3 ᠰᠠᠷ᠎ᠠ᠎ᠠᠴᠠ ᠡᠬᠢᠯᠡᠨ ᠲᠥᠪᠯᠡᠷᠡᠭᠦᠯᠦᠨ ᠪᠠᠢᠴᠠᠭᠠᠨ ᠰᠢᠢᠳᠪᠦᠷᠢᠯᠡᠨ᠎ᠡ
2026-02-24 15:30:26
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠲᠣᠪᠴᠢᠶ᠎ᠠ ᠣᠢᠷ᠎ᠠ᠎ᠳᠤ 《ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠢᠨ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠠᠮᠢᠶᠠᠷᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ》᠎ᠢ ᠨᠡᠢᠲᠡᠯᠡᠪᠡ᠃ ᠮᠡᠳᠡᠭᠳᠡᠯ᠎ᠳᠦ᠂ 2026 ᠣᠨ᠎ᠤ 3 ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠪᠥᠬᠥ ᠣᠷᠣᠨ᠎ᠤ ᠬᠡᠪᠴᠢᠶᠡᠨ᠎ᠳᠦ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠎ᠶᠢᠨ ᠫᠠᠢᠰᠠᠨ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠪᠠᠢᠴᠠᠭᠠᠨ ᠰᠢᠢᠳᠪᠦᠷᠢᠯᠡᠬᠦ ᠠᠵᠢᠯᠯᠠᠭ᠎ᠠ᠎ᠶᠢ ᠲᠥᠪᠯᠡᠷᠡᠭᠦᠯᠦᠨ ᠥᠷᠨᠢᠭᠦᠯᠦᠨ᠎ᠡ ᠭᠡᠪᠡ᠃

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠎ᠶᠢᠨ ᠬᠠᠮᠢᠶᠠᠷᠤᠯᠲᠠ᠎ᠶᠢᠨ ᠳᠦᠷᠢᠮ》᠎ᠢ ᠦᠨᠳᠦᠰᠦᠯᠡᠪᠡᠯ᠂ ᠵᠠᠮ᠎ᠳᠤ ᠭᠠᠷᠴᠤ ᠠᠶᠠᠯᠠᠬᠤ ᠪᠣᠶ ᠪᠦᠬᠦᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠎ᠶᠢ ᠡᠷᠬᠡᠪᠰᠢ ᠬᠠᠤᠯᠢ ᠶᠣᠰᠣᠭᠠᠷ ᠳᠡᠩᠰᠡᠯᠡᠭᠤᠯᠵᠦ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠨ ᠬᠢᠨᠠᠨ ᠣᠯᠭᠣᠭᠰᠠᠨ ᠬᠦᠴᠦᠨ ᠪᠦᠬᠦᠢ ᠨᠣᠮᠧᠷ᠎ᠦᠨ ᠫᠠᠢᠰᠠ᠎ᠶᠢ ᠣᠯᠬᠤ᠎ᠶᠢᠨ ᠬᠠᠮᠲᠤ ᠡᠯᠭᠦᠬᠦ ᠬᠡᠷᠡᠭᠲᠡᠢ᠃

2026 ᠣᠨ᠎ᠤ 2 ᠰᠠᠷ᠎ᠠ᠎ᠶᠢᠨ 28᠎ᠤ ᠡᠳᠦᠷ᠎ᠡᠴᠡ ᠡᠮᠦᠨ᠎ᠡ᠂ ᠫᠠᠢᠰᠠ ᠤᠷᠤᠭᠤᠯᠬᠤ ᠪᠡᠷ ᠳᠠᠩᠰᠠᠯᠠᠭᠤᠯᠤᠭᠰᠠᠨ ᠦᠭᠡᠢ ᠲᠡᠷᠭᠡ ᠵᠢᠨ ᠡᠵᠡᠨ᠎ᠢ ᠰᠤᠷᠭᠠᠨ ᠬᠥᠮᠥᠵᠢᠭᠦᠯᠵᠦ ᠵᠠᠯᠠᠷᠠᠭᠤᠯᠬᠤ᠎ᠪᠠᠷ ᠭᠣᠣᠯ ᠪᠣᠯᠭᠠᠨ᠎ᠠ᠃ 3 ᠰᠠᠷ᠎ᠠ᠎ᠶᠢᠨ 1᠎ᠦ ᠡᠳᠦᠷ᠎ᠡᠴᠡ ᠡᠬᠢᠯᠡᠨ ᠫᠠᠢᠰᠠᠨ᠎ᠳᠤ ᠬᠣᠯᠪᠣᠭᠳᠠᠭᠰᠠᠨ ᠬᠠᠤᠯᠢ ᠡᠴᠡ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠲᠤᠰᠬᠠᠢᠯᠠᠨ ᠵᠠᠰᠠᠵᠤ᠂ ᠫᠠᠢᠰᠠ ᠦᠭᠡᠢ᠂ ᠬᠠᠭᠤᠷᠮᠠᠭ ᠫᠠᠢᠰᠠ᠂ ᠪᠤᠰᠤᠳ᠎ᠤᠨ ᠫᠠᠢᠰᠠ ᠵᠢ ᠵᠠᠷᠤᠬᠰᠠᠨ ᠵᠡᠷᠭᠡ ᠦᠶ᠋ᠯᠡ ᠠᠵᠢᠯᠯᠠᠭ᠎ᠠ᠎ᠶᠢ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠨ᠎ᠡ᠃

ᠢᠷᠡᠯᠲᠡ᠄ 《ᠳᠡᠭᠦᠯᠢᠯᠲᠡ ᠬᠠᠮ ᠵᠠᠭᠤᠴᠢᠯᠠᠭᠤᠷ  ᠰᠣᠨᠢᠨ ᠮᠡᠳᠡᠭᠡᠨ᠎ᠦ ᠷᠠᠳᠢᠣ᠋》 ᠵᠢᠷᠬᠢᠶ᠎ᠡ ᠵᠢᠨ ᠲᠠᠪᠴᠠᠩ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号