ᠦᠪᠦᠷ ᠮᠤᠩᠭᠤᠯ᠎ᠤᠨ ᠥᠨᠳᠥᠷ ᠵᠡᠷᠬᠡ ᠵᠢᠨ ᠳᠤᠮᠳᠠᠳᠤ᠎ᠰᠤᠷᠭᠠᠭᠤᠯᠢ ᠵᠢᠨ ᠰᠠᠭᠰᠤᠨ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ ᠶᠠᠪᠤᠭᠳᠠᠯ᠎ᠠ
2026-02-24 11:02:33
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

2025 ︱ 2026 ᠳᠤᠮᠳᠠᠳᠤ ᠤᠯᠤᠰ᠎ᠤᠨ ᠥᠨᠳᠥᠷ ᠵᠡᠷᠬᠡ ᠵᠢᠨ ᠳᠤᠮᠳᠠᠳᠤ᠎ᠰᠤᠷᠭᠠᠭᠤᠯᠢ ᠵᠢᠨ ᠰᠠᠭᠰᠤᠨ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ ( ᠥᠪᠥᠷ ᠮᠣᠩᠭᠣᠯ ᠎ᠤᠨ ᠤᠷᠤᠯᠳᠤᠭᠠᠨ ᠎ᠤ ᠲᠣᠭᠣᠷᠢᠭ᠋ ) ᠡᠮᠦᠨᠡᠬᠡᠨ ᠬᠥᠬᠡᠬᠣᠲᠠ᠎ᠶᠢᠨ ᠠᠵᠢᠯ ᠮᠡᠷᠭᠡᠵᠢᠯ ᠎ᠦᠨ ᠶᠡᠬᠡ ᠰᠤᠷᠭᠠᠭᠤᠯᠢ ᠎ᠳᠤ ᠲᠡᠭᠦᠰᠪᠡ᠃ 7 ᠡᠳᠦᠷ ᠤ᠋ᠨ ᠳᠤᠷᠰᠢᠬᠢ ᠬᠤᠷᠴᠠ ᠰᠢᠷᠦᠬᠦᠨ ᠥᠷᠢᠰᠦᠯᠳᠦᠭᠡᠨ ᠎ᠦ ᠳᠤᠮᠳᠠ᠂ ᠪᠦᠬᠦ ᠣᠷᠣᠨ ᠎ᠤ ᠡᠯ᠎ᠡ ᠭᠠᠵᠠᠷ᠎ᠠᠴᠠ ᠢᠷᠡᠭᠰᠡᠨ ᠥᠨᠳᠥᠷ ᠳᠤᠮᠳᠠᠳᠤ᠎ᠶᠢᠨ ᠰᠠᠭᠰᠤᠨ ᠪᠥᠮᠪᠥᠭᠡ᠎ᠶᠢᠨ ᠲᠠᠮᠢᠷᠴᠢᠳ ᠰᠠᠭᠰᠤᠨ ᠪᠥᠮᠪᠥᠭᠡ᠎ᠪᠡᠷ ᠨᠠᠢᠵᠠᠯᠠᠵᠤ᠂ ᠤᠷᠤᠯᠳᠤᠭᠠᠨ᠎ᠢᠶᠠᠷ ᠡᠷᠴᠢ ᠵᠣᠷᠢᠭ᠋᠎ᠢᠶᠠᠨ ᠬᠥᠪᠴᠢᠯᠡᠵᠦ᠂ ᠮᠠᠨ ᠎ᠤ ᠣᠷᠣᠨ ᠎ᠤ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠴᠤᠭ ᠪᠠᠳᠠᠷᠠᠩᠭᠤᠢ᠂ ᠵᠣᠷᠢᠭ᠍ᠲᠠᠢ ᠎ᠪᠠᠷ ᠤᠷᠤᠭᠰᠢᠯᠠᠨ ᠲᠠᠪᠰᠢᠬᠤ ᠵᠠᠯᠠᠭᠤ ᠨᠠᠰᠤᠨ᠎ᠤ ᠴᠤᠭ ᠵᠢᠪᠬᠤᠭ᠎ᠠ᠎ᠶᠢ ᠭᠦᠢᠴᠡᠳ ᠢᠯᠡᠷᠡᠭᠦᠯᠪᠡ᠃

ᠲᠣᠰ ᠤᠷᠤᠯᠳᠤᠭᠠᠨ ᠨᠢ ᠦᠪᠦᠷ ᠮᠤᠩᠭᠤᠯ᠎ᠤᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠠᠭᠰᠤᠨ ᠪᠥᠮᠪᠥᠭᠡ᠎ᠶᠢᠨ ᠬᠦᠷᠢᠶᠡᠨ᠎ᠳᠡᠬᠢ ᠲᠡᠷᠢᠭᠦᠨ ᠲᠠᠰ᠎ᠤᠨ ᠤᠷᠤᠯᠳᠤᠭᠠᠨ ᠪᠣᠯᠤᠭᠰᠠᠨ᠎ᠤ ᠬᠤᠪᠢ᠎ᠳᠤ᠂ 《 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ ᠎ᠤᠨ ᠰᠠᠭᠰᠤᠨ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ 》 ( ᠬᠥᠬᠡ ᠳᠤᠭᠤᠢᠯᠠᠩ ) ᠵᠢᠴᠢ 2024 ︱ 2025 ᠨᠠᠶ ᠺᠧ ᠳᠤᠮᠳᠠᠳᠤ ᠤᠯᠤᠰ᠎ᠤᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠠᠭᠰᠤᠨ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ (ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠋)ᠳ᠋ᠤ ᠴᠣᠯᠭᠣᠷᠠᠨ ᠭᠠᠷᠤᠭᠰᠠᠨ ᠡᠷᠡᠭᠲᠡᠢ᠎ᠶᠢᠨ ᠳᠤᠭᠤᠢᠯᠠᠩ ᠎ᠤᠨ ᠡᠮᠦᠨ᠎ᠡ 12 ᠬᠦᠴᠦᠷᠬᠡᠭ᠂ ᠡᠮᠡᠭᠲᠡᠢ᠎ᠶᠢᠨ ᠳᠤᠭᠤᠢᠯᠠᠩ᠎ᠤᠨ ᠡᠮᠦᠨ᠎ᠡ 8 ᠬᠦᠴᠦᠷᠬᠡᠭ ᠤᠷᠤᠯᠴᠠᠭᠰᠠᠨ ᠪᠠᠢᠨ᠎ᠠ᠃

ᠬᠤᠷᠴᠠ ᠰᠢᠷᠦᠭᠦᠨ ᠥᠷᠢᠰᠦᠯᠳᠦᠭᠡᠨ᠎ᠢᠶᠡᠷ ᠲᠠᠮᠵᠢᠨ᠂ ᠣᠷᠳᠣᠰ ᠬᠤᠳᠠ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠬᠢᠨ  ᠡᠮᠡᠭᠲᠡᠢ᠎ᠶᠢᠨ ᠳᠤᠭᠤᠢᠯᠠᠩ᠎ᠳᠦ ᠮᠠᠩᠯᠠᠢᠯᠠᠵᠤ᠂ ᠪᠤᠭᠤᠲᠤ ᠬᠤᠳᠠ ᠎ᠶᠢᠨ ᠭᠤᠴᠢᠨ ᠭᠤᠷᠪᠠᠳᠤᠭᠠᠷ ᠳᠤᠮᠳᠠᠳᠤ ᠰᠤᠷᠭᠠᠭᠤᠯᠢ ᠵᠢᠨ ᠬᠢᠨ ᠬᠠᠷᠢᠴᠠᠯᠠᠰᠢᠭᠦᠢ ᠳᠠᠪᠠᠭᠤᠯᠢᠭ᠋᠎ᠢᠶᠠᠷ ᠡᠷᠡᠭᠲᠡᠢ᠎ᠶᠢᠨ ᠳᠤᠭᠤᠢᠯᠠᠩ᠎ᠤᠨ ᠮᠠᠩᠯᠠᠢ᠎ᠳᠤ ᠳᠤᠳᠤᠷᠠᠵᠤ᠂ ᠰᠠᠭᠰᠤᠨ ᠪᠥᠮᠪᠥᠭᠡ᠎ᠶᠢᠨ ᠭᠦᠨ ᠵᠤᠵᠠᠭᠠᠨ ᠰᠠᠭᠤᠷᠢ ᠪᠠ ᠬᠦᠴᠦᠷᠬᠡᠭ ᠶᠡᠬᠡ ᠪᠣᠳᠠᠲᠤ ᠬᠦᠴᠦᠨ᠎ᠢᠶᠡᠨ ᠢᠯᠡᠷᠡᠭᠦᠯᠪᠡ᠃ ᠤᠷᠤᠯᠳᠤᠭᠠᠨ ᠎ᠤ ᠳᠦᠷᠢᠮ ᠎ᠵᠢᠡᠷ᠂ ᠲᠣᠰ ᠤᠳᠠᠭᠠᠨ᠎ᠤ ᠬᠣᠯᠪᠣᠭᠠᠲᠤ ᠤᠷᠤᠯᠳᠤᠭᠠᠨ᠎ᠤ ᠡᠷᠡᠭᠲᠡᠢ᠂ ᠡᠮᠡᠭᠲᠡᠢ᠎ᠶᠢᠨ ᠳᠤᠭᠤᠢᠯᠠᠩ᠎ᠤᠨ ᠲᠡᠷᠢᠭᠦᠨ ᠳᠡᠳ᠋᠎ᠪᠦᠯᠬᠦᠮ ᠨᠢ ᠥᠪᠥᠷ ᠮᠣᠩᠭᠣᠯ ᠎ᠢ ᠲᠥᠯᠥᠭᠡᠯᠡᠨ ᠪᠥᠬᠥ ᠤᠯᠤᠰ᠎ᠤᠨ ᠬᠤᠪᠢᠶᠠᠷᠢ ᠲᠣᠭᠣᠷᠢᠭ᠋᠎ᠤᠨ ᠤᠷᠤᠯᠳᠤᠭᠠᠨ( ᠪᠠᠷᠠᠭᠤᠨ ᠣᠷᠣᠨ᠎ᠤ ᠤᠷᠤᠯᠳᠤᠭᠠᠨ᠎ᠤ ᠲᠣᠭᠣᠷᠢᠭ᠋ ) ᠳ᠋ᠤ ᠬᠦᠷᠴᠦ᠂ ᠪᠤᠰᠤᠳ ᠭᠠᠵᠠᠷ ᠣᠷᠣᠨ ᠎ᠤ ᠣᠷᠣᠢᠯᠠᠭᠰᠠᠨ ᠪᠦᠯᠬᠦᠮ ᠲᠠᠢ ᠬᠠᠮᠲᠤ᠎ᠪᠠᠷ ᠮᠥᠷᠥᠢᠴᠡᠵᠦ᠂ ᠥᠪᠥᠷ ᠮᠣᠩᠭᠣᠯ᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠰᠠᠭᠰᠤᠨ ᠪᠥᠮᠪᠥᠭᠡ᠎ᠶᠢᠨ ᠬᠥᠳᠡᠯᠭᠡᠭᠡᠨ᠎ᠦ ᠬᠥᠭᠵᠢᠯᠲᠡ᠎ᠶᠢᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠢᠯᠡᠷᠡᠭᠦᠯᠬᠦ ᠪᠣᠯᠣᠨ᠎ᠠ ᠃

ᠲᠤᠰ ᠤᠳᠠᠭ᠎ᠠ᠎ᠶᠢᠨ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠤᠷᠤᠭ᠍ᠴᠢᠳ᠎ᠤᠨ ᠪᠡᠶ᠎ᠡ᠎ᠶᠢᠨ ᠲᠠᠮᠢᠷ᠎ᠤᠨ ᠨᠡᠢᠭᠡᠮᠯᠢᠭ᠎ᠡᠴᠡ ᠬᠠᠷᠢᠭᠤᠴᠠᠨ ᠭᠦᠢᠴᠡᠳᠬᠡᠵᠦ᠂ ᠬᠥᠬᠡᠬᠣᠲᠠ᠎ᠶᠢᠨ ᠠᠵᠢᠯ ᠮᠡᠷᠬᠡᠵᠢᠯ᠎ᠤᠨ ᠶᠡᠬᠡ ᠰᠤᠷᠭᠠᠭᠤᠯᠢ ᠡᠴᠡ ᠳᠠᠭᠠᠭᠠᠴᠢᠯᠠᠨ ᠡᠷᠬᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号