ᠲᠦᠷᠦᠬᠦᠬᠡᠨ᠂ ᠬᠦᠬᠡᠬᠤᠲᠠ᠎ᠶᠢᠨ ᠰᠠᠢᠬᠠᠨ ᠲᠣᠭᠣᠷᠢᠭ᠎ᠤᠨ ᠱᠣ᠌ ᠭᠤᠸᠠᠩ ᠲᠣᠰᠭᠣᠨ᠎ᠤ ᠰᠣᠶᠣᠯ᠎ᠤᠨ ᠠᠭᠤᠳᠠᠮ ᠲᠠᠯᠠᠪᠠᠶ᠎ᠳᠤ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠵᠦ᠍᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶ᠋ᠢᠨ ᠪᠣᠷᠣᠯᠠᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠲᠥᠪ᠎ᠡᠴᠡ ᠳᠠᠭᠠᠭᠠᠴᠢᠯᠠᠨ ᠡᠷᠭᠢᠯᠡᠭ᠌ᠰᠡᠨ 《ᠭᠤᠷᠪᠠ᠎ᠶ᠋ᠢ ᠬᠥᠳᠡᠭᠡ ᠪᠠᠭᠤᠯᠭᠠᠬᠤ》 ᠰᠣᠨᠢᠷᠬᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠲᠡᠭᠦᠰ ᠠᠮᠵᠢᠯᠲᠠ᠎ᠲᠠᠶ ᠶᠠᠪᠤᠭᠳᠠᠪᠠ᠃ ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠦ ᠪᠠᠰᠠ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠴᠢᠯᠡᠭᠡ ᠪᠠ ᠱᠠᠩᠨᠠᠯᠲᠤ ᠰᠤᠭᠤᠯᠤᠭ᠎ᠠ ᠬᠤᠳᠠᠯᠳᠤᠨ ᠠᠪᠬᠤ ᠤᠬᠠᠭᠤᠯᠭ᠎ᠠ᠎ᠶ᠋ᠢ ᠵᠡᠷᠭᠡ᠎ᠪᠡᠷ ᠥᠷᠨᠢᠭᠦᠯᠵᠦ᠍᠂ ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠬᠠᠢᠷ᠎ᠠ ᠬᠠᠯᠠᠮᠵᠢ ᠪᠠ ᠣᠶᠤᠨᠴᠢ ᠪᠠᠷ ᠱᠠᠩᠨᠠᠯᠲᠤ ᠰᠤᠭᠤᠯᠤᠭ᠎ᠠ ᠬᠤᠳᠠᠯᠳᠤᠨ ᠠᠪᠬᠤ ᠣᠢᠯᠠᠭᠠᠭ᠍ᠳᠠᠬᠤᠨ᠎ᠢ ᠤᠬᠠᠭᠤᠯᠪᠠ᠃
ᠲᠣᠰ ᠤᠳᠠᠭᠠᠨ᠎ᠤ ᠠᠵᠢᠯᠯᠠᠭ᠎ᠠ ᠨᠢ ᠤᠯᠤᠰ᠎ᠤᠨ 《ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠠᠢᠯᠳᠤᠬᠤ ᠪᠣᠳᠣᠯᠭ᠎ᠠ》᠂ 《ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ》 ᠵᠢᠴᠢ 《ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠪᠥᠲᠥᠭᠡᠨ ᠪᠠᠢᠭᠤᠯᠬᠤ》 ᠤᠷᠢᠶᠠᠯᠠᠭ᠎ᠠ᠎ᠶ᠋ᠢ ᠭᠦᠨᠵᠡᠭᠡᠶ ᠠᠭᠤᠰᠤᠯᠴᠠᠭᠤᠯᠵᠤ᠂ ᠪᠡᠶ᠎ᠡ᠎ᠶ᠋ᠢᠨ ᠲᠠᠮᠢᠷ᠎ᠤᠨ ᠬᠦᠴᠦᠨ᠎ᠢᠶᠡᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ᠃ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠡᠴᠡ᠂ ᠲᠣᠰ ᠤᠳᠠᠭᠠᠨ᠎ᠤ ᠠᠵᠢᠯᠯᠠᠭ᠎ᠠ ᠪᠣᠯ ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶ᠋ᠢ ᠳᠣᠷᠣᠭ᠍ᠰᠢ ᠪᠠᠭᠤᠯᠭᠠᠬᠤ ᠦᠶ᠋ᠯᠡᠴᠢᠯᠡᠭᠡᠨ᠎ᠦ ᠪᠣᠳᠠᠲᠦ ᠦᠶ᠋ᠯᠡᠳᠦᠯᠭᠡ ᠪᠣᠯᠤᠨ᠎ᠠ᠂ ᠬᠤᠢᠰᠢᠲᠠ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠂ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠴᠢᠯᠡᠭᠡ᠎ᠶ᠋ᠢ ᠦᠷᠭᠦᠯᠵᠢᠯᠡᠨ ᠬᠥᠳᠡᠭᠡ ᠲᠣᠰᠭᠣᠨ᠎ᠳᠤ ᠬᠦᠷᠭᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠳᠤ ᠬᠦᠴᠦᠨ ᠨᠡᠮᠡᠷᠢᠯᠡᠬᠦ ᠪᠣᠯᠤᠨ᠎ᠠ ᠭᠡᠵᠦ ᠢᠯᠡᠷᠬᠡᠢᠯᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号