ᠬᠥᠬᠡᠬᠣᠲᠠ ᠠᠴᠢᠶᠠᠨ᠎ᠦ ᠮᠠᠰᠢᠨ ᠲᠡᠷᠬᠡ ᠵᠢᠨ ᠵᠢᠯᠤᠭᠤᠴᠢ ᠵᠢᠨ ᠬᠠᠤᠯᠢ ᠶᠤᠰᠤᠨ᠎ᠦ ᠡᠷᠬᠡ ᠠᠰᠢᠭ᠎ᠢ ᠰᠠᠢᠳᠤᠷ ᠬᠠᠮᠠᠭᠠᠯᠠᠵᠤ ᠪᠤᠢ
2026-02-24 15:46:51
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠠᠵᠢᠯᠴᠢᠨ᠎ᠤ ᠶᠡᠷᠦᠩᠬᠡᠢ ᠡᠪᠯᠡᠯ ᠡᠴᠡ ᠤᠢᠯᠠᠭᠠᠬᠰᠠᠨ ᠢ᠋ᠢᠡᠷ᠂ ᠲᠦᠷᠦᠭᠦᠭᠡᠨ ᠥᠪᠥᠷ ᠮᠣᠩᠭᠣᠯ᠎ᠤᠨ ᠾᠧᠩ ᠳᠧ ᠮᠠᠰᠢᠨ ᠲᠡᠷᠭᠡᠨ᠎ᠦ ᠪᠣᠷᠤᠯᠠᠭᠤᠯᠭ᠎ᠠ᠎ᠶᠢᠨ ᠦᠢᠯᠡᠴᠢᠯᠡᠭᠡᠨ᠎ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠥᠬᠡᠬᠣᠲᠠ᠎ᠳᠠᠬᠢ ᠬᠤᠪᠢᠶᠠᠷᠢ ᠺᠣᠮᠫᠠᠨᠢ ᠬᠠᠮᠲᠤ᠎ᠶᠢᠨ ᠵᠥᠪᠳᠡᠯᠴᠡᠬᠦ ᠬᠤᠷᠠᠯ ᠬᠢᠵᠦ᠂ ᠬᠦᠬᠡᠬᠣᠲᠠ᠎ᠶᠢᠨ ᠠᠩᠬᠠᠳᠠᠭ᠍ᠴᠢ ᠪᠠᠷᠠᠭᠠᠨ᠎ᠤ ᠲᠡᠭᠡᠭᠡᠪᠦᠷᠢ᠎ᠶᠢᠨ ᠠᠵᠤ ᠠᠬᠤᠢᠯᠠᠯ᠎ᠤᠨ ᠬᠠᠮᠲᠤ᠎ᠶᠢᠨ ᠭᠡᠷ᠎ᠡ᠎ᠳᠦ ᠭᠠᠷ᠎ᠤᠨ ᠥᠰᠥᠭ ᠵᠢᠷᠤᠵᠤ᠂ ᠲᠣᠰ ᠬᠠᠮᠲᠤ᠎ᠶᠢᠨ ᠭᠡᠷ᠎ᠡ ᠨᠢ 513 ᠪᠠᠷᠠᠭᠠᠨ᠎ᠤ ᠲᠡᠷᠭᠡ᠎ᠶᠢᠨ ᠵᠢᠯᠣᠭᠣᠴᠢ᠎ᠶᠢ ᠬᠠᠮᠤᠷᠴᠤ᠂ ᠪᠠᠷᠠᠭᠠᠨ᠎ᠤ ᠲᠡᠷᠭᠡ᠎ᠶᠢᠨ ᠵᠢᠯᠣᠭᠣᠴᠢ᠎ᠶᠢᠨ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠬᠤ᠂ ᠠᠵᠢᠯ ᠲᠥᠷᠥᠯ᠎ᠦᠨ ᠵᠥᠪᠳᠡᠯᠴᠡᠨ ᠵᠣᠬᠢᠴᠠᠭᠤᠯᠬᠤ ᠲᠣᠭᠲᠠᠴᠠ᠎ᠶᠢ ᠪᠦᠷᠢᠨᠰᠢᠭᠦᠯᠬᠦ᠂ ᠡᠶ᠎ᠡ ᠵᠣᠬᠢᠴᠠᠯ᠎ᠲᠠᠢ ᠬᠥᠳᠡᠯᠮᠦᠷᠢ᠎ᠶᠢᠨ ᠬᠠᠷᠢᠴᠠᠭ᠎ᠠ᠎ᠶᠢ ᠪᠠᠶ᠋ᠢᠭᠤᠯᠬᠤ᠎ᠵᠢ ᠠᠬᠢᠭᠤᠯᠪᠠ᠃

ᠣᠢᠯᠠᠭᠠᠭᠰᠠᠨ᠎ᠢᠶᠠᠷ᠂ ᠭᠡᠷ᠎ᠡ᠎ᠶᠢᠨ ᠠᠭᠤᠯᠭ᠎ᠠ᠎ᠳᠤ ᠬᠥᠳᠡᠯᠮᠦᠷᠢ᠎ᠶᠢᠨ ᠬᠥᠯᠥᠰᠦ ᠣᠯᠭᠣᠮᠵᠢ᠂ ᠠᠵᠢᠯᠯᠠᠬᠤ ᠴᠠᠭ ᠪᠠ ᠠᠮᠠᠷᠠᠯᠲᠠ᠂ ᠠᠰᠠᠷᠠᠮᠵᠢ ᠬᠠᠷᠠᠭᠠᠯᠵᠠᠯ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠂ ᠬᠥᠳᠡᠯᠮᠦᠷᠢ᠎ᠶᠢᠨ ᠠᠮᠤᠷ ᠲᠦᠪᠰᠢᠨ᠎ᠦ ᠠᠵᠢᠯ᠎ᠤᠨ ᠪᠠᠲᠤᠯᠠᠭ᠎ᠠ᠂ ᠡᠮᠡᠭᠲᠡᠢ ᠠᠵᠢᠯᠲᠠᠨ ᠠᠵᠢᠯᠴᠢᠨ᠎ᠤ ᠣᠨᠴᠠᠭᠠᠶ ᠬᠠᠮᠠᠭᠠᠯᠠᠯᠲᠠ ᠵᠡᠷᠭᠡ 11 ᠲᠠᠯ᠎ᠠ᠎ᠶᠢ ᠬᠠᠮᠤᠷᠴᠠᠢ᠃

ᠬᠠᠮᠳᠦ ᠵᠢᠨ ᠬᠡᠷ᠎ᠡ᠎ᠳᠦ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠎ᠤᠨ ᠲᠠᠯ᠎ᠠ᠎ᠪᠠᠷ᠂ ᠭᠡᠷ᠎ᠡ᠎ᠳᠦ ᠺᠣᠮᠫᠠᠨᠢ ᠡᠴᠡ ᠠᠵᠢᠯ᠎ᠤᠨ ᠪᠠᠢᠷᠢ᠎ᠶᠢᠨ ᠣᠨᠴᠠᠯᠢᠭ᠋᠂ ᠨᠥᠬᠥᠴᠡᠯ ᠪᠠ ᠱᠠᠭᠠᠷᠳᠠᠯᠭ᠎ᠠ᠎ᠶᠢ ᠦᠨᠳᠦᠰᠦᠯᠡᠨ᠂ ᠲᠣᠭᠲᠠᠭᠠᠯ ᠶᠣᠰᠣᠭᠠᠷ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠵᠠᠷᠤᠳᠠᠯ᠎ᠢ ᠭᠠᠷᠭᠠᠨ ᠠᠪᠬᠤ ᠪᠠ ᠬᠡᠷᠡᠭᠯᠡᠵᠦ᠂ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠳᠦᠷᠢᠮ᠎ᠢ ᠪᠠᠢᠭᠤᠯᠵᠤ᠂ ᠠᠵᠢᠯᠲᠠᠨ ᠠᠵᠢᠯᠴᠢᠨ᠎ᠳᠤ ᠲᠥᠯᠥᠪᠯᠡᠭᠡ᠎ᠲᠠᠢ᠎ᠪᠡᠷ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ ᠬᠢᠬᠦ ᠬᠡᠷᠡᠭᠲᠡᠢ᠃ ᠺᠣᠮᠫᠠᠨᠢ ᠨᠢ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠦᠨᠳᠦᠰᠦᠯᠡᠨ ᠡᠮᠡᠭᠲᠡᠢ ᠬᠥᠳᠡᠯᠮᠦᠷᠢᠴᠢᠨ᠎ᠦ ᠣᠨᠴᠠᠭᠠᠶ ᠬᠠᠮᠠᠭᠠᠯᠠᠯᠲᠠ᠎ᠶᠢ ᠬᠡᠷᠡᠭᠵᠢᠭᠦᠯᠵᠦ᠂ ᠡᠮᠡᠭᠲᠡᠢ ᠬᠥᠳᠡᠯᠮᠦᠷᠢᠴᠢᠨ᠎ᠦ ᠤᠯᠤᠰ ᠲᠥᠷᠥ᠂ ᠲᠤᠬᠠᠢᠯᠠᠭᠰᠠᠨ ᠠᠵᠢᠯ᠂ ᠮᠡᠷᠭᠡᠵᠢᠯ᠎ᠦᠨ ᠪᠣᠯᠪᠠᠰᠤᠷᠠᠯ᠎ᠳᠤ ᠣᠷᠣᠯᠴᠠᠬᠤ᠎ᠶᠢ ᠳᠡᠮᠵᠢᠵᠦ᠂ ᠨᠢᠭᠡᠴᠢ᠎ᠶᠢᠨ ᠰᠢᠯᠢᠳᠡᠭ ᠪᠠ ᠲᠡᠷᠢᠭᠦᠨ᠎ᠦ ᠬᠢ᠎ᠶᠢ ᠰᠢᠯᠭᠠᠷᠠᠭᠤᠯᠬᠤ ᠵᠡᠷᠭᠡ ᠲᠠᠯ᠎ᠠ᠎ᠪᠠᠷ ᠡᠷᠡᠭᠲᠡᠢ ᠡᠮᠡᠭᠲᠡᠢ ᠡᠷᠬᠡ ᠲᠡᠭᠰᠢ ᠪᠠᠢᠬᠤ ᠵᠠᠷᠴᠢᠮ᠎ᠢ ᠵᠢᠷᠤᠮᠯᠠᠬᠤ  ᠬᠡᠷᠡᠭᠲᠡᠢ ᠬᠡᠵᠦ ᠲᠣᠳᠣᠷᠬᠠᠢ ᠲᠣᠭᠲᠠᠭᠠᠪᠠ᠃

ᠡᠭᠦᠨ᠎ᠦ ᠬᠠᠮᠳᠦ᠂ ᠭᠡᠷ᠎ᠡ᠎ᠳᠦ ᠲᠤᠰᠬᠠᠢᠯᠠᠨ 10 ᠵᠦᠢᠯ᠎ᠦᠨ ᠰᠡᠳᠬᠢᠯ ᠢ᠋ ᠳᠤᠯᠠᠭᠠᠴᠠᠭᠤᠯᠬᠤ ᠠᠰᠠᠷᠠᠮᠵᠢ᠎ᠶᠢ ᠭᠠᠷᠭᠠᠵᠤ᠂ ᠪᠠᠷᠠᠭᠠᠨ᠎ᠤ ᠲᠡᠷᠭᠡ᠎ᠶᠢᠨ ᠵᠢᠯᠣᠭᠣᠴᠢ᠎ᠳᠤ ᠰᠦᠢᠳᠬᠡᠯ ᠬᠤᠷᠢᠶᠠᠬᠤ ᠦᠭᠡᠢ᠎ᠪᠡᠷ ᠦᠳᠡ᠎ᠶᠢᠨ ᠬᠣᠭᠣᠯᠠ ᠬᠠᠩᠭᠠᠬᠤ᠂ 5 ᠵᠢᠯ ᠪᠤᠶᠤ 20 ᠲᠦᠮᠡᠨ ᠺᠢᠯᠣᠮᠧᠲᠷ᠎ᠡᠴᠡ ᠳᠡᠭᠡᠭᠰᠢ ᠠᠶᠠᠯᠠᠬᠰᠠᠨ ᠵᠢᠯᠤᠭᠤᠴᠢ᠎ᠳᠦ ᠰᠦᠢᠳᠬᠡᠯ ᠬᠤᠷᠢᠶᠠᠬᠤ ᠦᠭᠡᠢ᠎ᠪᠡᠷ ᠲᠡᠷᠭᠡ ᠤᠨᠤᠭ᠎ᠠ᠎ᠶᠢ ᠨᠢ ᠠᠷᠠᠴᠢᠯᠠᠨ ᠬᠠᠮᠠᠭᠠᠯᠠᠵᠤ ᠦᠭᠬᠦ᠂ ᠥᠪᠡᠷ᠎ᠦᠨ ᠵᠠᠷᠤᠳᠠᠯ᠎ᠢᠶᠠᠷ᠎ᠢᠶᠠᠨ ᠵᠠᠰᠠᠨ ᠰᠡᠯᠪᠢᠬᠦ ᠎ᠳᠤ ᠨᠠᠰᠤᠨ ᠲᠤᠷᠰᠢᠲᠠ 6.5 ᠨᠤᠭᠤᠯᠤᠨ ᠬᠢᠮᠲᠠᠷᠠᠭᠤᠯᠬᠤ ᠪᠤᠯᠤᠨ᠎ᠠ᠃ ᠡᠭᠦᠨ᠎ᠦ ᠬᠠᠮᠲᠤ᠂ ᠪᠠᠷᠠᠭᠠᠨ᠎ᠤ ᠢᠷᠡᠯᠲᠡ᠎ᠶᠢᠨ ᠮᠡᠳᠡᠭᠡ ᠵᠠᠩᠭᠢ᠎ᠶᠢ ᠨᠠᠷᠢᠯᠢᠭ᠋ ᠣᠨᠣᠴᠠᠲᠠᠢ᠎ᠪᠠᠷ ᠬᠦᠷᠭᠡᠨ ᠲᠡᠷᠭᠡᠨ᠎ᠦ ᠬᠣᠭᠣᠰᠤᠨ ᠭᠦᠶᠦᠬᠦ ᠨᠣᠷᠮ᠎ᠠ᠎ᠶᠢ ᠪᠠᠭᠤᠷᠠᠭᠤᠯᠬᠤ᠂ ᠠᠵᠢᠯ᠎ᠤᠨ ᠪᠦᠲᠦᠮᠵᠢ᠎ᠶᠢ ᠤᠷᠮᠠᠰᠢᠭᠤᠯᠬᠤ ᠲᠣᠭᠲᠠᠴᠠ᠎ᠶᠢ ᠪᠠᠶ᠋ᠢᠭᠤᠯᠬᠤ ᠵᠡᠷᠭᠡ᠎ᠪᠡᠷ ᠳᠠᠮᠵᠢᠨ᠂ ᠪᠠᠷᠠᠭᠠᠨ᠎ᠤ ᠲᠡᠷᠭᠡ᠎ᠶᠢᠨ ᠵᠢᠯᠣᠭᠣᠴᠢ᠎ᠶᠢᠨ ᠠᠵᠢᠯ ᠡᠷᠭᠢᠯᠡᠬᠦ ᠪᠠᠲᠤᠯᠠᠭ᠎ᠠ ᠪᠠ ᠬᠦᠷᠲᠡᠮᠵᠢ᠎ᠶᠢᠨ ᠲᠥᠷᠥᠭᠳᠡᠯ᠎ᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠪᠤᠯᠤᠨ᠎ᠠ᠃

ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠦᠬᠡᠬᠣᠲᠠ᠎ᠶᠢᠨ ᠬᠥᠳᠡᠯᠮᠦᠷᠢ᠎ᠶᠢᠨ ᠬᠠᠷᠢᠴᠠᠭ᠎ᠠ᠎ᠶᠢᠨ ᠭᠤᠷᠪᠠᠨ ᠲᠠᠯ᠎ᠠ᠎ᠶᠢᠨ ᠬᠢᠨ ᠲᠣᠰ ᠤᠳᠠᠭᠠᠨ᠎ᠤ ᠭᠡᠷ᠎ᠡ ᠲᠣᠭᠲᠠᠬᠤ᠎ᠪᠠᠷ ᠠᠵᠠ ᠲᠣᠬᠢᠶᠠᠯ ᠪᠣᠯᠭᠠᠵᠤ᠂ ᠪᠠᠷᠠᠭᠠᠨ᠎ᠤ ᠲᠡᠭᠡᠭᠡᠪᠦᠷᠢ᠂ ᠰᠦᠯᠵᠢᠶ᠎ᠡ᠎ᠪᠡᠷ ᠲᠡᠷᠭᠡ ᠪᠣᠯᠵᠣᠬᠤ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ ᠢ᠋ᠢᠨ ᠠᠵᠢᠯ ᠲᠥᠷᠥᠯ᠎ᠦᠨ ᠬᠠᠮᠲᠤ᠎ᠪᠠᠷ ᠵᠥᠪᠳᠡᠯᠴᠡᠬᠦ ᠠᠵᠢᠯ᠎ᠢ ᠦᠷᠭᠦᠯᠵᠢᠯᠡᠨ ᠠᠬᠢᠭᠤᠯᠵᠤ᠂ ᠨᠠᠩ ᠣᠯᠠᠨ ᠠᠵᠤ ᠠᠬᠤᠢᠯᠠᠯ᠎ᠤᠨ ᠬᠠᠮᠲᠤ᠎ᠶᠢᠨ ᠭᠡᠷ᠎ᠡ ᠲᠣᠭᠲᠠᠬᠤ᠎ᠶᠢ ᠠᠬᠢᠭᠤᠯᠤᠨ᠎ᠠ᠃ ᠰᠢᠨ᠎ᠡ ᠠᠵᠢᠯ ᠣᠯᠭᠣᠯᠲᠠ᠎ᠶᠢᠨ ᠬᠡᠯᠪᠡᠷᠢ ᠢ᠋ᠢᠨ ᠬᠥᠳᠡᠯᠮᠦᠷᠢᠴᠢᠨ᠎ᠦ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ᠎ᠬᠦ ᠬᠠᠮᠠᠭᠠᠯᠠᠵᠤ᠂ ᠰᠢᠨ᠎ᠡ ᠡᠵᠡᠩᠨᠡᠯᠲᠡ᠎ᠶᠢᠨ ᠬᠡᠯᠪᠡᠷᠢ ᠢ᠋ᠢᠨ ᠠᠵᠢᠯ ᠲᠥᠷᠥᠯ᠎ᠦᠨ ᠵᠢᠷᠤᠮᠵᠢᠯ᠎ᠲᠠᠢ ᠡᠷᠡᠭᠦᠯ᠎ᠢᠶᠡᠷ ᠬᠥᠭᠵᠢᠬᠦ᠎ᠳᠦ ᠬᠦᠴᠦᠨ ᠨᠡᠮᠡᠷᠢᠯᠡᠨ᠎ᠡ ᠬᠡᠵᠦ ᠢᠯᠡᠷᠬᠡᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号