ᠸᠠᠩ ᠸᠧᠢ ᠵᠦᠩ ᠶᠠᠷᠢᠶ᠎ᠠ ᠲᠠᠯᠪᠢᠵᠤ ᠪᠦᠦ ᠭᠠᠩ ᠬᠤᠷᠠᠯ᠎ᠢ ᠡᠷᠬᠢᠯᠡᠵᠦ᠍ ᠵᠠᠩ ᠶᠠᠨ ᠺᠦᠨ ᠱ᠌ᠢ ᠭᠤᠸᠠᠩ ᠬᠤᠢ ᠣᠷᠣᠯᠴᠠᠵᠠᠢ
2 ᠰᠠᠷ᠎ᠠ᠎ᠶ᠋ᠢᠨ 24 ᠤ᠋ ᠡᠳᠦᠷ ᠪᠣᠯ ᠪᠢᠯᠢᠭ᠎ᠦᠨ ᠤᠯᠠᠷᠢᠯ᠎ᠤᠨ ᠮᠣᠷᠢᠨ ᠵᠢᠯ᠎ᠦᠨ ᠴᠠᠭᠠᠨ ᠰᠠᠷ᠎ᠠ᠎ᠶ᠋ᠢᠨ ᠠᠮᠠᠷᠠᠯᠳᠠ ᠵᠢᠨ ᠳᠠᠷᠠᠭᠠᠬᠢ ᠠᠩᠬᠠᠨ᠎ᠦ ᠠᠵᠢᠯᠯᠠᠬᠤ ᠡᠳᠦᠷ ᠪᠣᠯᠤᠨ᠎ᠠ᠂ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠶᠡᠬᠡ ᠬᠤᠷᠠᠯ ᠬᠥᠬᠡᠬᠣᠲᠠ᠎ᠳᠤ ᠬᠤᠷᠠᠯᠳᠤᠵᠤ᠂ 《ᠠᠷᠪᠠᠨ ᠲᠠᠪᠤᠳᠤᠭᠠᠷ ᠲᠠᠪᠤᠨ ᠵᠢᠯ》 ᠳ᠋ᠤ ᠡᠷᠡᠯᠭᠡᠭᠯᠡᠨ ᠲᠠᠮᠠᠴᠠᠬᠦ ᠡᠬᠢᠯᠡᠯᠲᠡ᠎ᠶ᠋ᠢᠨ ᠵᠢᠯ ᠤ᠋ᠨ《ᠤᠷᠤᠭᠰᠢᠯᠠᠯᠳᠠ ᠵᠢᠨ ᠪᠦᠷᠢᠶ᠎ᠡ 》 ᠶ᠋ᠢ ᠬᠠᠩᠭᠢᠨᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠪᠣᠯᠤᠨ ᠲᠥᠪ ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠂ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠢ᠋ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠣᠷᠢᠶ᠎ᠠ᠎ᠶ᠋ᠢᠨ 《1571 》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠡᠷᠴᠢ ᠵᠤᠷᠢᠭ ᠵᠢᠡᠨ ᠬᠦᠪᠴᠢᠯᠡᠵᠤ᠂ ᠦᠳᠳᠡᠷ ᠲᠦᠷᠭᠡᠨ ᠬᠥᠳᠡᠯᠦᠯᠴᠡᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠰᠠᠢ᠌ᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃

2 ᠰᠠᠷ᠎ᠠ ᠵᠢᠨ 24
ᠤ᠋
ᠡᠳᠦᠷ᠂ ᠪᠥᠬᠥ᠌ ᠣᠷᠣᠨ ᠤ ᠴᠢᠨᠠᠷ
ᠰᠠᠢᠲᠠᠶ
ᠬᠥᠭ᠌ᠵᠢᠯᠲᠡ ᠶ᠋ᠢ
ᠠᠬᠢᠭᠤᠯᠬᠤ ᠶᠡᠬᠡ
ᠬᠤᠷᠠᠯ ᠬᠥᠬᠡᠬᠣᠲᠠ ᠳ᠋ᠤ ᠬᠤᠷᠠᠯᠳᠤᠪᠠ᠃
ᠥᠪᠡᠷᠲᠡᠭᠡᠨ ᠵᠠᠰᠠᠬᠤ
ᠣᠷᠣᠨ ᠤ ᠨᠠᠮ ᠤᠨ ᠬᠤᠷᠢᠶ᠎ᠠ ᠶ᠋ᠢᠨ
ᠱᠦᠵᠢ᠂ ᠠᠷᠠᠳ ᠤᠨ ᠲᠥᠯᠥᠭᠡᠯᠡᠭ᠌ᠴᠢᠳ ᠤᠨ ᠶᠡᠬᠡ
ᠬᠤᠷᠠᠯ ᠤᠨ ᠪᠠᠢᠩᠭᠤ ᠶ᠋ᠢᠨ ᠬᠤᠷᠢᠶ᠎ᠠ ᠵᠢᠨ ᠡᠷᠬᠢᠯᠡᠭ᠌ᠴᠢ
ᠸᠠᠩ ᠸᠧᠢ ᠵᠦᠩ
ᠬᠤᠷᠠᠯ ᠳ᠋ᠤ ᠣᠷᠣᠯᠴᠠᠨ ᠶᠠᠷᠢᠶ᠎ᠠ ᠲᠠᠯᠪᠢᠵᠠᠢ᠃
ᠲᠤᠰ ᠰᠤᠨᠢᠨ ᠤ᠋ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠭᠢᠯᠡᠵᠡᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠵᠢᠨ ᠱᠦᠵᠢ ᠱ᠌ᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠤᠳᠤᠷᠢᠳᠭᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ ᠬᠤᠷᠠᠯ᠎ᠳᠤ ᠣᠷᠣᠯᠴᠠᠵᠠᠶ᠃
ᠸᠠᠩ ᠸᠧᠢ ᠵᠦᠩ ᠶᠠᠷᠢᠶᠠᠨ᠎ᠳᠠᠭᠠᠨ᠂ ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ᠂ ᠱᠢᠨ᠎ᠡ ᠴᠠᠭ ᠦᠶ᠎ᠡ᠎ᠶ᠋ᠢᠨ ᠬᠠᠲᠠᠭᠤ ᠶᠣᠰᠣ ᠮᠥᠨ᠃ ᠪᠥᠬᠥ᠌ ᠣᠷᠣᠨ᠎ᠤ ᠡᠯ᠎ᠡ ᠱᠠᠲᠤᠨ᠎ᠤ᠎ᠬᠢᠨ ᠶᠡᠷᠦᠩᠬᠡᠶ ᠱᠦᠵᠢ ᠰᠢ ᠵᠢᠨ ᠫᠢᠩ ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠬᠠᠶ ᠴᠢᠬᠤᠯᠠ ᠥᠭᠦᠯᠡᠯᠲᠡ ᠪᠣᠯᠤᠨ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠠᠷᠢᠭᠤᠴᠠᠯᠭᠠᠲᠤ ᠰᠡᠳᠭᠢᠯᠭᠡ ᠲᠤᠯᠭᠠᠮ ᠰᠡᠳᠭᠢᠯᠭᠡ ᠪᠠᠨ ᠴᠢᠩᠭᠠᠳᠭᠠᠵᠤ᠂ ᠪᠣᠳᠠᠳᠤ ᠪᠠᠢᠳᠠᠯ ᠲᠠᠢ ᠪᠠᠨ ᠤᠶᠠᠯᠳᠤᠭᠤᠯᠤᠨ ᠳᠠᠪᠠᠭᠤᠯᠢᠭ᠎ᠢᠶᠠᠨ ᠪᠠᠳᠠᠷᠠᠭᠤᠯᠬᠤ᠂ ᠳᠤᠲᠠᠭᠤᠳᠠᠯ᠎ᠢᠶᠠᠨ ᠨᠥᠬᠥᠪᠥᠷᠢᠯᠡᠬᠦ᠌᠂ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠬᠦ᠌ ᠬᠦᠴᠦᠯᠡᠬᠦ᠌ ᠴᠡᠭ᠎ᠢ ᠣᠨᠣᠪᠴᠢᠲᠠᠶ ᠣᠯᠵᠤ᠂ 《ᠠᠷᠪᠠᠨ ᠲᠠᠪᠤᠳᠤᠭᠠᠷ ᠲᠠᠪᠤᠨ ᠵᠢᠯ》 ᠡᠨᠡ ᠬᠦ᠌ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠵᠤ᠂ ᠱᠢᠨ᠎ᠡ ᠵᠠᠮ ᠢ ᠲᠦᠷᠭᠡᠳᠬᠡᠨ ᠨᠡᠬᠡᠬᠡᠬᠦ ᠵᠠᠩᠭᠢᠯᠠᠭ᠎ᠠ᠎ᠶ᠋ᠢᠨ ᠬᠤᠭᠤᠴᠠᠭ᠎ᠠ᠎ᠶ᠋ᠢ ᠠᠳᠭᠤᠵᠤ᠂ ᠬᠥᠭ᠌ᠵᠢᠯᠲᠡ᠎ᠶ᠋ᠢ ᠲᠠᠰᠤᠷᠠᠯᠲᠠ ᠥᠬᠡᠶ ᠰᠢᠨ᠎ᠠ ᠰᠢᠯᠢᠳᠡᠭ ᠲᠡᠢᠰᠢ᠂ ᠦᠭᠡᠳᠠᠯᠨᠨ ᠰᠠᠢᠵᠢᠷᠠᠬᠤ ᠲᠡᠢᠰᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠪᠡ᠃
ᠸᠠᠩ ᠸᠧᠢ ᠵᠦᠩ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠮᠠᠨ᠎ᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠳᠠᠪᠠᠯᠲᠠ ᠵᠢ ᠪᠦᠬᠦ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠢ᠃ ᠲᠡᠷᠢᠭᠦᠨ᠎ᠦ ᠦᠶ᠋ᠯᠡᠳᠬᠦ᠌ ᠦᠶ᠋ᠯᠡᠰ᠎ᠢ ᠶᠡᠬᠡᠪᠡᠷ ᠬᠥᠭ᠌ᠵᠢᠭᠦᠯᠵᠦ᠍᠂ ᠨᠡᠭᠦᠷᠡᠰᠦ᠂ ᠬᠢᠮᠢ᠎ᠶ᠋ᠢᠨ ᠠᠵᠤ ᠦᠶ᠋ᠯᠡᠳᠪᠦᠷᠢ᠂ ᠲᠡᠮᠦᠷᠯᠢᠭ ᠬᠠᠢᠯᠤᠭᠤᠯᠬᠤ ᠵᠡᠷᠭᠡ ᠤᠯᠠᠮᠵᠢᠯᠠᠯᠲᠤ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠠ ᠵᠢ ᠨᠥᠬᠥᠪᠥᠷᠢᠯᠡᠬᠦ᠌᠎ᠶ᠋ᠢ ᠠᠬᠢᠭᠤᠯᠵᠤ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠪᠣᠬᠢᠷᠲᠤᠯ ᠥᠬᠡᠶ ᠪᠤᠳᠤᠯᠳᠠ ᠵᠢᠨ ᠬᠦᠴᠦᠨ᠂ ᠤᠢᠷ᠎ᠠ ᠤᠭᠳᠠᠷᠭᠤᠢ ᠵᠢᠨ ᠠᠵᠤ ᠠᠬᠤᠶ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ᠎ᠢ ᠪᠦᠯᠦᠭᠵᠢᠭᠦᠯᠦᠨ ᠬᠥᠭ᠌ᠵᠢᠭᠦᠯᠵᠦ᠍᠂ ᠠᠮᠢᠳᠤ ᠪᠣᠳᠠᠰ ᠤᠨ ᠦᠶ᠋ᠯᠡᠳᠬᠦ ᠦᠢᠯᠡᠰ᠂ ᠤᠰᠤᠲᠥ᠋ᠷᠥᠭ᠌ᠴᠢ ᠡᠨᠧᠷᠭᠢ ᠵᠡᠷᠭᠡ ᠢᠷᠡᠭᠡᠳᠦᠶ᠎ᠶ᠋ᠢᠨ ᠠᠵᠤ ᠦᠶ᠋ᠯᠡᠰ᠎ᠦᠨ ᠪᠠᠢᠷᠢᠱᠢᠭᠤᠯᠤᠯᠲᠠ᠎ᠶ᠋ᠢ ᠴᠢᠩᠭᠠᠳᠭᠠᠵᠤ᠂ ᠰᠠᠯᠬᠢᠨ ᠡᠨᠧᠷᠭᠢ᠂ ᠬᠡᠷᠡᠯᠴᠢ ᠴᠡᠨᠡᠭ᠂ ᠱᠢᠨ᠎ᠡ ᠬᠡᠯᠪᠡᠷᠢ᠎ᠶ᠋ᠢᠨ ᠡᠨ᠋ᠸᠷᠭᠢ ᠨᠦᠬᠡᠴᠡᠯᠡᠬᠦ ᠵᠡᠷᠭᠡ ᠱᠢᠨ᠎ᠡ ᠡᠨᠧᠷᠭᠢ᠎ᠶ᠋ᠢᠨ ᠲᠣᠨᠣᠭᠯᠠᠯ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠮᠠᠱᠢᠨ ᠮᠧᠬᠠᠨᠢᠭ᠂ ᠠᠭᠤᠷᠬᠠᠶ᠎ᠶ᠋ᠢᠨ ᠮᠠᠱᠢᠨ ᠮᠧᠬᠠᠨᠢᠭ ᠵᠡᠷᠭᠡ ᠱᠢᠨ᠎ᠡ ᠦᠶ᠋ᠯᠡᠳᠬᠦᠨ᠎ᠢ ᠢᠳᠡᠪᠬᠢᠲᠡᠶ ᠨᠡᠭᠡᠭᠡᠨ ᠬᠥᠭ᠌ᠵᠢᠭᠦᠯᠬᠦ᠌ ᠬᠡᠷᠡᠭ᠌ᠲᠡᠶ᠃ 《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ ᠪᠠ ᠦᠶ᠋ᠯᠡᠴᠢᠯᠡᠭᠡᠨ᠎ᠦ ᠦᠶ᠋ᠯᠡᠰ᠎ᠦᠨ ᠬᠠᠩᠭᠠᠯᠭ᠎ᠠ ᠵᠢᠨ ᠴᠢᠳᠡᠪᠦᠷᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠰᠠᠢᠲᠤᠷ ᠬᠡᠷᠡᠭ᠌ᠵᠢᠭᠦᠯᠬᠦ ᠭᠡᠷᠡᠭᠳᠠᠢ᠃ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠦᠴᠦᠯᠡᠨ ᠬᠥᠭ᠌ᠵᠢᠭᠡᠵᠦ᠍᠂ ᠭᠠᠵᠠᠷ ᠣᠷᠣᠨ᠎ᠤ ᠪᠠᠢᠳᠠᠯ᠎ᠳ᠋ᠤᠨᠢ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠱᠢᠨ᠎ᠡ ᠦᠢᠯᠡᠳᠬᠦᠨ ᠢ ᠨᠡᠭᠡᠭᠡᠨ ᠬᠥᠭ᠌ᠵᠢᠭᠦᠯᠬᠦ᠌᠎ᠳᠦ ᠨᠡᠩ ᠢᠯᠡᠭᠦᠦ ᠲᠦᠱᠢᠭ᠌ᠯᠡᠵᠦ᠍᠂ ᠨᠡᠮᠡᠯᠲᠡ ᠦᠷᠳᠡᠭ᠎ᠢ ᠳᠡᠭᠡᠭ᠌ᠰᠢᠯᠡᠭᠦᠯᠵᠦ᠍ ᠵᠠᠬ᠎ᠠ ᠳᠡᠯᠭᠡᠭᠦᠷ ᠲᠤ᠌ ᠦᠵᠡᠬᠦᠯᠬᠦ ᠬᠡᠯᠪᠡᠯᠵᠡᠯᠳᠠ ᠵᠢᠨ ᠴᠢᠨᠠᠷᠳᠠᠢ ᠨᠥᠯᠥᠭᠡ᠎ᠶ᠋ᠢ ᠠᠷᠭᠠᠴᠠᠭᠠᠬᠤ ᠬᠡᠷᠡᠭ᠌ᠲᠡᠢ᠃《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》᠎ᠤ᠋ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠠᠵᠤ ᠠᠬᠤᠢᠯᠠᠯ᠎ᠤᠨ ᠥᠪᠥᠷ ᠮᠣᠩᠭᠣᠯ᠎ᠳᠤ ᠠᠵᠢᠯ ᠶᠠᠪᠤᠳᠠᠯ ᠭᠦᠶ᠋ᠴᠡᠳᠭᠡᠬᠦ᠌᠎ᠳᠦ ᠤᠷᠤᠭ᠍ᠰᠢᠲᠠᠶ᠂ ᠪᠠᠯᠠ ᠣᠷᠣᠭᠤᠯᠬᠤ᠎ᠳᠦ ᠰᠠᠨᠠᠭ᠎ᠠ ᠠᠮᠤᠷ᠂ ᠡᠵᠡᠩᠨᠡᠯᠲᠡ᠎ᠨᠢ ᠲᠠᠭᠠᠯᠠᠮᠵᠢᠲᠠᠶ᠂ ᠬᠥᠭ᠌ᠵᠢᠯᠲᠡ᠎ᠨᠢ ᠠᠮᠤᠷ ᠲᠣᠭ᠍ᠲᠠᠭᠤᠨ ᠪᠠᠢᠬᠤ᠎ᠶ᠋ᠢ ᠪᠠᠲᠤᠯᠠᠬᠤ ᠭᠡᠷᠡᠭᠳᠠᠢ᠃ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠠᠬᠢᠭᠤᠯᠬᠤ ᠲᠦᠷᠢᠮ᠎ᠦᠨ ᠬᠠᠩᠭᠠᠯᠭ᠎ᠠ᠎ᠶ᠋ᠢ ᠴᠢᠩᠭᠠᠳᠭᠠᠵᠤ᠂ ᠴᠢᠳᠠᠪᠤᠷᠢᠲᠠᠨ᠎ᠢ ᠲᠥᠪᠯᠡᠷᠡᠭᠦᠯᠬᠦ᠌᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠬᠦ ᠭᠡᠷᠡᠭᠳᠠᠢ᠃ ᠬᠤᠳᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠢᠳᠡᠪᠬᠢᠲᠡᠢ ᠠᠬᠢᠭᠤᠯᠵᠤ᠂ ᠬᠥᠭ᠌ᠵᠢᠯᠲᠡ᠎ᠶ᠋ᠢᠨ ᠪᠦᠬᠦᠯᠢ ᠴᠣᠭ᠍ᠴᠠᠲᠤ ᠴᠢᠨᠠᠷ ᠪᠠ ᠬᠠᠮᠵᠢᠯᠴᠠᠬᠤ ᠴᠢᠨᠠᠷ᠎ᠢ ᠴᠢᠩᠭᠠᠳᠭᠠᠬᠤ ᠬᠡᠷᠡᠭ᠌ᠲᠡᠢ᠃ ᠪᠣᠬᠢᠷᠲᠤᠯ ᠦᠭᠡᠢ ᠬᠥᠭ᠌ᠵᠢᠯᠲᠡ᠎ᠶ᠋ᠢᠨ ᠲᠡᠪᠢᠰᠬᠡᠷ ᠦᠩᠬᠡ᠎ᠶ᠋ᠢ ᠲᠠᠰᠤᠷᠠᠯᠳᠠ ᠦᠭᠡᠢ ᠵᠤᠵᠠᠭᠠᠳᠭᠠᠵᠤ᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲᠸᠮ᠎ᠢ ᠲᠦᠷᠭᠡᠳᠭᠡᠨ ᠪᠠᠢᠭᠤᠯᠵᠤ᠂ ᠪᠤᠬᠢᠷᠳᠤᠯ ᠦᠭᠡᠢ ᠴᠠᠬᠢᠯᠭᠠᠨ᠎ᠢ ᠲᠤᠬᠠᠢ᠎ᠶ᠋ᠢᠨ ᠭᠠᠵᠠᠷ᠎ᠲᠤᠨᠢ ᠱᠢᠩᠭᠡᠭᠡᠬᠦ᠌ ᠬᠠᠷᠢᠴᠠᠯ᠎ᠢ ᠳᠡᠭᠡᠭ᠌ᠰᠢᠯᠡᠭᠦᠯᠵᠦ᠍᠂ 《ᠤᠮᠠᠷᠠᠲᠤ᠎ᠶ᠋ᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠪᠣᠯᠤᠨ ᠬᠦᠭᠡ ᠣᠭ᠍ᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠤᠢ ᠱᠢᠭᠤᠢ ᠨᠤᠳᠤᠭ ᠪᠡᠯᠴᠢᠭᠡᠷ ᠡᠯᠡᠰᠦ ᠮᠠᠨᠭᠬ᠎ᠠ ᠵᠡᠷᠭᠡ ᠠᠮᠢ ᠠᠬᠤᠢ᠎ᠶ᠋ᠢᠨ ᠠᠵᠤ ᠦᠢᠯᠡᠰ ᠪᠣᠯᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠵᠤ ᠠᠬᠤᠢ᠎ᠶ᠋ᠢ ᠬᠥᠭ᠌ᠵᠢᠭᠦᠯᠬᠦ᠌ ᠬᠡᠷᠡᠭ᠌ᠲᠡᠢ᠃ ᠨᠡᠭᠡᠭᠡᠯᠲᠡᠲᠦ ᠬᠥᠭ᠌ᠵᠢᠯᠲᠡ᠎ᠶ᠋ᠢᠨ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠂ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠣᠷᠣᠨ᠂ ᠠᠵᠤ ᠦᠢᠯᠡᠰ᠎ᠦᠨ ᠬᠠᠮᠵᠢᠯᠴᠠᠭᠠᠨ᠎ᠤ ᠬᠦᠷᠢᠶᠡᠯᠡᠩ ᠲᠣᠭᠣᠷᠢᠭ ᠵᠡᠷᠭᠡ ᠲᠠᠪᠴᠠᠩ᠎ᠤᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠳᠣᠲᠣᠭᠠᠳᠤ ᠵᠢᠨ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠥᠨᠳᠥᠷ ᠪᠦᠲᠦᠮᠵᠢᠲᠡᠢ᠎ᠪᠡᠷ ᠠᠭᠤᠰᠤᠯᠴᠠᠬᠤ᠎ᠶ᠋ᠢ ᠬᠦᠯᠢᠶᠡᠰᠦᠯᠠᠵᠤ ᠪᠠᠢᠭ᠎ᠠ ᠬᠣᠷᠢᠭ᠎ᠠ ᠴᠡᠭ ᠲᠦᠭ᠌ᠵᠢᠷᠡᠯ ᠴᠡᠭ᠎ᠢ ᠰᠢᠯᠤᠭᠤᠳᠬᠠᠬᠤ ᠬᠡᠷᠡᠭ᠌ᠲᠡᠢ᠃ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠨᠡᠩ ᠰᠠᠢ᠌ᠳᠤᠷ ᠬᠦᠷᠲᠡᠭᠡᠵᠦ᠍᠂《ᠠᠷᠠᠳ᠎ᠤᠨ ᠠᠮᠢᠳᠤᠷᠠᠯ ᠤᠨ ᠠᠷᠪᠠᠨ ᠶᠡᠬᠡ ᠢᠨᠵᠧᠨᠧᠷᠢᠩ》 ᠢ᠋ ᠰᠠᠢᠲᠤᠷ ᠬᠡᠷᠡᠭ᠌ᠵᠢᠭᠦᠯᠵᠦ᠍᠂ ᠤᠯᠠᠨ ᠲᠦᠮᠡᠨ᠎ᠦ ᠣᠷᠣᠯᠭ᠎ᠠ ᠶ᠋ᠢᠨ ᠦᠷᠭᠦᠯᠵᠢᠯᠡᠨ ᠲᠣᠭ᠍ᠲᠠᠭᠤᠨ ᠢᠶᠠᠷ ᠨᠡᠮᠡᠭ᠌ᠳᠡᠬᠦ᠌᠎ᠶ᠋ᠢ ᠠᠬᠢᠭᠤᠯᠬᠤ ᠬᠡᠷᠡᠭ᠌ᠲᠡᠢ᠃ ᠠᠶᠤᠯᠭᠦᠢ ᠦᠢᠯᠡᠳᠪᠦᠷᠢᠯᠡᠯ᠎ᠦᠨ ᠠᠶᠤᠯ ᠲᠦᠭ᠌ᠰᠢᠭᠦᠷᠢ ᠵᠢᠨ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠂ ᠰᠦᠩ ᠬᠠᠯᠢᠶ᠎ᠠ᠎ᠶ᠋ᠢ ᠰᠡᠷᠭᠡᠢᠯᠡᠵᠦ᠍ ᠲᠦᠢᠮᠡᠷ᠎ᠢ ᠰᠡᠷᠭᠡᠢᠯᠡᠬᠦ᠌᠂ ᠬᠠᠴᠢᠨ ᠠᠭᠤᠷ ᠠᠮᠢᠰᠬᠤᠯ᠎ᠢ ᠠᠷᠭᠠᠴᠠᠭᠠᠬᠤ ᠵᠡᠷᠭᠡ ᠠᠵᠢᠯ᠎ᠢ ᠰᠠᠢᠲᠤᠷ ᠬᠢᠵᠦ᠍᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ ᠭᠡᠵᠤ ᠴᠢᠬᠤᠯᠠᠴᠢᠯᠠᠪᠠ᠃
ᠸᠠᠩ ᠸᠧᠢ ᠵᠦᠩ᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠰᠤᠷᠤᠯᠴᠠᠯᠭ᠎ᠠ ᠵᠢ ᠶᠡᠬᠡᠪᠡᠷ ᠡᠷᠬᠢᠮᠯᠡᠵᠤ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠦ᠂ ᠠᠷᠢᠭᠤᠨ ᠴᠢᠬᠡᠴᠢ ᠪᠠᠢᠵᠤ᠂ ᠢᠳᠡᠪᠬᠢᠲᠡᠢ ᠥᠭᠡᠳᠡᠯᠡᠨ ᠲᠠᠪᠱᠢᠬᠤ᠂ ᠠᠵᠢᠯ ᠬᠢᠵᠦ᠍ ᠦᠢᠯᠡᠰ ᠪᠤᠰᠭᠠᠬᠤ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠬᠠᠮᠲᠤ᠎ᠪᠠᠷ ᠪᠤᠢ ᠪᠣᠯᠭᠠᠬᠤ ᠬᠡᠷᠡᠭ᠌ᠲᠡᠢ᠃ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠦᠨᠡᠨ ᠬᠦ᠌ ᠪᠤᠢ ᠪᠣᠯᠭᠠᠨ ᠦᠢᠯᠡᠳᠦᠯᠭᠡᠵᠢᠭᠦᠯᠵᠦ᠍᠂《ᠱᠢᠪᠲᠤᠯᠤᠯᠲᠠ ᠬᠢᠬᠦ᠌》 ᠵᠣᠷᠢᠭ ᠰᠠᠨᠠᠭ᠎ᠠ᠂ 《ᠡᠭᠦᠳᠦᠨ ᠪᠦᠲᠦᠭᠡᠬᠦ᠌》 ᠡᠷᠴᠢ ᠵᠣᠷᠢᠭ᠂ 《ᠪᠤᠳᠠᠳᠠᠢ ᠠᠵᠢᠯᠯᠠᠬᠤ》 ᠰᠤᠷᠲᠠᠯ᠎ᠢᠶᠠᠷ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠵᠦ᠍᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠵᠤ᠂ ᠲᠡᠷᠢᠭᠦᠨ᠎ᠳᠦ᠎ᠨᠢ ᠣᠷᠣᠬᠤ᠎ᠪᠠᠷ ᠡᠷᠡᠮᠡᠭᠡᠢᠯᠡᠨ ᠲᠡᠮᠡᠴᠡᠬᠦ᠌ ᠬᠡᠷᠡᠭ᠌ᠲᠡᠢ᠃ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢᠨ ᠲᠦᠪᠱᠢᠨ᠎ᠢᠶᠡᠨ ᠬᠦᠴᠦᠯᠡᠨ ᠳᠡᠭᠡᠭ᠌ᠰᠢᠯᠡᠭᠦᠯᠵᠦ᠍᠂ ᠨᠠᠮ᠎ᠤᠨ ᠱᠢᠨ᠎ᠡ ᠡᠬᠦᠳᠤᠯᠳᠠ ᠵᠢᠨ ᠤᠨᠤᠯ᠎ᠢ ᠭᠦᠨᠵᠡᠭᠡᠢ ᠰᠤᠳᠤᠯᠤᠨ᠂ ᠡᠯ᠎ᠡ ᠬᠦᠷᠢᠶᠡᠨ᠎ᠳ᠋ᠡᠬᠢ ᠬᠣᠱᠢᠭᠤᠷᠠᠯ ᠮᠡᠳᠡᠯᠭᠡ ᠶ᠋ᠢᠨ ᠰᠤᠷᠤᠯᠴᠠᠯᠭ᠎ᠠ ᠪᠠᠨ ᠴᠢᠩᠭᠠᠳᠭᠠᠵᠤ᠂ ᠦᠨᠳᠦᠰᠦᠨ ᠱᠠᠲᠤᠨ ᠤ ᠡᠮᠦᠨ᠎ᠡ ᠹᠷᠣᠨᠲ᠎ᠲᠤ ᠭᠦᠨᠵᠡᠭᠡᠢᠷᠡᠨ ᠤᠯᠠᠨ ᠲᠦᠮᠡᠨ᠎ᠦ ᠳᠠᠭᠤᠨ᠎ᠢ ᠰᠣᠨᠣᠰᠴᠤ᠌᠂ ᠪᠣᠳᠠᠲᠠᠢ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠵᠢ ᠴᠢᠬᠤᠯᠠᠴᠢᠯᠠᠬᠤ ᠭᠡᠷᠡᠭᠳᠠᠢ᠃ ᠢᠮᠠᠭ᠍ᠲᠠ ᠴᠢᠩᠭ᠎ᠠ ᠪᠠᠢᠬᠤ ᠬᠦᠭ ᠠᠶᠠᠰ᠎ᠢᠶᠠᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠴᠢᠨᠠᠷ ᠰᠠᠢᠲᠠᠢ ᠬᠥᠭ᠌ᠵᠢᠯᠲᠡ᠎ᠳᠦ ᠬᠦᠴᠦᠲᠡᠢ ᠪᠠᠲᠤᠯᠠᠭ᠎ᠠ ᠬᠠᠩᠭᠠᠬᠤ ᠭᠡᠷᠡᠭᠳᠠᠢ ᠭᠡᠵᠤ ᠴᠢᠬᠤᠯᠠᠴᠢᠯᠠᠪᠠ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠲᠤᠰᠭᠠᠭ᠍ᠰᠠᠨ 《ᠡᠷᠡᠮᠡᠭᠡᠢᠯᠡᠨ ᠲᠡᠮᠡᠴᠡᠵᠤ ᠢᠷᠠᠭᠤ ᠬᠠᠭᠤᠳᠠᠰᠤ ᠵᠢ ᠪᠢᠴᠢᠭᠯᠡᠨᠠᠮ》 ᠭᠡᠬᠦ ᠸᠢᠳᠢᠣ᠋ ᠹᠢᠯᠢᠮ᠎ᠢ ᠦᠵᠡᠵᠦ᠍᠂ ᠡᠯ᠎ᠡ ᠠᠢᠮᠠᠭ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠶ᠃
ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ᠂ ᠬᠣᠱᠢᠭᠤ ᠱᠢᠶᠠᠨ (ᠬᠤᠳᠠ᠂ ᠲᠣᠭᠣᠷᠢᠭ) ᠳ᠋ᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃