ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠪᠣᠯᠤᠨ ᠥᠪᠥᠷ ᠮᠣᠩᠭᠣᠯ ᠤ᠋ᠨ ᠶᠡᠬᠡ ᠰᠤᠷᠭᠠᠭᠤᠯᠢ ᠬᠠᠮᠳᠤᠷᠠᠯᠴᠠᠭᠠᠨ ᠤ᠋ ᠵᠦᠪᠯᠡᠯᠴᠡᠭᠡᠷ ᠳᠤᠭᠳᠠᠵᠡᠢ
2026-02-25 17:03:05
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠪᠤᠯᠤᠨ ᠥᠪᠥᠷ ᠮᠣᠩᠭᠣᠯ ᠤ᠋ᠨ ᠶᠡᠬᠡ ᠰᠤᠷᠭᠠᠭᠤᠯᠢ ᠵᠢᠨ ᠬᠠᠤᠯᠢ ᠴᠠᠭᠠᠵᠠ ᠵᠢᠨ ᠳᠡᠭᠡᠳᠦ ᠰᠤᠷᠭᠠᠭᠤᠯᠢ  ᠬᠠᠮᠲᠤᠷᠠᠨ ᠠᠵᠢᠯᠯᠠᠬᠤ  ᠵᠥᠪᠯᠡᠯᠴᠡᠬᠡᠷ  ᠳᠤᠭᠳᠠᠪᠠ᠃

ᠳᠤᠰ ᠤᠳᠠᠭ᠎ᠠ ᠵᠢᠨ ᠬᠠᠮᠲᠤᠷᠠᠨ ᠠᠵᠢᠯᠯᠠᠬᠤ ᠵᠥᠪᠯᠡᠯᠴᠡᠬᠡᠷ ᠳᠤᠭᠳᠠᠭᠰᠠᠨ ᠨᠢ ᠬᠣᠶᠠᠷ ᠲᠠᠯ᠎ᠠ ᠪᠠᠷ ᠵᠢᠠᠨ ᠴᠠᠭ ᠦᠶ᠎ᠡ ᠵᠢᠨ ᠱᠠᠭᠠᠷᠳᠠᠯᠭ᠎ᠠ ᠳ᠋ᠤ᠌ ᠨᠡᠢᠴᠡᠭᠦᠯᠵᠦ᠂ ᠬᠥᠭᠵᠢᠯᠲᠡ ᠵᠢᠨ ᠶᠡᠬᠡ ᠲᠠᠯ᠎ᠠ ᠳ᠋ᠤ᠌ ᠦᠢᠯᠡᠴᠢᠯᠡᠭᠰᠡᠨ ᠪᠠᠢᠯᠳᠤᠬᠤ ᠪᠣᠳᠣᠯᠭ᠎ᠠ ᠵᠢᠨ ᠠᠷᠭ᠎ᠠ ᠬᠡᠮᠵᠢᠶ᠎ᠡ ᠪᠣᠯᠤᠨ᠎ᠠ᠃ ᠳᠤᠰ ᠠᠵᠢᠯᠯᠠᠭ᠎ᠠ ᠨᠢ ᠴᠠᠭ ᠦᠶ᠎ᠡ ᠵᠢ ᠳᠠᠭᠠᠭᠰᠠᠨ᠂ ᠠᠯᠤᠰ ᠬᠡᠳᠦ ᠵᠢᠨ ᠠᠴᠢ ᠬᠣᠯᠪᠣᠭᠳᠠᠯ ᠲᠠᠢ ᠶᠤᠮ᠃ ᠳᠤᠰ ᠤᠳᠠᠭ᠎ᠠ ᠵᠢᠨ ᠬᠠᠮᠳᠤᠷᠠᠯᠴᠠᠭ᠎ᠠ ᠪᠡᠷ ᠠᠵᠠ ᠲᠣᠬᠢᠶᠠᠯ ᠪᠣᠯᠭᠠᠵᠤ᠂ ᠬᠣᠶᠠᠷ ᠲᠠᠯ᠎ᠠ ᠵᠢᠨ ᠡᠬᠢ ᠪᠠᠶᠠᠯᠢᠭ ᠤ᠋ᠨ ᠳᠠᠪᠠᠭᠤᠯᠢᠭ ᠵᠢᠡᠨ ᠭᠦᠢᠴᠡᠳ ᠪᠠᠳᠠᠷᠠᠭᠤᠯᠵᠤ᠂ ᠥᠨᠳᠥᠷ ᠲᠦᠪᠰᠢᠨ ᠪᠦᠬᠦᠢ ᠬᠠᠤᠯᠢᠵᠢᠯ ᠤ᠋ᠨ ᠠᠵᠢᠯ ᠵᠢᠠᠷ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠠᠵᠢᠯ ᠦᠢᠯᠡᠰ ᠤ᠋ᠨ ᠥᠨᠳᠥᠷ ᠶᠠᠰᠤ ᠴᠢᠨᠠᠷ ᠪᠦᠬᠦᠢ ᠬᠦᠭᠵᠢᠯᠳᠡ ᠵᠢ ᠠᠬᠢᠭᠤᠯᠬᠤ ᠪᠤᠯᠤᠨ᠎ᠠ᠃ ᠲᠡᠷᠡᠴᠢᠯᠡᠨ ᠬᠣᠶᠠᠷ ᠲᠠᠯ᠎ᠠ ᠵᠢᠨ ᠬᠠᠮᠳᠤᠷᠠᠯᠴᠠᠭ᠎ᠠ ᠪᠡᠷ ᠲᠠᠮᠵᠢᠨ ᠰᠤᠷᠭᠠᠭᠤᠯᠢ ᠪᠣᠯᠤᠨ ᠣᠷᠣᠨ ᠨᠤᠲᠤᠭ ᠤ᠋ᠨ ᠬᠠᠮᠵᠢᠯᠴᠠᠨ ᠴᠢᠳᠠᠪᠤᠷᠢᠳᠠᠨ ᠬᠥᠮᠦᠵᠢᠭᠦᠯᠬᠦ ᠵᠢ ᠴᠢᠨᠠᠭᠰᠢᠳᠠ ᠭᠦᠨᠵᠡᠭᠡᠢᠷᠡᠭᠦᠯᠵᠦ᠂ ᠦᠢᠯᠡᠳᠦᠯᠭᠡ ᠪᠡᠷ ᠤᠳᠤᠷᠢᠳᠤᠮᠵᠢ ᠪᠣᠯᠭᠠᠭᠰᠠᠨ ᠬᠠᠤᠯᠢ ᠴᠠᠭᠠᠵᠠ ᠵᠢᠨ ᠳᠡᠭᠡᠳᠦ ᠰᠤᠷᠭᠠᠭᠤᠯᠢ ᠵᠢᠨ ᠰᠤᠷᠭᠠᠨ ᠬᠥᠮᠦᠵᠢᠯ ᠤ᠋ᠨ ᠪᠣᠯᠪᠠᠰᠤᠷᠠᠯ ᠤ᠋ᠨ ᠲᠣᠭᠲᠠᠴᠠ ᠵᠢ ᠲᠡᠭᠦᠯᠳᠡᠷᠵᠢᠭᠦᠯᠬᠦ ᠵᠢᠨ ᠬᠠᠮᠳᠤ᠂ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠠᠵᠢᠯ ᠲᠥᠷᠥᠯ ᠤ᠋ᠨ ᠬᠠᠤᠯᠢᠵᠢᠯ ᠤ᠋ᠨ ᠪᠠᠢᠭᠤᠯᠤᠯᠲᠠ ᠵᠢᠨ ᠲᠤᠬᠠᠢ ᠥᠪᠥᠷ ᠮᠣᠩᠭᠣᠯ ᠤ᠋ᠨ ᠶᠡᠬᠡ ᠰᠤᠷᠭᠠᠭᠤᠯᠢ ᠵᠢᠨ ᠬᠠᠤᠯᠢ ᠴᠠᠭᠠᠵᠠ ᠵᠢᠨ ᠳᠡᠭᠡᠳᠦ ᠰᠤᠷᠭᠠᠭᠤᠯᠢ ᠵᠢᠨ ᠰᠤᠳᠤᠯᠭᠠᠨ ᠤ᠋ ᠬᠣᠭᠣᠰᠣᠨ ᠢ᠋ ᠨᠦᠭᠦᠪᠦᠷᠢᠯᠡᠭᠰᠡᠨ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号