2026 ᠣᠨ᠎ᠤ ᠮᠢᠯᠠᠨ᠎ᠤ ᠡᠪᠦᠯ᠎ᠦᠨ ᠤᠯᠠᠷᠢᠯ᠎ᠤᠨ
ᠣᠯᠢᠮᠫᠢᠺ᠎ᠤᠨ ᠲᠠᠮᠢᠷ᠎ᠤᠨ ᠴᠤᠭᠯᠠᠭᠠᠨ 22᠎ᠤᠨ ᠣᠷᠣᠢ ᠥᠨᠳᠥᠷᠯᠡᠪᠡ᠃ ᠭᠠᠳᠠᠭᠠᠳᠤ᠎ᠶᠢᠨ ᠵᠠᠭᠤᠴᠢᠯᠠᠭᠤᠷ᠎ᠤᠨ ᠮᠡᠳᠡᠭᠡᠯᠡᠭᠰᠡᠨ᠎ᠢᠶᠡᠷ᠂
ᠢᠲ᠋ᠠᠯᠢ᠎ᠶᠢᠨ ᠨᠡᠢᠰᠯᠡᠯ ᠷᠣᠮᠠ ᠬᠤᠲᠠ 2040 ᠣᠨ᠎ᠤ ᠵᠤᠨ᠎ᠤ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ
ᠡᠷᠬᠢᠯᠡᠬᠦ᠎ᠪᠡᠷ ᠭᠤᠶᠤᠴᠢᠯᠠᠵᠤ ᠮᠠᠭᠠᠳ ᠭᠡᠵᠡᠢ᠃
ᠤᠯᠠᠨ ᠤᠯᠤᠰ᠎ᠤᠨ ᠣᠯᠢᠮᠫᠢᠺ᠎ᠤᠨ ᠵᠥᠪᠯᠡᠯ᠎ᠦᠨ
ᠲᠡᠷᠢᠭᠦᠯᠡᠭᠴᠢ ᠺᠤᠸᠸᠨ᠋ᠴᠦ᠋ᠢ ᠲᠡᠭᠦᠰᠬᠦ ᠪᠠᠶᠠᠷ᠎ᠤᠨ ᠦᠭᠡ᠎ᠳᠡᠭᠡᠨ ᠢᠲ᠋ᠠᠯᠢ᠎ᠶᠢᠨ ᠣᠯᠢᠮᠫᠢᠺ᠎ᠤᠨ ᠲᠠᠮᠢᠷ᠎ᠤᠨ
ᠴᠤᠭᠯᠠᠭᠠᠨ᠎ᠤ ᠵᠣᠬᠢᠶᠠᠨ ᠪᠠᠶ᠋ᠢᠭᠤᠯᠬᠤ ᠺᠣᠮᠢᠰ᠎ᠢ 《ᠢᠷᠡᠭᠡᠳᠦᠢ᠎ᠳᠦ ᠴᠣ᠋
ᠰᠢᠨ᠎ᠡ ᠥᠨᠳᠥᠷ ᠪᠠᠷᠢᠮᠵᠢᠶ᠎ᠠ᠎ᠶᠢ ᠲᠤᠭᠲᠠᠭᠠᠵᠤ ᠦᠭᠭᠦᠯ᠎ᠡ》 ᠭᠡᠵᠦ ᠮᠠᠭᠲᠠᠨ ᠰᠠᠢᠰᠢᠶᠠᠪᠠ᠃ ᠢᠲ᠋ᠠᠯᠢ᠎ᠶᠢᠨ
ᠣᠯᠢᠮᠫᠢᠺ᠎ᠤᠨ ᠵᠥᠪᠯᠡᠯ᠎ᠦᠨ ᠲᠡᠷᠢᠭᠦᠯᠡᠭᠴᠢ ᠯᠦᠴᠢᠶᠠᠨᠤ᠋ ᠪᠧᠦ᠋ᠨ᠋ᠹᠢᠭᠯᠢᠤ᠋ ᠲᠦᠷᠦᠭᠦᠬᠡᠨ ᠢᠯᠡᠷᠬᠡᠢᠯᠡᠬᠦ᠎ᠳᠡᠭᠡᠨ᠂
ᠢᠲ᠋ᠠᠯᠢ ᠪᠠᠰᠠ ᠨᠢᠭᠡ ᠬᠤᠭᠤᠴᠠᠭᠠᠨ᠎ᠤ ᠵᠣᠨ᠎ᠤ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠡᠷᠭᠢᠯᠡᠵᠦ
ᠪᠤᠯᠤᠨ᠎ᠠ᠂ 《ᠭᠡᠪᠡᠴᠦ ᠪᠢᠳᠡ ᠠᠯᠬᠤᠮ ᠠᠯᠬᠤᠮ᠎ᠢᠶᠠᠷ ᠶᠠᠪᠤᠬᠤ ᠬᠡᠷᠡᠭᠲᠡᠢ᠂ ᠡᠷᠬᠡᠪᠰᠢ ᠤᠷᠢᠳ ᠵᠢᠠᠷ
ᠵᠠᠰᠠᠭ᠎ᠤᠨ ᠣᠷᠳᠣᠨ᠎ᠲᠠᠢ ᠰᠠᠨᠠᠯ ᠨᠢᠭᠡᠳᠬᠦ ᠬᠡᠷᠡᠭᠲᠡᠢ》 ᠭᠡᠵᠡᠢ᠃

ᠷᠣᠮᠠ ᠬᠤᠲᠠ 1960 ᠣᠨ᠎ᠳᠤ 17 ᠳ᠋ᠤᠭᠠᠷ
ᠬᠤᠭᠤᠴᠠᠭᠠᠨ᠎ᠤ ᠵᠤᠨ᠎ᠤ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠡᠷᠭᠢᠯᠡᠵᠦ ᠥᠩᠭᠡᠷᠡᠵᠡᠢ᠃ ᠭᠡᠲᠡᠯ᠎ᠡ
ᠣᠢᠷ᠎ᠠ᠎ᠶᠢᠨ 30 ᠵᠢᠯ᠎ᠦᠨ ᠲᠤᠷᠰᠢ᠂ ᠷᠣᠮᠠ ᠬᠤᠲᠠ᠎ᠶᠢᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠡᠷᠬᠢᠯᠡᠬᠦ᠎ᠪᠡᠷ
ᠭᠤᠶᠤᠴᠢᠯᠠᠭᠰᠠᠨ ᠥᠩᠭᠡᠷᠡᠯᠲᠡ ᠨᠢ ᠨᠤᠭᠤᠷᠠᠯ ᠪᠦᠳᠦᠷᠢᠯ᠎ᠢᠶᠡᠷ ᠳᠦᠭᠦᠷᠴᠡᠢ᠃ 2016 ᠣᠨ᠎ᠳᠤ᠂ ᠷᠣᠮᠠ᠎ᠶᠢᠨ ᠬᠣᠲᠠ᠎ᠶᠢᠨ
ᠳᠠᠷᠤᠭ᠎ᠠ ᠸᠢᠷᠬᠢᠨᠢᠶ᠎ᠠ ᠿᠠᠭᠢ ᠵᠠᠷᠤᠳᠠᠯ᠎ᠤᠨ ᠠᠰᠠᠭᠤᠳᠠᠯᠡᠴᠠ ᠪᠣᠯᠵᠤ᠂ 2024 ᠣᠨ᠎ᠤ ᠵᠣᠨ᠎ᠤ ᠤᠯᠠᠷᠢᠯ᠎ᠤᠨ
ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠡᠷᠭᠢᠯᠡᠬᠦ᠎ᠪᠡᠷ ᠭᠤᠶᠤᠴᠢᠯᠠᠬᠤ᠎ᠪᠠᠨ ᠪᠣᠯᠢᠨ᠎ᠠ ᠭᠡᠵᠦ ᠨᠡᠢᠲᠡᠯᠡᠪᠡ᠃
ᠡᠢᠮᠦᠷᠬᠦ ᠠᠬᠤᠢ ᠪᠠᠢᠳᠠᠯ ᠳᠣᠣᠷ᠎ᠠ᠂ ᠢᠲ᠋ᠠᠯᠢ᠎ᠳᠤ ᠮᠢᠯᠠᠨ ᠪᠣᠯᠣᠨ ᠺᠤᠷᠲ᠋ᠢᠨᠠ ᠵᠢ ᠬᠠᠮᠲᠤᠷᠠᠭᠤᠯᠤᠨ 2026
ᠣᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠡᠷᠭᠢᠯᠡᠭᠦᠯᠬᠦ ᠪᠣᠳᠣᠯ ᠡᠭᠦᠰᠴᠡᠢ᠃
2012 ᠣᠨ᠎ᠳᠤ᠂ ᠢᠲ᠋ᠠᠯᠢ᠎ᠶᠢᠨ ᠲᠤᠬᠠᠢ᠎ᠶᠢᠨ ᠦᠶ᠎ᠡ᠎ᠶᠢᠨ ᠶᠡᠷᠦᠩᠬᠡᠢ ᠰᠠᠢᠳ ᠮᠠᠷᠢᠣ᠋ ᠮᠥ᠍ᠨ᠋ᠲ᠋ᠢ ᠠᠳᠠᠯᠢᠬᠠᠨ᠎ᠢᠶᠠᠷ
ᠡᠳ᠋᠎ᠦᠨ ᠵᠠᠰᠠᠭ᠎ᠤᠨ ᠠᠰᠠᠭᠤᠳᠠᠯ᠎ᠢᠶᠠᠷ ᠰᠢᠯᠲᠠᠭ ᠪᠣᠯᠭᠠᠵᠤ᠂ ᠷᠣᠮᠠ᠎ᠶᠢᠨ 2020 ᠣᠨ᠎ᠤ ᠵᠤᠨ᠎ᠤ ᠤᠯᠠᠷᠢᠯ᠎ᠤᠨ
ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠡᠷᠬᠢᠯᠡᠬᠦ᠎ᠪᠡᠷ ᠭᠤᠶᠤᠴᠢᠯᠠᠬᠤ ᠲᠥᠯᠥᠪᠯᠡᠭᠡ᠎ᠶᠢ ᠬᠦᠴᠦᠨ ᠦᠭᠡᠢ ᠪᠣᠯᠭᠠᠪᠠ᠃
1997 ᠣᠨ᠎ᠳᠤ᠂ 2004 ᠣᠨ᠎ᠤ ᠵᠤᠨ᠎ᠤ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠭᠣᠣᠯᠯᠠᠨ ᠡᠷᠬᠢᠯᠡᠬᠦ
ᠡᠷᠬᠡ᠎ᠶᠢ ᠪᠤᠯᠢᠶᠠᠯᠳᠤᠬᠤ ᠳᠤᠮᠳᠠ᠂ ᠷᠣᠮᠠ ᠨᠢ ᠠᠲᠧᠨᠳᠤ ᠢᠯᠠᠭᠳᠠᠪᠠ᠃
ᠠᠮᠧᠷᠢᠺᠠ᠎ᠶᠢᠨ ᠬᠣᠯᠪᠣᠭᠠᠲᠤ ᠴᠢᠮᠡᠭᠡᠯᠡᠯ᠎ᠦᠨ
ᠬᠣᠷᠢᠶᠠᠨ᠎ᠤ 23᠎ᠤ ᠡᠳᠦᠷ᠎ᠦᠨ ᠮᠡᠳᠡᠭᠡᠯᠡᠯ᠎ᠢ ᠦᠨᠳᠦᠰᠦᠯᠡᠪᠡᠯ᠂ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ
ᠲᠠᠮᠢᠷ᠎ᠤᠨ ᠴᠤᠭᠯᠠᠭᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠲᠡᠷᠢᠭᠦᠯᠡᠭᠴᠢ ᠭᠢᠤᠸᠠᠨᠢ ᠮᠠᠯᠠᠭᠤ᠋ ᠲᠦᠷᠦᠭᠦᠬᠡᠨ
ᠷᠣᠮᠠ᠎ᠶᠢᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠡᠷᠭᠢᠯᠡᠬᠦ᠎ᠪᠡᠷ ᠭᠤᠶᠤᠴᠢᠯᠠᠬᠤ ᠵᠠᠩᠭᠢᠯᠠᠭ᠎ᠠ᠎ᠶᠢᠨ ᠳᠠᠪᠠᠭᠤᠯᠢᠭ᠋᠎ᠢ
ᠲᠤᠭᠠᠴᠢᠬᠤ ᠳ᠋ᠠᠭᠠᠨ᠂ ᠲᠠᠮᠢᠷ᠎ᠤᠨ ᠴᠤᠭᠯᠠᠭᠠᠨ᠎ᠢ ᠡᠷᠭᠢᠯᠡᠬᠦ᠎ᠪᠡᠷ ᠭᠤᠶᠤᠴᠢᠯᠠᠭᠰᠠᠨ ᠪᠠ ᠡᠷᠬᠢᠯᠡᠭᠰᠡᠨ 《ᠥᠪᠡᠷᠮᠢᠴᠡ》 ᠲᠡᠦᠬᠡ ᠵᠢᠴᠢ 7 ᠲᠦᠮᠡᠨ ᠬᠥᠮᠥᠨ᠎ᠢ ᠪᠠᠭᠲᠠᠭᠠᠵᠤ ᠳᠡᠶ᠋ᠢᠯᠬᠦ ᠲᠠᠮᠢᠷ᠎ᠤᠨ
ᠲᠠᠯᠠᠪᠠᠶ᠎ᠶᠢ ᠤᠨᠴᠠᠭᠠᠢᠯᠠᠨ ᠳᠤᠷᠠᠳᠤᠭᠰᠠᠨ ᠶᠤᠮ᠂ ᠪᠠᠰᠠ ᠲᠡᠨᠳᠡᠬᠢ 《ᠢᠲ᠋ᠠᠯᠢ ᠠᠭᠤᠳᠠᠮ ᠲᠠᠯᠠᠪᠠᠶ》 ᠨᠢ ᠪᠠᠢᠭᠠᠯᠢᠯᠢᠭ ᠬᠦᠨᠳᠦ ᠬᠥᠩᠭᠡᠨ
ᠪᠡᠶ᠎ᠠ ᠵᠢᠨ ᠲᠠᠮᠢᠷ᠎ᠤᠨ ᠤᠷᠤᠯᠳᠤᠭᠠᠨ ᠪᠠ ᠤᠮᠪᠠᠯᠲᠠ᠎ᠶᠢᠨ ᠤᠷᠤᠯᠳᠤᠭᠠᠨ᠎ᠤ ᠲᠠᠯᠠᠪᠠᠶ ᠪᠤᠯᠵᠤ ᠪᠣᠯᠣᠨ᠎ᠠ
ᠭᠡᠵᠡᠢ᠃
ᠮᠠᠯᠠᠭᠣ᠋᠂ ᠷᠣᠮᠠ 2040 ᠣᠨ᠎ᠤ ᠵᠤᠨ᠎ᠤ
ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠡᠷᠬᠢᠯᠡᠬᠦ᠎ᠪᠡᠷ ᠭᠤᠶᠤᠴᠢᠯᠠᠬᠤ ᠡᠰᠡᠬᠦ᠎ᠶᠢ ᠤᠳᠤᠬᠠᠨ
ᠳ᠋ᠤ ᠲᠤᠭᠲᠠᠬᠤ ᠨᠢ ᠬᠠᠷᠠᠬᠠᠨ ᠡᠷᠲᠡ ᠪᠠᠢᠭᠰᠠᠭᠠᠷ ᠭᠡᠵᠦ ᠢᠯᠡᠷᠬᠡᠢᠯᠡᠵᠡᠢ᠃
ᠷᠣᠮᠠ᠎ᠶᠢᠨ ᠬᠣᠲᠠ᠎ᠶᠢᠨ ᠳᠠᠷᠤᠭ᠎ᠠ ᠷᠤᠪᠧᠷᠲ᠋ᠤ᠋
ᠭᠤᠸᠠᠯᠲ᠋ᠢᠶᠧᠷᠢ ᠲᠣᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠬᠤᠭᠤᠴᠠᠭᠠᠨ᠎ᠳᠤ
ᠢᠯᠡᠷᠬᠡᠢᠯᠡᠬᠦ᠎ᠳᠡᠭᠡᠨ᠂ ᠷᠣᠮᠠ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠳᠠᠬᠢᠨᠲᠠ ᠡᠷᠭᠢᠯᠡᠬᠦ ᠨᠥᠬᠥᠴᠡᠯ᠎ᠢ
ᠨᠢᠭᠡᠨᠲᠡ ᠪᠦᠷᠢᠯᠳᠦᠭᠦᠯᠦᠭᠰᠨ ᠭᠡᠳᠡᠭ᠎ᠲᠤ ᠪᠢ ᠢᠲᠡᠭᠡᠯ ᠲᠠᠢ ᠪᠠᠢᠨ᠎ᠠ᠂ ᠢᠯᠠᠩᠭᠤᠶ᠎ᠠ 2025 ᠣᠨ᠎ᠳᠤ ᠶᠡᠬᠡ
ᠬᠡᠮᠵᠢᠶᠡᠨ᠎ᠦ ᠵᠢᠭᠤᠯᠴᠢᠳᠢ ᠠᠮᠵᠢᠯᠲᠠ᠎ᠲᠠᠢ ᠭᠥᠯᠢᠶᠡᠨ ᠠᠪᠤᠭᠰᠠᠨ᠎ᠤ ᠳᠠᠷᠠᠭ᠎ᠠ᠂ ᠨᠢᠳᠤᠨᠤᠨ ᠷᠣᠮᠠ ᠪᠣᠯᠣᠨ
ᠸᠠᠲ᠋ᠢᠺᠠᠨ᠎ᠳᠤ ᠠᠶ᠋ᠢᠯᠴᠢᠯᠠᠭᠰᠠᠨ ᠵᠢᠭᠤᠯᠴᠢᠳ 3300 ᠭᠠᠷᠤᠢ ᠲᠦᠮᠡᠨ ᠬᠥᠮᠥᠨ ᠤᠳᠠᠭ᠎ᠠ᠎ᠳᠤ ᠬᠦᠷᠴᠡᠢ ᠭᠡᠪᠡ᠃
ᠳᠠᠷᠠᠭ᠎ᠠ ᠬᠤᠭᠤᠴᠠᠭᠠᠨ᠎ᠤ ᠵᠤᠨ᠎ᠤ ᠤᠯᠠᠷᠢᠯ᠎ᠤᠨ
ᠣᠯᠢᠮᠫᠢᠺ᠎ᠤᠨ ᠲᠠᠮᠢᠷ᠎ᠤᠨ ᠴᠤᠭᠯᠠᠭᠠᠨ 2028 ᠣᠨ᠎ᠳᠤ ᠠᠮᠧᠷᠢᠺᠠ᠎ᠶᠢᠨ ᠯᠤᠰ ᠠᠩᠵᠸᠯᠸᠰ᠎ᠲᠤ ᠶᠠᠪᠤᠭᠳᠠᠨ᠎ᠠ᠂ ᠳᠠᠷᠠᠭ᠎ᠠ
ᠨᠢᠭᠡ ᠬᠤᠭᠤᠴᠠᠭ᠎ᠠ ᠨᠢ 2032 ᠣᠨ᠎ᠳᠤ ᠠᠦ᠋ᠰᠲᠷᠠᠯᠢᠶ᠎ᠠ᠎ᠶᠢᠨ ᠪᠷᠢᠰᠪᠠᠨᠧᠳᠤ ᠶᠠᠪᠤᠭᠳᠠᠨ᠎ᠠ᠃ ᠡᠨᠡᠳᠬᠡᠭ ᠪᠣᠯᠣᠨ
ᠺᠠᠲ᠋ᠠᠷ ᠵᠡᠷᠭᠡ ᠤᠯᠤᠰ ᠨᠢ 2036 ᠣᠨ᠎ᠤ ᠵᠤᠨ᠎ᠤ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠡᠷᠬᠢᠯᠡᠬᠦ᠎ᠪᠡᠷ
ᠭᠤᠶᠤᠴᠢᠯᠠᠵᠤ ᠪᠠᠢᠨ᠎ᠠ᠃
ᠢᠷᠡᠯᠲᠡ᠄ ᠰᠢᠨᠬᠤᠸᠠ ᠬᠤᠷᠢᠶ᠎ᠠ