ᠥᠪᠥᠷ ᠮᠣᠩᠭᠣᠯ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠲᠠᠢ ᠬᠤᠯᠪᠤᠬᠳᠠᠬᠰᠠᠨ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠪᠠᠢᠷᠢᠯᠠᠭᠤᠯᠵᠡᠢ
2026-02-24 15:41:45
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠰᠤᠷᠪᠤᠯᠵᠢᠯᠠᠭ᠍ᠴᠢ ᠦᠪᠠᠷᠲᠠᠬᠡᠨ ᠵᠠᠰᠠᠬᠤ ᠤᠷᠤᠨ ᠤ᠋ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠵᠢᠨ ᠲᠢᠡᠭᠬᠢᠮ ᠡᠴᠠ ᠣᠢᠯᠠᠭᠠᠭ᠍ᠰᠠᠨ᠎ᠢᠶᠠᠷ᠂ 2026 ᠣᠨ᠎ᠳᠤ᠂ ᠪᠥᠬᠥ᠌ ᠣᠷᠣᠨ᠎ᠤ ᠡᠯ᠎ᠡ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠤᠤᠯ ᠱᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠪᠠᠢᠷᠢᠯᠠᠭᠤᠯᠪᠠ᠃

ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ ᠨᠢ ᠲᠣᠰ ᠲᠣᠰ᠄ ᠠᠵᠢᠯ ᠣᠯᠭᠣᠯᠲᠠ᠎ᠶ᠋ᠢᠨ ᠨᠥᠬᠥᠷᠰᠡᠭ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠲᠦᠷᠭᠡᠪᠴᠢᠯᠡᠨ ᠪᠠᠢᠭᠤᠯᠵᠤ᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠤᠨ᠎ᠠ᠃ ᠠᠵᠢᠯ ᠣᠯᠭᠣᠯᠲᠠ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠬᠥᠳᠡᠯᠭᠡᠬᠦ᠌ ᠬᠦᠴᠦᠨ ᠪᠣᠯᠭᠠᠵᠤ᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠬᠦ᠌᠎ᠪᠡᠷ ᠭᠠᠷᠳᠠᠴᠠ ᠪᠣᠯᠭᠠᠵᠤ᠂ ᠠᠵᠢᠯ ᠣᠯᠭᠣᠯᠲᠠ᠎ᠶ᠋ᠢᠨ ᠶᠡᠬᠡ ᠲᠠᠯ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠲᠣᠭ᠍ᠲᠠᠪᠤᠷᠢᠵᠢᠭᠤᠯᠤᠨ᠎ᠠ; 《ᠤᠷ᠎ᠠ ᠮᠡᠷᠭᠡᠵᠢᠯ᠎ᠢᠶᠡᠷ ᠢᠷᠡᠭᠡᠳᠦᠶ᠎ᠪᠡᠨ ᠬᠡᠷᠠᠯᠲᠤᠬᠦᠯᠬᠦ》 ᠪᠣᠯᠪᠠᠰᠤᠷᠠᠯ᠎ᠤᠨ ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠤᠷ᠎ᠠ ᠮᠡᠷᠭᠡᠵᠢᠯ ᠶ᠋ᠢᠡᠷ ᠠᠵᠢᠯ ᠣᠯᠭᠣᠬᠤ᠂ ᠤᠷ᠎ᠠ ᠮᠡᠷᠬᠡᠵᠢᠯ᠎ᠢᠶᠡᠷ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠱᠢᠨ᠎ᠡ ᠨᠢᠭᠡᠨ ᠡᠭᠡᠯᠵᠢ᠎ᠶ᠋ᠢᠨ 《ᠤᠷ᠎ᠠ ᠮᠡᠷᠭᠡᠵᠢᠯᠲᠤ ᠥᠪᠥᠷ ᠮᠣᠩᠭᠣᠯ》 ᠤ᠋ᠨ ᠠᠵᠢᠯᠯᠠᠭ᠎ᠠ᠎ᠶ᠋ᠢ ᠡᠬᠢᠯᠡᠭᠦᠯᠵᠦ᠍᠂ ᠮᠡᠳᠡᠯᠭᠡ᠎ᠶ᠋ᠢᠨ ᠬᠡᠯᠪᠡᠷᠢ᠎ᠶ᠋ᠢᠨ᠂ ᠤᠷ᠎ᠠ ᠮᠡᠷᠭᠡᠵᠢᠯ ᠤ᠋ᠨ ᠬᠡᠯᠪᠡᠷᠢ᠎ᠶ᠋ᠢᠨ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠬᠥᠳᠡᠯᠮᠦᠷᠢᠴᠢᠳ᠎ᠦᠨ ᠶᠡᠬᠡ ᠡᠩᠨᠡᠭᠡ᠎ᠶ᠋ᠢ ᠲᠦᠷᠭᠡᠳᠭᠡᠨ ᠪᠠᠢᠭᠤᠯᠤᠨ᠎ᠠ; ᠨᠡᠢᠭᠡᠮ᠎ᠦᠨ ᠪᠠᠲᠤᠯᠠᠭ᠎ᠠ᠎ᠶ᠋ᠢᠨ ᠲᠦᠷᠢᠮ᠎ᠦᠨ ᠱᠢᠰᠲ᠋ᠧᠮ᠎ᠢ ᠪᠦᠷᠢᠨᠱᠢᠬᠦᠯᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠣᠣᠷ᠎ᠢ ᠨᠢᠭ᠍ᠲᠠ ᠪᠥᠭᠡᠳ ᠪᠠᠲᠤ ᠴᠣᠭ᠍ᠴᠠᠯᠠᠨ᠎ᠠ᠃ ᠨᠡᠢᠭᠡᠮ᠎ᠦᠨ ᠪᠠᠲᠤᠯᠠᠭ᠎ᠠ᠎ᠶ᠋ᠢᠨ ᠦᠷᠭᠦᠯᠵᠢᠯᠡᠬᠦᠢᠴᠠ ᠴᠢᠨᠠᠷ᠂ ᠲᠥᠪ ᠭᠣᠣᠯᠴᠢ ᠪᠣᠯᠤᠮᠵᠢᠲᠤ ᠴᠢᠨᠠᠷ᠂ ᠠᠮᠤᠷ ᠲᠦᠪᠱᠢᠨ ᠴᠢᠨᠠᠷ᠂ ᠳᠥᠭᠥᠮ ᠳᠥᠲᠡ ᠴᠢᠨᠠᠷ ᠪᠠ ᠵᠢᠷᠤᠮᠵᠢᠭ᠍ᠰᠠᠨ ᠴᠢᠨᠠᠷ᠎ᠢ ᠴᠢᠩᠭᠠᠳᠭᠠᠬᠤ᠎ᠪᠠᠷ ᠠᠵᠢᠯ᠎ᠤᠨ ᠭᠣᠣᠯᠳᠠᠯᠭ᠎ᠠ ᠪᠣᠯᠭᠠᠵᠤ᠂ ᠤᠯᠠᠨ ᠵᠦᠢᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠨᠡᠢᠭᠡᠮ᠎ᠦᠨ ᠪᠠᠲᠤᠯᠠᠭ᠎ᠠ ᠠᠷᠠᠳ᠎ᠤᠨ ᠠᠮᠢᠳᠤᠷᠠᠯ᠎ᠤᠨ ᠲᠣᠣᠷ᠎ᠢ ᠨᠢᠭ᠍ᠲᠠ ᠪᠥᠭᠡᠳ ᠪᠠᠲᠤ ᠰᠦᠯᠵᠢᠨ᠎ᠡ; ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠎ᠳᠤ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ᠃ ᠴᠢᠳᠠᠪᠤᠷᠢᠲᠠᠨ᠎ᠢ 《ᠣᠷᠣᠭᠤᠯᠤᠨ ᠠᠪᠴᠢᠷᠠᠵᠤ ᠦᠯᠡᠳᠡᠭᠡᠨ ᠬᠡᠷᠡᠭ᠌ᠯᠡᠬᠦ᠌》 ᠠᠵᠢᠯ᠎ᠢ ᠰᠠᠢᠲᠤᠷ ᠬᠢᠵᠦ᠍᠂ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠦᠨᠡᠨᠬᠦ᠌ ᠰᠠᠢᠲᠤᠷ ᠠᠳᠭᠤᠨ᠎ᠠ; ᠴᠠᠯᠢᠩ᠎ᠤᠨ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠤᠯᠠᠨ ᠲᠦᠮᠡᠨ᠎ᠦ ᠣᠷᠣᠯᠭ᠎ᠠ᠎ᠶ᠋ᠢᠨ ᠨᠡᠮᠡᠭ᠌ᠳᠡᠯ᠎ᠢ ᠢᠳᠡᠪᠬᠢᠲᠡᠢ ᠠᠬᠢᠭᠤᠯᠤᠨ᠎ᠠ᠃ ᠨᠠᠭᠠᠳᠤ ᠵᠠᠬ᠎ᠠ᠎ᠶ᠋ᠢᠨ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ᠌ ᠲᠣᠭ᠍ᠲᠠᠴᠠ᠎ᠶ᠋ᠢ ᠨᠠᠢᠳᠠᠪᠤᠷᠢᠵᠢᠭᠤᠯᠤᠨ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢ ᠨᠠᠩ ᠵᠦᠶ ᠵᠣᠬᠢᠰᠲᠠᠶ ᠡᠮᠬᠢ ᠵᠢᠷᠤᠮ᠎ᠲᠠᠶ ᠪᠣᠯᠭᠠᠬᠤ᠎ᠶ᠋ᠢ ᠠᠬᠢᠭᠤᠯᠤᠨ᠎ᠠ; ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠵᠤ᠂ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠤᠨ᠎ᠠ᠃ ᠬᠥᠳᠡᠯᠮᠦᠷᠢ᠎ᠶ᠋ᠢᠨ ᠬᠠᠷᠢᠴᠠᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠬᠢᠨᠠᠨ ᠪᠠᠢᠴᠠᠭᠠᠯᠲᠠ ᠬᠠᠤᠯᠢ ᠬᠡᠷᠡᠭ᠌ᠵᠢᠭᠦᠯᠦᠯᠲᠡ᠎ᠶ᠋ᠢ ᠴᠢᠩᠭᠠᠳᠭᠠᠵᠤ᠂ ᠨᠡᠩ ᠡᠶ᠎ᠡ ᠵᠣᠬᠢᠴᠠᠯ᠎ᠲᠠᠶ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠤᠨ᠎ᠠ; ᠲᠣᠭᠠᠴᠢᠯᠠᠭ᠍ᠰᠠᠨ ᠴᠢᠳᠠᠪᠤᠷᠢ᠎ᠶ᠋ᠢ ᠨᠡᠮᠡᠭ᠌ᠳᠡᠭᠦᠯᠬᠦ᠌᠎ᠶ᠋ᠢ ᠴᠢᠩᠭᠠᠳᠭᠠᠵᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠤᠨ᠎ᠠ᠃ ᠮᠡᠷᠭᠡᠵᠢᠯ᠎ᠦᠨ ᠠᠷᠭ᠎ᠠ ᠪᠠᠷᠢᠯ᠎ᠢ ᠭᠦᠶ᠋ᠴᠡᠳ ᠬᠡᠷᠡᠭ᠌ᠯᠡᠨ᠂ ᠬᠡᠷᠡᠭ᠌ᠯᠡᠭᠡᠨ᠎ᠦ ᠠᠵᠢᠯ᠎ᠢ ᠰᠦᠪᠡᠭ᠌ᠴᠢᠯᠡᠨ ᠥᠷᠨᠢᠭᠦᠯᠵᠦ᠍᠂ ᠦᠶ᠋ᠯᠡᠴᠢᠯᠡᠭᠡᠨ᠎ᠦ ᠵᠠᠭ᠍ᠪᠤᠷ᠎ᠲᠤ ᠱᠢᠨ᠎ᠡ᠎ᠶ᠋ᠢ ᠡᠭᠦᠳᠬᠦ᠌᠂ ᠬᠦᠴᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号