ᠬᠥᠬᠡᠬᠣᠲᠠ ᠵᠢᠨ ᠡᠮᠴᠢᠯᠡᠬᠡᠨ᠎ᠦ ᠪᠠᠢᠭᠤᠯᠤᠮᠵᠢ 《ᠨᠢᠭᠡ ᠤᠳᠠᠭ᠎ᠠ ᠳ᠋ᠤᠭᠠᠷᠯᠠᠪᠡᠯ ᠭᠤᠷᠪᠠᠨ ᠡᠳᠦᠷ ᠲᠦ᠍ ᠬᠡᠷᠡᠭᠯᠡᠵᠤ ᠪᠤᠯᠬᠤ》 ᠵᠢ ᠪᠦᠬᠦ ᠲᠠᠯ᠎ᠠ ᠪᠠᠷ ᠳᠡᠯᠭᠡᠷᠡᠭᠦᠯᠪᠡ
2026-02-24 16:10:31
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠬᠦᠬᠡᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠡᠴᠡ ᠣᠢᠯᠠᠭᠠᠭᠰᠠᠨ ᠵᠢᠠᠷ᠂ ᠬᠦᠬᠡᠬᠤᠳᠠ ᠡᠨᠡ ᠵᠢᠯ ᠡᠴᠡ ᠡᠬᠢᠯᠡᠨ ᠪᠦᠬᠦ ᠬᠣᠲᠠ ᠵᠢᠨ ᠪᠣᠢ ᠪᠦᠬᠦᠢ ᠬᠣᠶᠠᠳᠤᠭᠠᠷ ᠳᠡᠰ ᠵᠢᠴᠢ ᠲᠡᠭᠦᠨ ᠡᠴᠡ ᠳᠡᠭᠡᠭᠰᠢᠬᠢ ᠠᠯᠪᠠᠨ ᠡᠴᠡ ᠪᠠᠢᠭᠤᠯᠤᠭᠰᠠᠨ ᠡᠮ ᠡᠮᠨᠡᠯᠭᠡ ᠵᠢᠨ ᠪᠠᠢᠭᠤᠯᠤᠮᠵᠢ (ᠬᠢᠲᠠᠳ ᠡᠮᠨᠡᠯᠭᠡ ᠵᠢᠨ ᠬᠣᠷᠢᠶ᠎ᠠ᠂ ᠡᠬᠡ ᠨᠢᠯᠬᠠᠰ ᠤ᠋ᠨ ᠡᠷᠡᠭᠦᠯ ᠮᠡᠨᠳᠦ ᠵᠢᠨ ᠡᠮᠨᠡᠯᠭᠡ ᠵᠢᠨ ᠬᠣᠷᠢᠶ᠎ᠠ ᠵᠡᠷᠭᠡ ᠪᠠᠭᠲᠠᠨ᠎ᠠ)᠂ ᠦᠨᠳᠦᠰᠦᠨ ᠱᠠᠲᠤᠨ ᠤ᠋ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠪᠠᠢᠭᠤᠯᠤᠮᠵᠢ (ᠨᠡᠢᠭᠡᠮ ᠲᠣᠭᠣᠷᠢᠭ ᠤ᠋ᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠲᠥᠪ᠂ ᠰᠤᠮᠤ ᠰᠢᠶᠠᠩ ᠪᠠᠯᠭᠠᠰᠤᠨ ᠤ᠋ ᠡᠷᠡᠭᠦᠯ ᠬᠠᠮᠠᠭᠠᠯᠠᠯ ᠤ᠋ᠨ ᠬᠣᠷᠢᠶ᠎ᠠ) ᠳ᠋ᠤ 《ᠨᠢᠭᠡ ᠤᠳᠠᠭ᠎ᠠ ᠳ᠋ᠤᠭᠠᠷᠯᠠᠪᠡᠯ ᠭᠤᠷᠪᠠᠨ ᠡᠳᠦᠷ ᠲᠦ᠍ ᠬᠡᠷᠡᠭᠯᠡᠵᠤ ᠪᠤᠯᠬᠤ》 ᠠᠷᠠᠳ ᠲᠤ᠌ ᠳᠥᠭᠥᠮ ᠦᠵᠡᠭᠦᠯᠬᠦ ᠠᠷᠭ᠎ᠠ ᠬᠡᠮᠵᠢᠶ᠎ᠡ ᠵᠢ ᠪᠦᠬᠦ ᠲᠠᠯ᠎ᠠ ᠪᠠᠷ ᠳᠡᠯᠭᠡᠷᠡᠭᠦᠯᠵᠦ᠂ ᠡᠭᠦᠳᠡᠨ ᠡᠮᠨᠡᠯᠭᠡ ᠵᠢᠨ ᠡᠪᠡᠳᠴᠢᠲᠡᠨ ᠳ᠋ᠦ᠍ ᠦᠷᠭᠦᠯᠵᠢᠯᠡᠭᠰᠡᠨ ᠪᠦᠲᠦᠮᠵᠢᠲᠡᠢ᠂ ᠳᠥᠭᠥᠮ ᠲᠦᠳᠡ ᠡᠮᠴᠢᠯᠡᠭᠡᠨ ᠤ᠋ ᠦᠢᠯᠡᠴᠢᠯᠡᠭᠡ ᠬᠦᠷᠲᠡᠭᠡᠵᠦ᠂ ᠡᠪᠡᠳᠴᠢᠨ ᠦᠵᠡᠭᠦᠯᠬᠦ ᠲᠥᠷᠥᠭᠳᠡᠯ ᠢ᠋ ᠦᠨᠡᠨ ᠬᠦ᠌ ᠰᠠᠢᠵᠢᠷᠠᠭᠤᠯᠤᠨ᠂ ᠡᠪᠡᠳᠴᠢᠲᠡᠨ ᠤ᠋ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠦᠭᠰᠡᠨ ᠪᠠᠢᠨ᠎ᠡ᠃

ᠡᠪᠡᠳᠴᠢᠲᠡᠨ ᠡᠮ ᠡᠮᠨᠡᠯᠭᠡ ᠵᠢᠨ ᠪᠠᠢᠭᠤᠯᠤᠮᠵᠢ ᠵᠢᠨ ᠡᠭᠦᠳᠡᠨ ᠡᠮᠨᠡᠯᠭᠡ ᠳ᠋ᠦ᠍ ᠠᠩᠬ᠎ᠠ ᠤᠳᠠᠭ᠎ᠠ ᠡᠪᠡᠳᠴᠢᠨ ᠦᠵᠡᠭᠦᠯᠦᠭᠰᠡᠨ ᠤ᠋ ᠳᠠᠷᠠᠭ᠎ᠠ᠂ ᠰᠢᠯᠭᠠᠨ ᠪᠠᠢᠴᠠᠭᠠᠯᠲᠠ ᠵᠡᠷᠭᠡ ᠵᠢ ᠬᠢᠭᠰᠡᠨ ᠲᠤᠬᠠᠢ ᠵᠢᠨ ᠡᠳᠦᠷ ᠳᠤᠨᠢ ᠦᠯᠦ ᠪᠡᠶᠡᠯᠡᠭᠦᠯᠦᠭᠰᠡᠨ ᠪᠤᠶᠤ ᠰᠢᠯᠭᠠᠨ ᠪᠠᠢᠴᠠᠭᠠᠭᠰᠠᠨ ᠮᠡᠳᠡᠭᠦᠯᠦᠯᠲᠡ ᠪᠠᠨ ᠭᠠᠷᠳᠠᠵᠤ ᠳᠡᠢᠯᠬᠦ ᠥᠬᠡᠢ ᠪᠠᠢᠳᠠᠯ ᠳᠤᠤᠷ᠎ᠠ᠂ ᠭᠤᠷᠪᠠᠨ ᠡᠳᠦᠷ ᠤ᠋ᠨ ᠳᠣᠲᠣᠷ᠎ᠠ (ᠠᠩᠬᠠᠨ ᠤ᠋ ᠣᠨᠣᠰᠢᠯᠠᠭ᠎ᠠ ᠵᠢᠨ ᠲᠤᠰ ᠡᠳᠦᠷ ᠪᠠᠭᠲᠠᠨ᠎ᠠ) ᠠᠳᠠᠯᠢ ᠨᠢᠭᠡᠨ ᠡᠮᠨᠡᠯᠭᠡ ᠵᠢᠨ ᠬᠣᠷᠢᠶ᠎ᠠ᠂ ᠠᠳᠠᠯᠢ ᠨᠢᠭᠡᠨ ᠰᠠᠯᠠᠭ᠎ᠠ ᠲᠠᠰᠤᠭ ᠲᠤ᠌ ᠪᠤᠴᠠᠵᠤ ᠳᠠᠬᠢᠨᠳᠠ ᠡᠮᠨᠡᠭᠦᠯᠬᠦ ᠴᠢᠬᠤᠯᠠᠲᠠᠢ ᠪᠠᠢᠪᠠᠯ ᠠᠩᠬᠠᠨ ᠤ᠋ ᠣᠨᠣᠰᠢᠯᠠᠯᠲᠠ ᠵᠢᠨ ᠳ᠋ᠤᠭᠠᠷᠯᠠᠯ ᠤ᠋ᠨ ᠮᠡᠳᠡᠭᠡ ᠵᠠᠩᠭᠢ (ᠭᠡᠷᠡᠴᠢ ᠪᠠᠷᠢᠮᠲᠠ) ᠪᠠᠷ ᠡᠭᠦᠳᠡᠨ ᠡᠮᠨᠡᠯᠭᠡ ᠵᠢᠨ ᠪᠠᠢᠴᠠᠭᠠᠬᠤ ᠰᠦᠢᠳᠬᠡᠯ (ᠳ᠋ᠤᠭᠠᠷᠯᠠᠬᠤ ᠰᠦᠢᠳᠬᠡᠯ) ᠲᠤᠰᠢᠶᠠᠬᠤ ᠦᠭᠡᠢ ᠪᠠᠢᠵᠤ ᠪᠣᠯᠤᠨ᠎ᠠ᠃

ᠬᠦᠬᠡᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠤ᠋ᠨ ᠨᠡᠢᠲᠡᠯᠡᠭᠰᠡᠨ ᠬᠡᠷᠡᠭᠵᠢᠭᠦᠯᠬᠦ ᠲᠥᠰᠦᠯ ᠢ᠋ ᠦᠨᠳᠦᠰᠦᠯᠡᠪᠡᠯ᠂ ᠡᠪᠡᠳᠴᠢᠲᠡᠨ ᠳᠠᠬᠢᠨᠳᠠ ᠣᠨᠣᠰᠢᠯᠠᠬᠤ ᠳ᠋ᠠᠭᠠᠨ ᠠᠩᠬᠠᠨ ᠤ᠋ ᠣᠨᠣᠰᠢᠯᠠᠭ᠎ᠠ ᠵᠢᠨ ᠦᠨᠡᠮᠯᠡᠯ ᠵᠢᠡᠨ ᠠᠪᠴᠤ ᠡᠮ ᠡᠮᠨᠡᠯᠭᠡ ᠵᠢᠨ ᠪᠠᠢᠭᠤᠯᠤᠮᠵᠢ ᠵᠢᠨ ᠳᠤᠬᠢᠷᠠᠭᠤᠯᠤᠭᠰᠠᠨ 《ᠨᠢᠭᠡ ᠥᠷᠲᠡᠭᠡᠴᠢᠯᠡᠭᠰᠡᠨ ᠮᠠᠶᠢᠭ》᠎ᠤ᠋ᠨ ᠦᠢᠯᠡᠴᠢᠯᠡᠭᠡᠨ ᠤ᠋ ᠲᠥᠪ᠂ ᠡᠮᠴᠢᠯᠡᠭᠡ ᠬᠦᠳᠦᠯᠬᠦ ᠦᠢᠯᠡᠴᠢᠯᠡᠭᠡᠨ ᠤ᠋ ᠲᠠᠪᠴᠠᠩ ᠪᠤᠶᠤ ᠳ᠋ᠤᠭᠠᠷᠯᠠᠬᠤ ᠴᠣᠩᠬᠣᠪᠴᠢ ᠳ᠋ᠤ᠌ ᠬᠦᠷᠴᠦ ᠬᠢᠨᠠᠨ ᠬᠠᠷᠭᠤᠭᠤᠯᠵᠤ ᠳᠠᠩᠰᠠᠯᠠᠭᠤᠯᠬᠤ ᠴᠢᠬᠤᠯᠠᠳᠠᠢ᠂ ᠳ᠋ᠤᠭᠠᠷᠯᠠᠬᠤ ᠰᠦᠢᠳᠬᠡᠯ ᠢ᠋ ᠳᠠᠬᠢᠨᠲᠠ ᠲᠤᠰᠢᠶᠠᠬᠤ ᠬᠡᠷᠡᠭ ᠥᠬᠡᠢ᠃ ᠲᠥᠷᠥ ᠵᠢᠨ ᠪᠣᠳᠣᠯᠭ᠎ᠠ ᠵᠢᠨ ᠤᠷᠤᠭᠰᠢᠲᠠᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠵᠢᠨ ᠲᠦᠯᠦᠭᠡ ᠠᠩᠬ᠎ᠠ ᠤᠳᠠᠭ᠎ᠠ ᠤᠨᠤᠰᠢᠯᠠᠯᠳᠠ ᠬᠢᠭᠰᠡᠨ ᠡᠮᠴᠢ ᠡᠴᠡ ᠲᠤᠰ ᠲᠥᠷᠥ ᠵᠢᠨ ᠪᠣᠳᠣᠯᠭ᠎ᠠ ᠵᠢ ᠡᠪᠡᠳᠴᠢᠲᠡᠨ ᠳ᠋ᠦ᠍ ᠰᠠᠨᠠᠭᠤᠯᠤᠨ ᠮᠡᠳᠡᠭᠳᠡᠬᠦ ᠵᠢᠨ ᠬᠠᠮᠲᠤ ᠳ᠋ᠤᠭᠠᠷᠯᠠᠬᠤ ᠭᠡᠷᠡᠴᠢ ᠪᠠᠷᠢᠮᠲᠠ ᠪᠡᠷ ᠰᠠᠢᠲᠤᠷ ᠬᠠᠳᠠᠭᠠᠯᠠᠬᠤ ᠵᠢ ᠰᠠᠨᠠᠭᠤᠯᠬᠤ ᠵᠢᠨ ᠬᠠᠮᠳᠤ ᠡᠯ᠎ᠡ ᠡᠮ ᠡᠮᠨᠡᠯᠭᠡ ᠵᠢᠨ ᠪᠠᠢᠭᠤᠯᠤᠮᠵᠢ ᠨᠢ ᠪᠠᠰᠠ ᠡᠨᠡ ᠬᠦ᠌ ᠠᠷᠠᠳ ᠲᠦ᠍ ᠲᠦᠭᠦᠮ ᠦᠵᠡᠭᠦᠯᠬᠦ ᠦᠢᠯᠡᠴᠢᠯᠡᠭᠡᠨ ᠤ᠋ ᠳᠡᠰ ᠳᠠᠷᠠᠭᠠᠯᠠᠯ ᠤ᠋ᠨ ᠶᠠᠪᠤᠴᠠ ᠵᠢ ᠰᠢᠯᠢᠳᠡᠭᠵᠢᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号