ᠬᠥᠬᠡᠬᠣᠲᠠ᠎ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ 《ᠣᠷᠣᠨ᠎ᠤ ᠲᠥᠪ᠎ᠬᠤᠳᠠ ᠵᠢᠨ ᠪᠠᠢᠴᠠᠭᠠᠬᠤ ᠬᠣᠷᠢᠶ᠎ᠠ ᠵᠢᠨ ᠥᠯᠢᠭᠡᠷ᠎ᠢ ᠰᠠᠢᠲᠤᠷ ᠶᠠᠷᠢᠬᠤ》 ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠬᠦᠯᠵᠡᠢ
2026-02-24 15:51:29
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ᠂ ᠬᠥᠬᠡᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ 2026 ᠣᠨ᠎ᠤ 《ᠣᠷᠣᠨ᠎ᠤ ᠲᠥᠪ᠎ᠬᠤᠳᠠ ᠵᠢᠨ ᠪᠠᠢᠴᠠᠭᠠᠬᠤ ᠬᠣᠷᠢᠶ᠎ᠠ ᠵᠢᠨ ᠦᠯᠢᠭᠡᠷ᠎ᠢ ᠰᠠᠢᠲᠤᠷ ᠶᠠᠷᠢᠬᠤ》 ᠱᠢᠷᠢᠰ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠡᠬᠢᠯᠡᠬᠦᠯᠵᠦ᠂ 《ᠶᠡᠬᠡ ᠲᠠᠯ᠎ᠠ᠎ᠳᠤ ᠦᠶ᠋ᠯᠡᠴᠢᠯᠡᠬᠦ᠂ ᠠᠷᠠᠳ ᠲᠦᠮᠡᠨ᠎ᠦ ᠲᠥᠯᠥᠭᠡ ᠬᠠᠤᠯᠢ ᠬᠡᠷᠡᠭᠵᠢᠬᠦᠯᠬᠦ᠂ ᠬᠠᠤᠯᠢ᠎ᠪᠠᠷ ᠵᠠᠰᠠᠬᠤ᠎ᠳᠤ ᠬᠠᠷᠢᠭᠤᠴᠠᠯᠭ᠎ᠠ ᠡᠭᠦᠷᠭᠡᠯᠡᠬᠦ᠌》 ᠭᠤᠤᠯ ᠰᠡᠳᠦᠪ ᠲᠠᠢ ᠨᠢᠬᠳᠠ ᠤᠶᠠᠯᠳᠤᠨ᠂ ᠲᠡᠷᠬᠡᠳᠡᠬᠢ ᠤᠴᠢᠷ ᠶᠠᠪᠤᠳᠠᠯ ᠵᠢᠡᠷ ᠲᠡᠷᠬᠡᠳᠡᠬᠢ ᠬᠦᠮᠦᠨ᠎ᠢ ᠬᠦᠮᠦᠵᠢᠬᠦᠯᠬᠦ ᠪᠡᠷ ᠲᠠᠮᠵᠢᠨ᠂ ᠪᠠᠢᠴᠠᠭᠠᠬᠤ ᠠᠵᠢᠯ ᠤ᠋ᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ᠂ ᠬᠠᠤᠯᠢ ᠪᠡᠷ ᠵᠠᠰᠠᠬᠤ ᠢᠲᠡᠭᠡᠯ ᠪᠢᠱᠢᠷᠡᠯ᠎ᠢ ᠦᠯᠢᠭᠡᠷ᠎ᠶᠠᠷᠢᠬᠤ ᠳᠤᠮᠳᠠ ᠬᠥᠮᠦᠰ᠎ᠦᠨ ᠴᠡᠬᠡᠵᠢᠨ ᠳ᠋ᠸ᠋ ᠬᠠᠳᠠᠩᠰᠢᠭᠤᠯᠪᠠ᠃

ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢᠨ ᠭᠤᠤᠯ ᠦᠬᠦᠯᠡᠭᠴᠢ ᠪᠣᠯ ᠬᠦᠬᠡᠬᠣᠲᠠ᠎ᠶ᠋ᠢᠨ ᠠᠷᠠᠳ ᠤ᠋ᠨ  ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠮᠡᠷᠭᠡᠵᠢᠯ᠎ᠦᠨ ᠮᠡᠳᠡᠭᠡ ᠵᠠᠩᠭᠢ᠎ᠶ᠋ᠢᠨ ᠬᠡᠯᠲᠡᠰ᠎ᠦᠨ ᠫᠠᠩ ᠲᠦᠩ ᠪᠠ ᠬᠦᠬᠡᠬᠣᠲᠠ᠎ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ ᠵᠢᠨ ᠨᠢᠭᠡᠳᠦᠭᠡᠷ ᠪᠠᠢᠴᠠᠭᠠᠬᠤ ᠬᠡᠯᠲᠡᠰ᠎ᠦᠨ ᠪᠠᠢᠴᠠᠭᠠᠬᠤ ᠲᠤᠱᠢᠶᠠᠯᠲᠠᠨ᠎ᠤ ᠲᠤᠰᠠᠯᠠᠭ᠍ᠴᠢ ᠸᠠᠩ ᠴᠧᠩ ᠴᠧᠩ ᠪᠣᠯᠤᠨ᠎ᠠ᠃ ᠭᠣᠣᠯ ᠦᠬᠦᠯᠡᠭᠴᠢ ᠫᠠᠩ ᠲᠦᠩ 《ᠪᠦᠷᠭᠦᠳ᠎ᠦᠨ ᠨᠢᠳᠦ᠍᠎ᠪᠡᠷ ᠮᠥᠷᠳᠡᠵᠦ᠍᠂ ᠤᠭ ᠰᠠᠨᠠᠭ᠎ᠠ᠎ᠪᠠᠨ ᠰᠠᠬᠢᠨ ᠪᠠᠷᠠᠯᠠᠶ᠎ᠠ》 ᠭᠡᠬᠦ᠌ ᠰᠡᠳᠦᠪ᠎ᠢᠶᠡᠷ᠂ ᠪᠠᠢᠴᠠᠭᠠᠬᠤ ᠮᠡᠷᠭᠡᠵᠢᠯ᠎ᠡᠴᠡ ᠬᠠᠤᠯᠢ ᠬᠡᠷᠡᠭᠵᠢᠬᠦᠯᠵᠦ ᠬᠡᠷᠡᠭ ᠱᠢᠢᠳᠪᠦᠷᠢᠯᠡᠬᠦ᠌ ᠳ᠋ᠸ᠋ ᠬᠦᠴᠦᠨ ᠣᠯᠭᠣᠭ᠍ᠰᠠᠨ ᠦᠢᠯᠡᠳᠦᠯᠭᠡ᠎ᠶ᠋ᠢᠨ ᠰᠦᠪᠡᠭ᠌ᠴᠢᠯᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠮᠡᠷᠭᠡᠵᠢᠯ᠎ᠦᠨ ᠠᠵᠢᠯᠳᠠᠨ᠎ᠤ ᠤᠯᠠᠨ ᠤᠳᠠᠭᠠᠨ᠎ᠤ ᠲᠦᠪᠡᠭ ᠪᠤᠳᠤᠯᠢᠶᠠᠨᠲᠠᠢ ᠬᠡᠷᠡᠭ᠎ᠦᠨ ᠳᠤᠮᠳᠠᠬᠢ ᠪᠣᠭᠣᠮᠲᠠ ᠱᠢᠪᠲᠤᠯᠬᠤ ᠶᠠᠪᠤᠴᠠ᠎ᠶ᠋ᠢ ᠠᠮᠢᠳᠤᠯᠢᠭ᠎ᠢᠶᠠᠷ ᠢᠯᠡᠷᠡᠬᠦᠯᠪᠡ᠃ ᠡᠯᠧᠺᠲ᠋ᠷᠣᠨ ᠲᠣᠭ᠎ᠠ ᠪᠠᠷᠢᠮᠲᠠ᠎ᠶ᠋ᠢ ᠭᠠᠷᠭᠠᠨ ᠠᠪᠬᠤ᠂ ᠣᠷᠣᠮ᠎ᠤᠨ ᠪᠣᠳᠠᠰ᠎ᠤᠨ ᠭᠡᠷᠡᠴᠢ᠎ᠶ᠋ᠢ ᠵᠠᠳᠠᠯᠬᠤ᠎ᠡᠴᠨ ᠠᠪᠤᠭᠠᠳ ᠮᠡᠷᠭᠡᠵᠢᠯ᠎ᠦᠨ ᠠᠷᠭ᠎ᠠ ᠪᠠᠷᠢᠯ ᠵᠢᠡᠷ ᠭᠡᠷᠡᠴᠢ ᠪᠠᠷᠢᠮᠲᠠ᠎ᠶ᠋ᠢᠨ ᠬᠡᠯᠬᠢᠶ᠎ᠡ᠎ᠶ᠋ᠢ ᠪᠠᠢᠭᠤᠯᠬᠤ᠎ᠳᠤ ᠲᠤᠰᠠᠯᠠᠬᠤ ᠬᠦᠷᠲᠡᠯ᠎ᠡ᠂ ᠬᠡᠷᠬᠢᠨ ᠲᠤᠰᠭᠠᠶ ᠮᠡᠷᠭᠡᠵᠢᠯ᠎ᠢ ᠬᠡᠷᠡᠭ᠌ᠯᠡᠨ ᠬᠡᠷᠡᠭ ᠱᠢᠶ᠋ᠳᠪᠦᠷᠢᠯᠡᠬᠦ᠌ ᠬᠦᠴᠢᠷᠳᠡᠯ᠎ᠢ ᠱᠢᠶ᠋ᠳᠪᠦᠷᠢᠯᠡᠬᠦ᠌ ᠲᠤᠬᠠᠶ ᠨᠠᠷᠢᠨ ᠶᠠᠷᠢᠪᠠ; ᠭᠤᠤᠯ ᠥᠭᠦᠯᠡᠭ᠌ᠴᠢ ᠸᠠᠩ ᠴᠧᠩ ᠴᠸᠩ 《ᠣᠨᠴᠠᠭᠠᠶ ᠬᠡᠷᠡᠭ᠎ᠢ ᠱᠢᠶ᠋ᠳᠪᠦᠷᠢᠯᠡᠭ᠌ᠰᠡᠨ ᠲᠤᠷᠱᠢᠯᠭ᠎ᠠ᠎ᠡᠴᠨ ᠳᠤᠰ ᠲᠥᠷᠥᠯ᠎ᠦᠨ ᠬᠡᠷᠡᠭ᠎ᠢ ᠵᠠᠰᠠᠬᠤ ᠪᠠᠢᠷᠢᠱᠢᠯ ᠬᠦᠷᠳᠡᠯ᠎ᠡ》 ᠭᠡᠬᠦ᠌ ᠰᠡᠳᠦᠪ᠎ᠢᠶᠡᠷ᠂ ᠠᠶᠤᠯ ᠲᠠᠶ᠎ᠪᠠᠷ ᠮᠠᠰᠢᠨ ᠲᠡᠷᠭᠡ ᠵᠢᠯᠣᠭᠣᠳᠤᠭ᠍ᠰᠠᠨ ᠶᠠᠯ᠎ᠠ᠎ᠪᠠᠷ ᠭᠠᠷᠳᠠᠬᠤ ᠴᠡᠭ ᠪᠣᠯᠭᠠᠵᠤ᠂ ᠣᠷᠣᠨ᠎ᠤ ᠲᠥᠪ ᠬᠤᠳᠠ ᠵᠢᠨ ᠪᠠᠢᠴᠠᠭᠠᠬᠤ ᠠᠵᠢᠯᠲᠠᠨ᠎ᠤ ᠨᠠᠷᠢᠯᠢᠭ ᠣᠨᠣᠴᠠᠲᠠᠶ᠎ᠪᠠᠷ ᠬᠡᠷᠡᠭ ᠱᠢᠶ᠋ᠳᠪᠦᠷᠢᠯᠡᠬᠦ᠌᠎ᠡᠴᠡ ᠱᠢᠰᠲ᠋ᠧᠮ᠎ᠲᠡᠶ ᠵᠠᠰᠠᠬᠤ ᠬᠦᠷᠲᠡᠯᠡᠬᠢ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠠᠬᠢᠴᠠ᠎ᠶ᠋ᠢ ᠢᠯᠡᠷᠡᠭᠦᠯᠪᠡ᠃ ᠲᠠᠩᠨᠠᠨ ᠪᠠᠢᠴᠠᠭᠠᠬᠤ ᠲᠤᠷᠱᠢᠯᠲᠠ᠎ᠪᠠᠷ ᠭᠡᠷᠡᠴᠢ ᠪᠠᠷᠢᠮᠲᠠ᠎ᠶ᠋ᠢᠨ ᠬᠦᠴᠢᠷᠳᠡᠯ᠎ᠢ ᠢᠯᠡᠷᠡᠭᠦᠯᠬᠦ ᠡᠴᠨ ᠠᠪᠤᠭᠠᠳ ᠬᠠᠤᠯᠢ ᠴᠠᠭᠠᠵᠠ᠎ᠶ᠋ᠢ ᠣᠨᠣᠪᠴᠢᠲᠠᠶ ᠬᠡᠷᠡᠭ᠌ᠯᠡᠨ ᠡᠷᠡᠭᠦᠦ ᠱᠢᠢᠳᠭᠡᠯ ᠣᠨᠣᠭ᠍ᠳᠠᠭᠤᠯᠬᠤ ᠵᠥᠷᠢᠶ᠎ᠡ᠎ᠶ᠋ᠢ ᠵᠠᠯᠠᠷᠠᠭᠤᠯᠬᠤ ᠬᠦᠷᠲᠡᠯ᠎ᠡ᠂ ᠸᠠᠩ ᠴᠸᠩ ᠴᠸᠩ 《ᠨᠠᠷᠢᠨ ᠱᠢᠶ᠋ᠳᠪᠦᠷᠢᠯᠡᠬᠦ᠌᠂ ᠪᠣᠳᠠᠲᠠᠶ ᠱᠢᠶ᠋ᠳᠪᠦᠷᠢᠯᠡᠬᠦ᠂ ᠣᠨᠣᠪᠴᠢᠲᠠᠶ ᠱᠢᠶ᠋ᠳᠪᠦᠷᠢᠯᠡᠬᠦ᠌》 ᠬᠡᠷᠡᠭ ᠱᠢᠶ᠋ᠳᠪᠦᠷᠢᠯᠡᠬᠦ᠌ ᠣᠢᠯᠠᠭᠠᠭ᠍ᠳᠠᠬᠤᠨ᠎ᠢ ᠢᠯᠡᠷᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号