《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠥᠪᠥᠷ ᠮᠣᠩᠭᠣᠯ ᠣᠶ ᠰᠢᠭᠤᠢ ᠵᠢᠨ ᠳᠠᠷᠤᠭ᠎ᠠ ᠵᠢᠨ ᠲᠦᠷᠢᠮ ᠵᠢᠡᠷ ᠭᠠᠷᠳᠠᠴᠠ ᠪᠣᠯᠭᠠᠨ᠂ 2792.5 ᠲᠦᠮᠡᠨ ᠮᠥ᠍ ᠨᠠᠷᠠᠰᠤᠨ ᠮᠤᠳᠤᠨᠦ ᠣᠶ ᠵᠢ ᠬᠢᠨᠠᠨ ᠬᠡᠮᠵᠢᠵᠦ᠍ ᠪᠠᠢᠴᠠᠭᠠᠬᠤ᠎ᠶ᠋ᠢ ᠨᠡᠢᠳᠡᠮ ᠪᠦᠷᠬᠦᠭᠦᠯᠵᠦ᠍᠂ ᠨᠠᠷᠠᠰᠤᠨ ᠮᠤᠳᠤᠨ ᠮᠠᠲ᠋ᠧᠷᠢᠶᠠᠯ ᠤ᠋ᠨ ᠤᠲᠠᠰᠤᠯᠢᠭ ᠬᠣᠷᠣᠬᠠᠶ ᠵᠢᠨ ᠬᠢᠵᠢᠭ᠎ᠦᠨ ᠪᠠᠢᠳᠠᠯ ᠦᠯᠦ ᠢᠯᠡᠷᠡᠵᠦ᠂ ᠤᠯᠤᠰ᠎ᠠᠴᠠ ᠪᠠᠭᠤᠯᠭᠠᠭ᠍ᠰᠠᠨ 《ᠬᠢᠵᠢᠭ᠎ᠦᠨ ᠪᠠᠢᠳᠠᠯ ᠡᠭᠦᠰᠭᠦ ᠥᠬᠡᠶ ᠪᠠᠢᠬᠤ᠎ᠶ᠋ᠢ ᠪᠠᠲᠤᠯᠠᠬᠤ》 ᠬᠠᠷᠠᠯᠲᠠ ᠡᠭᠦᠷᠭᠡ᠎ᠶ᠋ᠢ ᠪᠡᠶᠡᠯᠡᠭᠦᠯᠪᠡ᠃
ᠥᠪᠥᠷ ᠮᠣᠩᠭᠣᠯ ᠤ᠋ᠨ ᠦᠪᠡᠷᠳᠡᠬᠡᠨ ᠵᠠᠰᠠᠬᠤ ᠤᠷᠤᠨ᠎ᠦ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠵᠢᠯ ᠪᠦᠷᠢ ᠶᠡᠷᠦᠩᠬᠡᠶ ᠣᠶ ᠰᠢᠭᠤᠢ ᠵᠢᠨ ᠳᠠᠷᠤᠭ᠎ᠠ ᠵᠢᠨ ᠵᠠᠷᠯᠢᠭ ᠨᠡᠢᠲᠡᠯᠡᠵᠦ᠍᠂ ᠬᠦᠨᠳᠦ ᠣᠨᠴᠠ ᠶᠡᠬᠡ ᠣᠶ ᠱᠢᠭᠤᠶ ᠪᠠ ᠨᠤᠲᠤᠭ ᠪᠡᠯᠴᠢᠭᠡᠷ ᠤ᠋ᠨᠠᠮᠢᠳᠤ ᠪᠣᠳᠠᠰ ᠤ᠋ᠨ ᠭᠠᠮᠱᠢᠭ ᠡᠭᠦᠰᠭᠦ᠎ᠶ᠋ᠢ ᠡᠷᠡᠰ ᠰᠡᠷᠭᠡᠢᠯᠡᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠡᠯ᠎ᠡ ᠭᠠᠵᠠᠷ ᠤ᠋ᠨ ᠬᠢᠨ ᠡᠳᠦᠷ ᠲᠤᠲᠤᠮ ᠤ᠋ᠨ ᠬᠢᠨᠠᠨ ᠬᠡᠮᠵᠢᠯᠲᠡ ᠪᠠ ᠲᠤᠰᠭᠠᠶ ᠵᠦᠶ᠋ᠯ᠎ᠦᠨ ᠨᠡᠢᠳᠡᠮ ᠪᠠᠢᠴᠠᠭᠠᠯᠲᠠ ᠵᠢᠨ ᠲᠦᠷᠢᠮ ᠢ᠋ ᠴᠢᠩᠭ᠎ᠠ ᠬᠡᠷᠡᠭ᠌ᠵᠢᠭᠦᠯᠵᠦ᠍᠂ 14 ᠭᠤᠤᠯᠳᠠᠯᠭ᠎ᠠ᠎ᠲᠠᠶ ᠤᠷᠢᠳᠴᠢᠯᠠᠨ ᠰᠡᠷᠭᠡᠢᠯᠡᠬᠦ᠌ ᠣᠷᠣᠨ ᠪᠠ 111 ᠡᠩ᠎ᠦᠨ ᠤᠷᠢᠳᠴᠢᠯᠠᠨ ᠰᠡᠷᠭᠡᠢᠯᠡᠬᠦ᠌ ᠣᠷᠣᠨ᠎ᠤ ᠨᠡᠢᠲᠡ 20 ᠭᠠᠷᠤᠶ ᠲᠦᠮᠡᠨ ᠪᠠᠭ᠎ᠠ ᠠᠩᠭᠢ ᠵᠢᠨ ᠨᠡᠢᠳᠡᠮ ᠪᠠᠢᠴᠠᠭᠠᠯᠲᠠ ᠵᠢᠨ ᠠᠵᠢᠯ ᠢ᠋ ᠪᠡᠶᠡᠯᠡᠭᠦᠯᠵᠦ᠍᠂ ᠬᠢᠨᠠᠨ ᠬᠡᠮᠵᠢᠯᠲᠡ ᠵᠢᠨ ᠪᠦᠷᠬᠦᠴᠡ ᠵᠢᠨ ᠨᠣᠷᠮ᠎ᠠ 100%᠎ᠳ᠋ᠤ ᠬᠦᠷᠴᠡᠶ; 38 ᠲᠦᠮᠡ ᠭᠠᠷᠤᠶ ᠬᠤᠪᠠᠬᠠᠢᠷᠠᠭᠰᠠᠨ ᠨᠠᠷᠠᠰᠤᠨ ᠮᠣᠳᠣ ᠶ᠋ᠢ ᠪᠠᠢᠴᠠᠭᠠᠵᠤ᠂ 2.4 ᠲᠦᠮᠡ ᠭᠠᠷᠤᠶ ᠥᠯᠢᠭᠡᠷ ᠠᠪᠴᠤ᠌ ᠪᠠᠢᠴᠠᠭᠠᠨ ᠬᠡᠮᠵᠢᠵᠦ᠍᠂ ᠨᠠᠷᠠᠰᠤᠨ ᠮᠤᠳᠤᠨ ᠮᠠᠲ᠋ᠧᠷᠢᠶᠠᠯ ᠤ᠋ᠨ ᠤᠲᠠᠰᠤᠯᠢᠭ ᠬᠣᠷᠣᠬᠠᠶᠦᠯᠦ ᠢᠯᠡᠷᠡᠭᠰᠡᠨ ᠪᠠᠢᠨ᠎ᠠ᠃
ᠭᠠᠷᠤᠯᠲᠠ ᠵᠢᠨ ᠣᠷᠣᠨ᠎ᠤ ᠬᠢᠵᠢᠭ᠎ᠦᠨ ᠪᠠᠢᠴᠠᠭᠠᠯᠲᠠ᠎ᠶ᠋ᠢ 9851 ᠪᠦᠯᠦᠭ ᠤᠳᠠᠭ᠎ᠠ᠂ ᠱᠢᠯᠵᠢᠭᠦᠯᠦᠨ ᠲᠡᠭᠡᠭᠡᠪᠦᠷᠢᠯᠡᠬᠦ᠌ ᠬᠢᠵᠢᠭ᠎ᠦᠨ ᠪᠠᠢᠴᠠᠭᠠᠯᠲᠠ᠎ᠶ᠋ᠢ 222763 ᠪᠦᠯᠦᠭ ᠤᠳᠠᠭ᠎ᠠ᠂ ᠳᠠᠬᠢᠨ ᠪᠠᠢᠴᠠᠭᠠᠬᠤ ᠪᠠᠢᠴᠠᠭᠠᠯᠲᠠ᠎ᠶ᠋ᠢ 58908 ᠪᠦᠯᠦᠭ ᠤᠳᠠᠭ᠎ᠠ ᠪᠡᠶᠡᠯᠡᠭᠦᠯᠪᠡ; ᠡᠯ᠎ᠡ ᠱᠠᠲᠤᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠬᠢᠨ ᠳᠣᠲᠣᠭᠠᠳᠤ᠎ᠶ᠋ᠢ ᠬᠠᠮᠠᠭᠠᠯᠠᠬᠤ᠂ ᠪᠣᠭᠣᠮᠲᠠ᠎ᠲᠠᠶ ᠬᠠᠮᠲᠤᠷᠠᠨ 《ᠨᠠᠷᠠᠰᠤᠨ ᠮᠤᠳᠤ ᠵᠢ ᠬᠠᠮᠠᠭᠠᠯᠠᠬᠤ》 ᠲᠤᠰᠭᠠᠶ ᠠᠵᠢᠯᠯᠠᠭ᠎ᠠ᠎ᠥᠷᠨᠢᠭᠦᠯᠵᠦ᠍᠂ ᠬᠢᠵᠢᠭ᠌ ᠲᠠᠢ ᠮᠣᠳᠣ᠎ᠶ᠋ᠢ ᠬᠠᠤᠯᠢ ᠪᠤᠰᠤ ᠪᠠᠷ ᠬᠤᠳᠠᠯᠳᠤᠨ ᠠᠪᠬᠤ᠂ ᠱᠢᠯᠵᠢᠭᠦᠯᠦᠨ ᠲᠡᠭᠡᠭᠡᠪᠦᠷᠢᠯᠡᠬᠦ᠌᠂ ᠡᠵᠡᠩᠨᠡᠬᠦ᠌᠂ ᠡᠳ᠋ᠱᠢᠭᠦᠯᠬᠦ᠌᠂ ᠬᠠᠳᠠᠭᠠᠯᠠᠬᠤ᠂ ᠠᠱᠢᠭ᠍ᠯᠠᠬᠤ ᠵᠡᠷᠭᠡ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠢᠯᠡᠷᠡᠭᠦᠯᠦᠭᠰᠡᠨ ᠥᠬᠡᠶ᠃
ᠲᠥᠪ᠎ᠦᠨ ᠲᠥᠰᠦᠪ᠎ᠦᠨ ᠳᠣᠲᠣᠷᠠᠬᠢ 《ᠥᠪᠥᠷ ᠮᠣᠩᠭᠣᠯ ᠤ᠋ᠨ ᠨᠠᠷᠠᠰᠤᠨ ᠮᠤᠳᠤᠨ ᠮᠠᠲ᠋ᠧᠷᠢᠶᠠᠯ ᠤ᠋ᠨ ᠤᠲᠠᠰᠤᠯᠢᠭ ᠬᠣᠷᠣᠬᠠᠶ ᠵᠢᠨ ᠬᠢᠵᠢᠭ ᠢ᠋ ᠰᠡᠷᠭᠡᠢᠯᠡᠨ ᠡᠵᠡᠮᠳᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠶ᠋ᠯ》 ᠤ᠋ᠨ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠪᠠ᠃ ᠬᠠᠤᠯᠢ ᠲᠦᠷᠢᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠦ ᠠᠮᠢᠳᠤ ᠪᠣᠳᠠᠰ ᠢ᠋ ᠰᠡᠷᠭᠡᠢᠯᠡᠨ ᠡᠵᠡᠮᠳᠡᠬᠦ᠌᠎ᠶ᠋ᠢ ᠪᠥᠬᠥ᠌ ᠲᠠᠯ᠎ᠠ᠎ᠪᠠᠷ ᠬᠠᠤᠯᠢ ᠶᠣᠰᠣᠭᠠᠷ ᠠᠬᠢᠭᠤᠯᠬᠤ ᠳ᠋ᠤ ᠪᠠᠲᠤ ᠪᠠᠬᠢ ᠬᠠᠤᠯᠢ ᠲᠦᠷᠢᠮ᠎ᠦᠨ ᠪᠠᠲᠤᠯᠠᠭ᠎ᠠ ᠬᠠᠩᠭᠠᠵᠦ᠂ 《ᠤᠯᠤᠰ ᠤ᠋ᠨ ᠠᠮᠤᠷ ᠲᠦᠪᠱᠢᠨ᠎ᠦ ᠬᠥᠮᠦᠵᠢᠯ᠎ᠦᠨ ᠡᠳᠦᠷ》᠂ 《ᠭᠠᠮᠱᠢᠭ ᠢ᠋ ᠰᠡᠷᠭᠡᠢᠯᠡᠵᠦ᠍ ᠭᠠᠮᠱᠢᠭ ᠢ᠋ ᠪᠠᠭᠠᠰᠭᠠᠬᠤ ᠡᠳᠦᠷ》᠂ 《ᠠᠮᠢ ᠠᠬᠤᠶ ᠵᠢᠨ ᠡᠳᠦᠷ》 ᠵᠢᠡᠷ ᠠᠴᠢᠶᠠᠯᠠᠪᠤᠷᠢ ᠪᠣᠯᠭᠠᠵᠤ᠂ ᠤᠬᠠᠭᠤᠯᠭ᠎ᠠ ᠪᠣᠯᠪᠠᠰᠤᠷᠠᠯ ᠢ᠋ ᠴᠢᠩᠭᠠᠳᠬᠠᠨ᠂ ᠪᠥᠬᠥ᠌ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠡᠵᠡᠮᠳᠡᠬᠦ᠌ ᠲᠤᠰᠭᠠᠶ ᠮᠡᠷᠭᠡᠵᠢᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠪᠡ᠃