᠯᠠᠭᠰᠠᠨ ᠠᠵᠢᠯ᠎ᠤᠨ ᠪᠤᠯᠪᠠᠰᠤᠷᠠᠯ ᠶᠠᠪᠤᠬᠲᠠᠵᠠᠢ
2026-02-24 10:39:37
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠤᠨ 2026 ᠣᠨ᠎ᠤ ᠪᠥᠬᠥ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠲᠤᠬᠠᠢᠯᠠᠭᠰᠠᠨ ᠠᠵᠢᠯ᠎ᠤᠨ ᠪᠤᠯᠪᠠᠰᠤᠷᠠᠯ᠎ᠶᠠᠪᠤᠬᠳᠠᠪᠠ᠃ ᠪᠣᠯᠪᠠᠰᠤᠷᠠᠯ ᠨᠢ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠠᠵᠢᠯ᠎ᠤᠨ ᠪᠣᠳᠠᠲᠤ ᠬᠡᠷᠡᠭᠴᠡᠭᠡ᠎ᠲᠠᠢ ᠨᠢᠭ᠍ᠲᠠ ᠤᠶᠠᠯᠳᠤᠭᠤᠯᠤᠨ᠂ ᠠᠭᠤᠯᠭ᠎ᠠ᠎ᠪᠠᠷ ᠪᠠᠶᠠᠯᠢᠭ᠋ ᠪᠥᠭᠡᠳ ᠪᠣᠳᠠᠲᠠᠢ ᠎ᠶᠢ ᠡᠷᠬᠢᠮᠯᠡᠵᠦ᠂ ᠭᠣᠣᠯᠳᠠᠯᠭ᠎ᠠ᠎ᠶᠢ ᠲᠤᠪᠤᠢ᠍ᠢᠯᠭᠠᠪᠠ᠃ ᠪᠣᠯᠪᠠᠰᠤᠷᠠᠯ ᠎ᠳᠤ ᠡᠯ᠎ᠡ ᠠᠢᠮᠠᠭ ᠬᠣᠲᠠ᠎ᠶᠢᠨ 2025 ᠣᠨ ᠎ᠤ ᠬᠠᠤᠯᠢ ᠴᠠᠭᠠᠵᠠ ᠢ᠋ᠢᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠠᠵᠢᠯ ᠎ᠢ ᠥᠷᠨᠢᠭᠦᠯᠦᠭᠰᠡᠨ ᠪᠠᠢᠳᠠᠯ᠎ᠢ ᠰᠢᠰᠲᠧᠮ᠎ᠲᠠᠢ᠎ᠪᠡᠷ ᠵᠠᠷᠯᠠᠨ ᠮᠡᠳᠡᠭᠳᠡᠵᠦ᠂ ᠦᠷ᠎ᠡ ᠪᠦᠲᠦᠮᠵᠢ᠎ᠪᠡᠨ ᠪᠤᠰᠤᠳᠴᠢ᠎ᠪᠠᠷ ᠳ᠋ᠦᠩᠨᠡᠨ᠂ ᠣᠷᠣᠰᠢᠵᠤ ᠪᠠᠢᠭ᠎ᠠ ᠠᠰᠠᠭᠤᠳᠠᠯ ᠪᠠ ᠬᠠᠯᠠᠨ ᠰᠠᠢᠵᠢᠷᠠᠭᠤᠯᠬᠤ ᠴᠢᠭᠯᠡᠯ᠎ᠢ ᠣᠨᠣᠪᠴᠢᠲᠠᠶ ᠵᠢᠭᠠᠵᠤ ᠭᠠᠷᠭᠠᠭᠰᠠᠨ᠎ᠢᠶᠠᠷ ᠪᠠᠷᠠᠬᠤ ᠦᠭᠡᠢ᠂ ᠲᠠᠷᠠᠭᠠᠴᠢ᠎ᠶᠢᠨ ᠠᠵᠢᠯ᠎ᠢ ᠥᠷᠨᠢᠭᠦᠯᠬᠦ ᠎ᠳᠦ ᠬᠠᠷᠠᠯᠲᠠ ᠎ᠶᠢᠨ ᠤᠳᠤᠷᠢᠳᠤᠮᠵᠢ᠎ᠶᠢ ᠲᠣᠳᠣᠷᠬᠠᠢ ᠪᠣᠯᠭᠠᠪᠠ; ᠡᠭᠦᠨ᠎ᠦ ᠬᠠᠮᠲᠤ᠂ ᠬᠠᠤᠯᠢᠴᠢ᠎ᠶᠢᠨ ᠲᠥᠷᠥᠯ᠂ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠲᠥᠷᠥᠯ᠂ ᠠᠯᠪᠠᠨ ᠭᠡᠷᠡᠴᠢᠯᠡᠭᠡ᠎ᠶᠢᠨ ᠲᠥᠷᠥᠯ᠎ᠦᠨ ᠬᠢᠨᠠᠨ ᠵᠥᠪᠰᠢᠶᠡᠷᠡᠬᠦ ᠭᠣᠣᠯᠯᠠᠬᠤ ᠲᠤᠬᠠᠢᠯᠠᠭᠰᠠᠨ ᠠᠵᠢᠯ ᠵᠢᠴᠢ ᠠᠢᠮᠠᠭ ᠬᠣᠲᠠ᠎ᠶᠢᠨ ᠬᠠᠮᠢᠶ᠎ᠠ ᠪᠦᠬᠦᠢ ᠵᠦᠢᠯᠡᠰ᠎ᠲᠦ ᠪᠥᠬᠥ ᠲᠠᠯ᠎ᠠ᠎ᠶᠢᠨ᠂ ᠭᠦᠨ ᠲᠠᠰ ᠳᠠᠪᠬᠤᠷᠭ᠎ᠠ᠎ᠶᠢᠨ ᠲᠤᠬᠠᠢᠯᠠᠭᠰᠠᠨ ᠠᠵᠢᠯ᠎ᠤᠨ ᠲᠠᠢᠯᠤᠮᠵᠢ ᠬᠢᠵᠦ᠂ ᠬᠢᠨᠠᠨ ᠵᠥᠪᠰᠢᠶᠡᠷᠡᠬᠦ ᠪᠠᠷᠢᠮᠵᠢᠶ᠎ᠠ᠎ᠶᠢ ᠤᠯᠠᠮ ᠨᠢᠭᠡ ᠠᠯᠬᠤᠮ ᠲᠣᠳᠣᠷᠬᠠᠢᠯᠠᠵᠤ᠂ ᠬᠢᠨᠠᠨ ᠵᠥᠪᠰᠢᠶᠡᠷᠡᠬᠦ ᠶᠠᠪᠤᠴᠠ᠎ᠶᠢ ᠵᠢᠷᠤᠮᠵᠢᠭᠤᠯᠪᠠ; ᠰᠦᠯᠵᠢᠶᠡᠨᠳᠡᠭᠡᠷᠡᠬᠢ ᠬᠢᠨᠠᠨ ᠵᠥᠪᠰᠢᠶᠡᠷᠡᠯ᠎ᠳᠡᠬᠢ ᠭᠣᠣᠯᠳᠠᠯᠭ᠎ᠠ᠎ᠲᠠᠢ ᠲᠦᠪᠡᠭᠲᠡᠢ ᠠᠰᠠᠭᠤᠳᠠᠯ ᠎ᠳᠤ ᠴᠢᠭᠯᠡᠭᠦᠯᠦᠨ᠂ ᠪᠣᠯᠪᠠᠰᠤᠷᠠᠯ᠎ᠳᠤ ᠲᠤᠰᠬᠠᠢᠯᠠᠨ ᠰᠢᠨ᠎ᠡ ᠬᠡᠪᠯᠡᠯ᠎ᠦᠨ ᠰᠢᠰᠲᠧᠮ᠎ᠦᠨ ᠠᠵᠢᠯᠯᠠᠭᠠᠨ᠎ᠤ ᠵᠦᠢᠯᠡᠰ᠎ᠦᠨ ᠲᠠᠢᠯᠤᠮᠵᠢ ᠬᠢᠵᠦ᠂ ᠳᠡᠯᠭᠡᠨ ᠦᠵᠡᠭᠦᠯᠬᠦ᠂ ᠬᠡᠷᠡᠭ᠎ᠦᠨ ᠵᠢᠱ᠌ᠢᠶ᠎ᠡ᠎ᠶᠢ ᠵᠠᠳᠠᠯᠬᠤ ᠵᠡᠷᠭᠡ ᠠᠷᠭ᠎ᠠ ᠮᠠᠶᠢᠭ᠋᠎ᠢᠶᠠᠷ ᠪᠣᠯᠪᠠᠰᠤᠷᠠᠯ᠎ᠳᠤ ᠣᠷᠣᠯᠴᠠᠭᠰᠠᠳ ᠎ᠢ ᠬᠠᠪᠰᠤᠷᠤᠨ ᠰᠢᠰᠲᠧᠮ ᠎ᠦᠨ ᠠᠵᠢᠯᠯᠠᠭᠠᠨ ᠎ᠤ ᠤᠷ᠎ᠠ ᠴᠢᠳᠠᠪᠤᠷᠢ᠎ᠶᠢ ᠪᠣᠯᠪᠠᠰᠤᠷᠠᠩᠭᠤᠢ ᠡᠵᠡᠮᠰᠢᠭᠦᠯᠵᠦ᠂ ᠪᠣᠳᠠᠲᠠᠢ ᠪᠣᠯᠪᠠᠰᠤᠷᠠᠯ᠎ᠤᠨ ᠲᠥᠭᠡᠷᠢᠭᠳᠡᠯ᠎ᠢ ᠪᠦᠲᠦᠮᠵᠢᠲᠡᠶ ᠲᠠᠶ᠋ᠢᠯᠪᠠ᠃ ᠲᠣᠰ ᠤᠳᠠᠭᠠᠨ᠎ᠤ ᠪᠣᠯᠪᠠᠰᠤᠷᠠᠯ᠎ᠢ ᠠᠮᠵᠢᠯᠲᠠ᠎ᠲᠠᠢ ᠡᠷᠭᠢᠯᠡᠭᠰᠡᠨ ᠨᠢ ᠪᠥᠬᠥ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠠᠵᠢᠯ᠎ᠤᠨ ᠰᠣᠯᠢᠯᠴᠠᠭ᠎ᠠ ᠰᠤᠷᠤᠯᠴᠠᠯᠭ᠎ᠠ᠎ᠶᠢᠨ ᠰᠠᠢᠨ ᠲᠠᠪᠴᠠᠩ᠎ᠢ ᠪᠠᠢᠭᠤᠯᠵᠤ᠂ ᠡᠯ᠎ᠡ ᠠᠢᠮᠠᠭ ᠬᠣᠲᠠ᠎ᠶᠢᠨ ᠪᠣᠯᠪᠠᠰᠤᠷᠠᠯ ᠎ᠳᠤ ᠣᠷᠣᠯᠴᠠᠭᠰᠠᠳ᠎ᠤᠨ ᠬᠠᠷᠢᠭᠤᠴᠠᠯᠭ᠎ᠠ᠎ᠶᠢᠨ ᠤᠬᠠᠮᠰᠠᠷ᠂ ᠵᠢᠷᠤᠮᠵᠢᠯ᠎ᠤᠨ ᠤᠬᠠᠮᠰᠠᠷ ᠪᠠ ᠦᠢᠯᠡᠴᠢᠯᠡᠭᠡᠨ᠎ᠦ ᠤᠬᠠᠮᠰᠠᠷ᠎ᠢ ᠳᠡᠭᠡᠭᠰᠢᠯᠡᠬᠦᠯᠦᠨ᠂ ᠲᠤᠬᠠᠢᠯᠠᠭᠰᠠᠨ ᠠᠵᠢᠯ᠎ᠤᠨ ᠬᠡᠪ ᠪᠣᠯᠪᠠᠰᠤᠷᠠᠯ ᠪᠠ ᠪᠣᠳᠠᠲᠠᠢ ᠪᠣᠯᠪᠠᠰᠤᠷᠠᠬᠤ ᠴᠢᠳᠠᠪᠤᠷᠢ᠎ᠶᠢ ᠦᠨᠡᠨ᠎ᠬᠦ ᠴᠢᠩᠭᠠᠳᠬᠠᠵᠦ᠂ ᠬᠠᠤᠯᠢ ᠴᠠᠭᠠᠵᠠ᠎ᠶᠢᠨ ᠵᠠᠰᠠᠭ ᠵᠠᠬᠢᠷᠭᠠᠨ ᠎ᠤ ᠬᠢᠨᠠᠨ ᠵᠥᠪᠰᠢᠶᠡᠷᠡᠬᠦ ᠠᠵᠢᠯ᠎ᠤᠨ ᠬᠠᠤᠯᠢ ᠶᠣᠰᠣᠭᠠᠷ᠂ ᠥᠨᠳᠥᠷ ᠪᠦᠲᠦᠮᠵᠢᠲᠡᠶ᠂ ᠵᠢᠷᠤᠮᠵᠢᠯ ᠲᠠᠢ ᠥᠷᠨᠢᠬᠦ᠎ᠶᠢ ᠠᠬᠢᠭᠤᠯᠬᠤ ᠪᠤᠯᠤᠨ᠎ᠠ᠃ ᠬᠤᠢᠰᠢᠳᠠ ᠥᠪᠡᠷᠲᠡᠭᠡᠨ ᠵᠠᠰᠠᠬᠤ ᠣᠷᠣᠨ ᠎ᠤ ᠬᠠᠤᠯᠢ ᠴᠠᠭᠠᠵᠠ᠎ᠶᠢᠨ ᠲᠢᠩᠬᠢᠮ᠎ᠡᠴᠡ ᠡᠯ᠎ᠡ ᠠᠢᠮᠠᠭ ᠬᠣᠲᠠ᠎ᠶᠢᠨ ᠪᠣᠯᠪᠠᠰᠤᠷᠠᠯ᠎ᠤᠨ ᠦᠷ᠎ᠡ ᠪᠦᠲᠦᠭᠡᠯ ᠎ᠦᠨ ᠬᠤᠪᠢᠷᠠᠭᠤᠯᠤᠯᠲᠠ᠎ᠶᠢᠨ ᠪᠠᠢᠳᠠᠯ᠎ᠢ ᠦᠷᠭᠦᠯᠵᠢᠯᠡᠨ ᠮᠥᠷᠳᠡᠵᠦ᠂ ᠦᠨᠳᠦᠰᠦᠨ ᠱᠠᠲᠤᠨ ᠎ᠤ ᠬᠦᠰᠡᠯ ᠱᠠᠭᠠᠷᠳᠠᠯᠭ᠎ᠠ᠎ᠳᠤ ᠴᠠᠭ ᠲᠤᠬᠠᠢ ᠳ᠋ᠤᠨᠢ ᠬᠠᠷᠢᠭᠤ ᠥᠭᠴᠦ᠂ ᠪᠣᠳᠠᠲᠠᠢ ᠠᠰᠠᠭᠤᠳᠠᠯ ᠎ᠢ ᠰᠢᠢᠳᠪᠦᠷᠢᠯᠡᠨ᠂ ᠬᠢᠨᠠᠨ ᠵᠥᠪᠰᠢᠶᠡᠷᠡᠬᠦ ᠦᠢᠯᠡᠴᠢᠯᠡᠭᠡ᠎ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠢᠯ᠎ᠤᠨ ᠶᠡᠰᠦ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠪᠥᠬᠥ ᠣᠷᠣᠨ᠎ᠤ ᠬᠠᠤᠯᠢ᠎ᠪᠠᠷ ᠵᠠᠰᠠᠬᠤ ᠪᠠᠢᠭᠤᠯᠤᠯᠲᠠ᠎ᠳᠤ ᠨᠠᠩ ᠬᠦᠴᠦᠲᠡᠢ ᠪᠠᠲᠤᠯᠠᠭ᠎ᠠ ᠬᠠᠩᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号