ᠤᠷᠢᠬᠠᠨ ᠰᠠᠯᠬᠢ ᠦᠯᠢᠶᠡᠬᠦᠶ᠎ᠡ ᠱᠢᠨ᠎ᠡ ᠪᠠᠢᠳᠠᠯ ᠨᠡᠭᠡᠭᠡᠭᠳᠡᠵᠤ ᠮᠢᠩᠭᠠᠨ ᠤᠩᠭᠤᠴᠠ ᠦᠷᠢᠰᠦᠯᠳᠦᠨ ᠤᠷᠤᠬᠰᠢᠯᠠᠵᠤ ᠰᠠᠴᠤᠷᠠᠩᠭᠤᠢ ᠦᠢᠯᠡᠰ᠎ᠢ ᠪᠦᠳᠦᠬᠡᠨ᠎ᠡ
2026-02-25 10:47:21
ᠵᠣᠬᠢᠶᠠᠭ᠍ᠴᠢ᠄
ᠰᠦᠩ ᠱᠤᠸᠠᠩ ᠮᠠ ᠹᠠᠩ ᠺᠠᠩ ᠯᠢ ᠨᠠ
ᠣᠩᠱᠢᠭ᠍ᠰᠠᠨ ᠣᠳᠠᠭ᠎ᠠ᠄
★★★☆☆

— ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ ᠬᠠᠯᠠᠭᠤᠨ ᠲᠤᠰᠭᠠᠯ ᠭᠠᠷᠪᠠ

 

ᠤᠷᠢᠬᠠᠨ ᠬᠠᠪᠤᠷ ᠡᠬᠡ ᠭᠠᠵᠠᠷ ᠲᠤ᠌ ᠰᠠᠭᠠᠲᠠᠬᠤᠶ᠎ᠠ᠂ ᠡᠷᠴᠢ ᠵᠣᠷᠢᠭ ᠬᠥᠪᠴᠢᠯᠡᠭ᠌ᠳᠡᠨ ᠰᠢᠨ᠎ᠠ ᠲᠦᠰᠦᠪ ᠵᠢᠷᠤᠬᠯᠠᠬᠳᠠᠨ᠎ᠠ᠃ 2 ᠰᠠᠷ᠎ᠠ᠎ᠶ᠋ᠢᠨ 24 ᠤ᠋ ᠡᠳᠦᠷ᠂ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ ᠬᠥᠬᠡᠬᠣᠲᠠ᠎ᠳᠤ ᠬᠤᠷᠠᠯᠳᠤᠵᠤ᠂ ᠰᠢᠨ᠎ᠠ ᠠᠶᠠᠨ᠎ᠳᠤ ᠮᠣᠷᠳᠠᠬᠤ ᠪᠠᠢᠯᠳᠤᠭᠠᠨ᠎ᠤ ᠪᠦᠷᠢᠶ᠎ᠠ᠎ᠶ᠋ᠢ ᠬᠠᠩᠭᠢᠨᠠᠭᠤᠯᠵᠤ᠂ ᠡᠷᠡᠯᠬᠡᠭ᠌ᠯᠡᠨ ᠤᠷᠤᠭ᠍ᠰᠢᠯᠠᠬᠤ ᠬᠦᠴᠦᠲᠦ ᠲᠠᠭᠤᠨ᠎ᠢ ᠴᠤᠤᠷᠢᠶᠠᠳᠤᠭᠤᠯᠪᠠ᠃ ᠬᠤᠷᠠᠯ᠎ᠳᠤ ᠣᠷᠣᠯᠴᠠᠭ᠍ᠰᠠᠨ ᠨᠥᠬᠥᠳ᠂ ᠡᠨᠡ ᠤᠳᠠᠭ᠎ᠠ᠎ᠶ᠋ᠢᠨ ᠬᠤᠷᠠᠯ ᠪᠣᠯ ᠠᠵᠢᠯ᠎ᠢᠶᠡᠨ ᠡᠬᠢᠯᠡᠬᠦᠯᠬᠦ ᠵᠢᠨ 《ᠲᠠᠢ᠌ᠴᠢᠯᠠᠯᠳᠠ᠎ᠶ᠋ᠢᠨ ᠵᠠᠷᠯᠢᠭ》 ᠪᠣᠯᠬᠤ ᠪᠥᠭᠡᠳ ᠪᠠᠰᠠ ᠨᠢᠭᠡ ᠵᠢᠯ᠎ᠦᠨ ᠠᠵᠢᠯ᠎ᠤᠨ ᠭᠣᠣᠯᠳᠠᠯᠭ᠎ᠠ᠎ᠶ᠋ᠢᠨ《ᠵᠦᠭ᠌ᠯᠡᠭᠦᠷ》 ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571 》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ 《ᠱᠢᠪᠲᠤᠯᠤᠯᠲᠠ ᠬᠢᠬᠦ᠌》 ᠵᠣᠷᠢᠭ ᠰᠠᠨᠠᠭ᠎ᠠ᠂ 《ᠡᠭᠦᠳᠦᠨ ᠪᠦᠲᠦᠭᠡᠬᠦ᠌》 ᠡᠷᠴᠢ ᠵᠣᠷᠢᠭ᠂ 《 ᠪᠤᠳᠠᠳᠠᠢ ᠠᠵᠢᠯᠯᠠᠬᠤ》 ᠰᠤᠷᠲᠠᠯ᠎ᠢᠶᠠᠨ ᠡᠭᠦᠷᠢᠳᠡ ᠪᠠᠷᠢᠮᠳᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠠ ᠭᠡᠵᠦ᠍ ᠰᠠᠨᠠᠯ ᠨᠢᠭᠡᠲᠡᠢ ᠦᠵᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠢ ᠶᠢᠩ ᠵᠢᠶᠦ᠋ᠨ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠡᠬᠢᠯᠡᠯᠲᠡ᠎ᠶ᠋ᠢᠨ ᠵᠢᠯ᠎ᠳᠦ ᠬᠤᠷᠠᠯᠳᠤᠭ᠍ᠰᠠᠨ 《ᠴᠠᠭᠠᠨ ᠰᠠᠷ᠎ᠠ᠎ᠶ᠋ᠢᠨ ᠠᠩᠬᠠᠨ᠎ᠤ ᠬᠤᠷᠠᠯ 》 ᠨᠢ ᠴᠢᠨᠠᠷ ᠰᠠᠢᠲᠠᠢ ᠬᠥᠭ᠌ᠵᠢᠯᠲᠡ᠎ᠶ᠋ᠢ ᠡᠷᠡᠰ ᠭᠤᠢᠪᠢᠰᠢ ᠦᠭᠡᠢ ᠠᠬᠢᠭᠤᠯᠬᠤ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌ 《ᠲᠠᠭᠠᠷᠢᠯᠳᠠ᠎ᠶ᠋ᠢᠨ ᠪᠦᠷᠢᠶ᠎ᠠ》 ᠵᠢ ᠬᠠᠩᠭᠢᠨᠠᠭᠤᠯᠪᠠ᠃ ᠪᠦᠬᠦ᠌ ᠣᠷᠣᠨ᠎ᠤ ᠡᠯ᠎ᠡ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠎ᠤᠨ ᠬᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠤ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ ᠎ᠢᠶᠠᠨ ᠲᠥᠪᠯᠡᠷᠡᠭᠦᠯᠵᠤ᠂ ᠠᠵᠢᠯ ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ ᠎ᠢ ᠳᠡᠭᠡᠭ᠌ᠰᠢᠯᠡᠭᠦᠯᠬᠦ᠌ ᠢᠨᠵᠧᠨᠧᠷᠢᠩ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠢᠨᠵᠧᠨᠧᠷᠢᠩ ᠲᠠᠢ ᠨᠢᠭᠳᠠ ᠤᠶᠠᠯᠳᠤᠭᠤᠯᠵᠤ᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢᠨ ᠱᠢᠰᠲ᠋ᠧᠮ᠂ ᠨᠡᠢᠭᠡᠮ᠎ᠦᠨ ᠴᠢᠨᠠᠷ ᠰᠠᠢᠲᠠᠶ ᠪᠠᠲᠤᠯᠠᠭ᠎ᠠ᠎ᠶ᠋ᠢᠨ ᠱᠢᠰᠲ᠋ᠧᠮ᠂ ᠥᠨᠳᠥᠷ ᠬᠡᠪ ᠪᠤᠯᠪᠠᠰᠤᠷᠠᠯ ᠪᠦᠬᠦᠢ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠱᠢᠰᠲ᠋ᠧᠮ᠂ ᠥᠨᠳᠥᠷ ᠲᠦᠪᠱᠢᠨ ᠪᠦᠬᠦᠢ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠵᠠᠰᠠᠯᠲᠠ᠎ᠶ᠋ᠢᠨ ᠱᠢᠰᠲ᠋ᠧᠮ ᠢ᠋ ᠬᠦᠴᠦᠯᠡᠨ ᠪᠠᠢᠭᠤᠯᠤᠨ ᠲᠡᠭᠦᠯᠳᠡᠷᠵᠢᠭᠦᠯᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠦᠷᠭᠦᠯᠵᠢᠯᠡᠨ ᠪᠠᠲᠤᠯᠠᠨ ᠰᠠᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠨᠠᠩ ᠣᠯᠠᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠬᠦᠴᠦᠨ᠎ᠢ ᠨᠡᠮᠡᠷᠢᠯᠡᠨ᠎ᠡ ᠭᠡᠵᠤ ᠢᠯᠡᠳᠭᠡᠵᠠᠢ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠳᠡᠳ᠋ ᠲᠡᠷᠢᠭᠦᠯᠡᠭ᠌ᠴᠢ ᠵᠠᠩ ᠬᠤᠢ ᠢᠦᠢ᠂ ᠪᠦᠬᠦ᠌ ᠣᠷᠣᠨ᠎ᠤ ᠡᠯ᠎ᠡ ᠱᠠᠲᠤᠨ᠎ᠤ ᠠᠵᠢᠯᠴᠢᠨ᠎ᠤ ᠡᠪᠯᠡᠯ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠳᠤᠮᠳᠠᠳᠤ᠎ᠶ᠋ᠢᠨ ᠵᠡᠭᠦᠳᠦ·ᠬᠥᠳᠡᠯᠮᠦᠷᠢ ᠭᠤᠤ᠎ᠠ ᠰᠠᠢᠬᠠᠨ 》 ᠭᠣᠣᠯ ᠰᠡᠳᠦᠪᠲᠦ ᠤᠬᠠᠭᠤᠯᠭ᠎ᠠ ᠬᠥᠮᠦᠵᠢᠯ ᠵᠡᠷᠭᠡ ᠠᠵᠢᠯᠯᠠᠭ᠎ᠠ ᠵᠢ ᠥᠷᠨᠢᠭᠦᠯᠬᠦ᠌᠎ᠪᠡᠷ ᠳᠠᠮᠵᠢᠨ᠂ ᠥᠷᠭᠡᠨ ᠤᠯᠠᠨ ᠠᠵᠢᠯᠳᠠᠨ ᠠᠵᠢᠯᠴᠢᠨ ᠲᠦᠮᠡᠨ᠎ᠦ ᠴᠢᠨᠠᠷ ᠰᠠᠢᠲᠠᠢ ᠬᠥᠭ᠌ᠵᠢᠯᠲᠡ᠎ᠳᠦ ᠣᠷᠣᠯᠴᠠᠬᠤ ᠬᠠᠯᠠᠭᠤᠨ ᠰᠡᠳᠭᠢᠯᠭᠡ᠎ᠶ᠋ᠢ ᠭᠦᠢᠴᠡᠳ ᠬᠥᠭ᠌ᠵᠢᠭᠡᠨ᠎ᠡ; ᠠᠵᠤ ᠦᠶ᠋ᠯᠡᠰ᠎ᠦᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢᠨ ᠪᠣᠳᠠᠲᠤ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠴᠢᠬᠤᠯᠠ ᠶᠡᠬᠡ ᠢᠨᠵᠧᠨᠧᠷᠢᠩ᠂ ᠴᠢᠬᠤᠯᠠ ᠶᠡᠬᠡ ᠲᠥᠷᠥᠯ ᠵᠦᠶ᠋ᠯ᠂ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠲᠣᠭᠣᠷᠢᠨ᠎ᠳᠤ ᠬᠥᠳᠡᠯᠮᠦᠷᠢ ᠪᠠ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠢ ᠥᠷᠭᠡᠨ ᠳᠡᠯᠭᠡᠷ ᠭᠦᠨ ᠭᠦᠨᠵᠡᠭᠡᠶ ᠤᠷᠳᠤ ᠬᠤᠭᠤᠴᠠᠭ᠎ᠠ ᠪᠡᠷ ᠥᠷᠨᠢᠭᠦᠯᠵᠦ᠍᠂ ᠱᠢᠨ᠎ᠡ ᠴᠠᠭ ᠦᠶ᠎ᠡ᠎ᠶ᠋ᠢᠨ ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠥᠷᠭᠡᠨ ᠣᠯᠠᠨ ᠠᠵᠢᠯᠲᠠᠨ ᠠᠵᠢᠯᠴᠢᠨ ᠢ᠋ ᠤᠷᠮᠠᠰᠢᠭᠤᠯᠤᠨ ᠴᠢᠨᠠᠷ ᠰᠠᠢᠲᠠᠶ ᠬᠥᠭ᠌ᠵᠢᠯᠲᠡ᠎ᠳᠦ ᠢᠳᠡᠪᠬᠢᠲᠡᠶ ᠣᠷᠣᠯᠴᠠᠭᠤᠯᠤᠨ᠎ᠠ; ᠠᠵᠢᠯᠴᠢᠨ ᠎ᠤ ᠡᠪᠯᠡᠯ ᠎ᠦᠨ ᠠᠵᠢᠯ ᠣᠯᠭᠣᠬᠤ ᠦᠢᠯᠡᠰ ᠪᠣᠰᠭᠠᠬᠤ ᠲᠤᠬᠠᠢ ᠱᠢᠷᠢᠰ ᠦᠢᠯᠡᠴᠢᠯᠡᠭᠡᠨ᠎ᠦ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠱᠢᠨ᠎ᠡ  ᠬᠡᠯᠪᠡᠷᠢ ᠵᠢᠨ ᠠᠵᠢᠯ ᠣᠯᠭᠣᠯᠲᠠ᠎ᠶ᠋ᠢᠨ ᠬᠥᠳᠡᠯᠮᠦᠷᠢᠴᠢᠳ᠎ᠦᠨ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠳᠭᠠᠵᠤ᠂《ᠬᠢᠯᠢ ᠬᠢᠵᠠᠭᠠᠷ ᠢ᠋ ᠳᠤᠯᠠᠭᠠᠴᠠᠭᠤᠯᠬᠤ ᠤᠮᠠᠷᠠᠳᠤ ᠬᠢᠯᠢ ᠵᠢᠨ ᠠᠶᠠᠯᠠᠯ》 ᠬᠠᠯᠠᠮᠵᠢᠯᠠᠨ ᠬᠠᠢᠷᠠᠯᠠᠬᠤ ᠠᠵᠢᠯᠯᠠᠭ᠎ᠠ᠂ ᠪᠢ ᠠᠵᠢᠯᠲᠠᠨ ᠠᠵᠢᠯᠴᠢᠨ᠎ᠳᠤ ᠪᠣᠳᠠᠲᠤ ᠶᠠᠪᠤᠳᠠᠯ ᠬᠢᠵᠦ᠍ ᠥᠭ᠌ᠬᠦ᠂ ᠬᠠᠢᠷ᠎ᠠ ᠬᠠᠯᠠᠮᠵᠢ ᠬᠦᠷᠭᠡᠬᠦ᠌᠂ ᠪᠡᠭᠡᠵᠢᠩ ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠦᠨ ᠵᠡᠭᠦᠨ ᠪᠠᠷᠠᠭᠤᠨ ᠬᠡᠰᠡᠭ᠎ᠦᠨ ᠬᠠᠮᠵᠢᠯᠴᠠᠭ᠎ᠠ ᠵᠡᠷᠭᠡ ᠲᠦᠷᠦᠯ ᠲᠡᠮᠳᠡᠭ᠎ᠦᠨ ᠠᠵᠢᠯ᠎ᠢ ᠰᠠᠢᠲᠤᠷ ᠬᠢᠵᠦ᠍᠂ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠤᠯᠠᠨ ᠲᠦᠮᠡᠨ᠎ᠳᠦ ᠴᠢᠨᠠᠷ ᠰᠠᠢᠲᠠᠢ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠳ᠋ᠯᠡᠭᠦᠯᠤᠨ᠎ᠠ ᠭᠡᠵᠤ ᠢᠯᠡᠳᠭᠡᠪᠡ᠃

《ᠲᠤᠰ ᠤᠳᠠᠭ᠎ᠠ᠎ᠶ᠋ᠢᠨ ᠬᠤᠷᠠᠯ᠎ᠡᠴᠡ ᠺᠠᠳ᠋ᠷ ᠤᠯᠠᠨ ᠲᠦᠮᠡᠨ᠎ᠳᠦ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠡᠬᠢᠯᠡᠯᠲᠡ᠎ᠶ᠋ᠢᠨ ᠵᠢᠯ ᠳ᠋ᠤ ᠡᠷᠡᠮᠡᠬᠡᠢᠯᠡᠨ ᠲᠡᠮᠡᠴᠡᠬᠦ 〈ᠤᠷᠤᠭᠰᠢᠯᠠᠯᠳᠠ ᠵᠢᠨ ᠪᠦᠷᠢᠶ᠎ᠡ〉 ᠵᠢ ᠬᠠᠩᠬᠢᠨᠠᠭᠤᠯᠵᠥ᠂ ᠤᠯᠠᠨ᠎ᠢ ᠬᠦᠳᠦᠯᠥᠨ ᠳᠠᠭᠠᠭᠤᠯᠵᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠠᠷᠠᠯᠲᠠ ᠲᠡᠢᠰᠢ ᠡᠷᠡᠯᠬᠡᠭ᠌ᠯᠡᠨ ᠤᠷᠤᠭ᠍ᠰᠢᠯᠠᠭᠤᠯᠬᠤ ᠪᠤᠯᠤᠨ᠎ᠠ》᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠬᠢᠨ ᠲᠡᠷᠢᠭᠦᠯᠡᠭ᠌ᠴᠢ᠂ ᠲᠤᠮᠳᠠᠳᠤ ᠤᠯᠤᠰ ᠤ᠋ᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠼᠤᠤ᠎ᠶ᠋ᠢᠨ ᠱᠠᠨ᠂ ᠬᠣᠢᠱᠢᠳᠠ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠬᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ᠎ᠲᠠᠶ ᠬᠠᠷᠢᠯᠴᠠᠵᠤ ᠦᠶ᠋ᠯᠡᠴᠢᠯᠡᠬᠦ᠌ ᠡᠭᠦᠷᠭᠡ ᠴᠢᠳᠠᠪᠬᠢ᠎ᠶ᠋ᠢ ᠭᠦᠶ᠋ᠴᠡᠳ ᠪᠠᠳᠠᠷᠠᠭᠤᠯᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠳᠤᠮᠳᠠᠳᠤ ᠤᠯᠤᠰ》ᠤ᠋ᠨ ᠥᠪᠥᠷ ᠮᠣᠩᠭᠣᠯ᠎ᠤᠨ ᠬᠠᠮᠵᠢᠯᠴᠠᠨ ᠱᠢᠨ᠎ᠡ᠎ᠶ᠋ᠢ ᠡᠭᠦᠳᠬᠦ᠌ ᠶᠡᠷᠦᠩᠬᠡᠶ ᠬᠡᠯᠲᠡᠰ᠎ᠦᠨ ᠦᠶ᠋ᠯᠡᠴᠢᠯᠡᠭᠡᠨ᠎ᠦ ᠦᠷ᠎ᠡ ᠪᠦᠲᠦᠮᠵᠢ᠎ᠶ᠋ᠢ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠪᠠ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ᠎ᠶ᠋ᠢ ᠠᠬᠢᠭᠤᠯᠤᠨ᠎ᠠ᠃ ᠡᠭᠦᠨ᠎ᠦ ᠵᠡᠷᠭᠡ ᠪᠡᠷ᠂ ᠨᠠᠮ ᠪᠦᠯᠦᠭ᠎ᠦᠨ ᠡᠲᠡᠭᠡᠳ ᠢᠯᠭᠠᠯ᠎ᠤᠨ ᠣᠨᠴᠠᠯᠢᠭ᠎ᠲᠠᠶ ᠤᠶᠠᠯᠳᠤᠭᠤᠯᠵᠤ᠂《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ  ᠪᠣᠯᠤᠨ ᠨᠡᠢᠭᠡᠮ᠎ᠦᠨ ᠬᠠᠤᠯᠢ ᠪᠡᠷ ᠵᠠᠰᠠᠬᠤ ᠬᠦᠷᠢᠶ᠎ᠠ ᠴᠠᠷᠠᠭ᠎ᠠ ᠵᠢᠨ ᠲᠣᠭᠣᠷᠢᠨ᠎ᠳᠤ ᠪᠣᠳᠠᠲᠠᠢ ᠎ᠶ᠋ᠢ  ᠡᠷᠬᠢᠮᠯᠡᠭ᠌ᠰᠡᠨ ᠪᠠᠢᠴᠠᠭᠠᠨ ᠰᠤᠳᠤᠯᠤᠯᠲᠠ ᠥᠷᠨᠢᠭᠦᠯᠵᠦ᠍᠂ ᠥᠪᠥᠷ ᠮᠣᠩᠭᠣᠯ ᠎ᠤᠨ ᠥᠷᠭᠡᠨ ᠤᠯᠠᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠎ᠶ᠋ᠢᠨ ᠨᠠᠮ᠎ᠤᠨ ᠭᠡᠱᠢᠭᠦᠨ ᠎ᠢ ᠳᠠᠭᠠᠭᠤᠯᠤᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠳᠤ ᠰᠠᠢ᠌ᠨ ᠠᠷᠭ᠎ᠠ ᠪᠤᠳᠤᠯᠭ᠎ᠠ ᠳᠡᠪᠱᠢᠭᠦᠯᠤᠨ᠎ᠠ ᠭᠡᠵᠤ ᠢᠯᠡᠳᠭᠡᠪᠡ᠃

ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ᠂ ᠱᠢᠨ᠎ᠡ ᠴᠠᠭ ᠦᠶ᠎ᠡ᠎ᠶ᠋ᠢᠨ ᠬᠠᠲᠠᠭᠤ ᠶᠣᠰᠣ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠳᠠᠪᠠᠭᠤᠯᠢᠭ᠎ᠢᠶᠠᠨ ᠪᠠᠳᠠᠷᠠᠭᠤᠯᠬᠤ᠂ ᠳᠤᠲᠠᠭᠤᠳᠠᠯ᠎ᠢᠶᠠᠨ ᠨᠥᠬᠥᠪᠥᠷᠢᠯᠡᠬᠦ᠌᠂ ᠪᠠᠭᠤᠷᠠᠢ ᠲᠠᠯ᠎ᠠ᠎ᠪᠠᠨ ᠬᠦᠴᠦᠷᠬᠡᠭ᠌ᠵᠢᠭᠦᠯᠬᠦ᠌ ᠬᠦᠴᠦᠯᠡᠬᠦ᠌ ᠴᠡᠭ᠎ᠢ ᠣᠨᠣᠪᠴᠢᠲᠠᠢ ᠣᠯᠵᠤ᠂ ᠬᠥᠭ᠌ᠵᠢᠯᠲᠡ᠎ᠶ᠋ᠢ ᠲᠠᠰᠤᠷᠠᠯᠳᠠ ᠦᠭᠡᠢ ᠱᠢᠨ᠎ᠡ ᠱᠢᠯᠢᠳᠡᠭ ᠲᠡᠢᠰᠢ᠂ ᠥᠭᠡᠳᠡᠯᠡᠨ ᠰᠠᠢᠵᠢᠷᠠᠬᠤ ᠲᠡᠢᠰᠢ ᠠᠬᠢᠭᠤᠯᠬᠤ ᠬᠡᠷᠡᠭᠳᠠᠢ᠃

《ᠪᠦᠬᠦ᠌ ᠣᠷᠣᠨ᠎ᠤ 〈ᠴᠠᠭᠠᠨ ᠰᠠᠷ᠎ᠠ᠎ᠶ᠋ᠢᠨ ᠠᠩᠬᠠᠨ᠎ᠤ ᠬᠤᠷᠠᠯ〉 ᠨᠢ ᠴᠢᠨᠠᠷ ᠰᠠᠢᠲᠠᠢ ᠬᠥᠭ᠌ᠵᠢᠯᠲᠡ᠎ᠶ᠋ᠢ ᠡᠷᠡᠰ ᠭᠤᠢᠪᠢᠰᠢ ᠦᠭᠡᠢ ᠠᠬᠢᠭᠤᠯᠬᠤ ᠴᠢᠩᠭ᠎ᠠ ᠲᠤᠬᠢᠶ᠎ᠠ᠎ᠶ᠋ᠢ ᠳᠠᠮᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ〈ᠠᠷᠪᠠᠨ ᠲᠠᠪᠤᠳᠤᠭᠠᠷ ᠲᠠᠪᠤᠨ ᠵᠢᠯ〉 ᠤ᠋ᠨ ᠡᠬᠢᠯᠡᠯᠲᠡ᠎ᠶ᠋ᠢᠨ ᠵᠢᠯ᠎ᠳᠦ ᠠᠵᠠ ᠲᠣᠬᠢᠶᠠᠯ᠎ᠢ ᠠᠮᠵᠢᠵᠤ᠂ 〈ᠰᠠᠢ᠌ᠨ ᠡᠬᠢᠯᠡᠯᠲᠡ〉 ᠵᠢ ᠪᠡᠶᠡᠯᠡᠭᠦᠯᠬᠦ᠌ ᠡᠷᠡᠰ ᠪᠠᠲᠤ ᠢᠲᠡᠭᠡᠯ᠎ᠢ ᠭᠦᠢᠴᠡᠳ ᠢᠯᠡᠷᠡᠭᠦᠯᠪᠡ》᠂ ᠬᠥᠬᠡᠬᠣᠲᠠ ᠪᠣᠭᠣᠮᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ᠂ ᠪᠣᠭᠣᠮᠲᠠ᠎ᠶ᠋ᠢᠨ ᠳᠠᠷᠤᠭ᠎ᠠ ᠵᠠᠩ ᠶᠠᠨ᠂ ᠬᠥᠬᠡᠬᠣᠲᠠ ᠪᠣᠭᠣᠮᠲᠠ ᠵᠢᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠪᠠ ᠲᠣᠰ ᠤᠳᠠᠭ᠎ᠠ ᠵᠢᠨ ᠬᠤᠷᠠᠯ᠎ᠤᠨ ᠵᠣᠷᠢᠭ ᠰᠠᠨᠠᠭ᠎ᠠ ᠶᠣᠰᠣᠭᠠᠷ᠂ ᠤᠯᠤᠰ᠎ᠤᠨ ᠡᠭᠦᠳᠡ ᠵᠢ ᠰᠠᠬᠢᠬᠤ᠂ ᠬᠥᠭ᠌ᠵᠢᠯᠲᠡ᠎ᠶ᠋ᠢ ᠠᠬᠢᠭᠤᠯᠬᠤ ᠡᠭᠦᠷᠭᠡ ᠬᠠᠷᠢᠭᠤᠴᠠᠯᠭ᠎ᠠ ᠶ᠋ᠢ ᠪᠦᠬᠦ᠌ ᠲᠠᠯ᠎ᠠ᠎ᠪᠠᠷ ᠰᠠᠢᠲᠤᠷ ᠭᠦᠢᠴᠡᠳᠭᠡᠵᠤ᠂ ᠰᠠᠨᠠᠭᠠᠴᠢᠯᠭ᠎ᠠ ᠡᠴᠡ ᠪᠡᠨ ᠰᠦᠪᠡᠭᠴᠢᠯᠡᠵᠤ᠂ ᠢᠳᠡᠪᠬᠢᠲᠡᠶ ᠬᠢᠵᠤ᠂ ᠪᠣᠳᠠᠲᠠᠶ ᠠᠵᠢᠯᠯᠠᠵᠤ᠂ ᠥᠨᠳᠥᠷ ᠪᠠᠷᠢᠮᠵᠢᠶ᠎ᠠ᠎ᠪᠠᠷ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠪᠠᠷ ᠬᠥᠲᠥᠯᠦᠮᠵᠢ ᠪᠣᠯᠭᠠᠵᠤ᠂ ᠶᠡᠷᠦᠩᠬᠡᠢᠯᠡᠭ᠌ᠰᠡᠨ ᠭᠠᠢᠯᠢ ᠪᠠᠳᠤᠯᠠᠬᠤ ᠣᠷᠣᠨ᠂ ᠳᠤᠮᠳᠠᠳᠤ ᠮᠣᠩᠭᠣᠯ᠎ᠤᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠬᠣᠯᠪᠣᠯᠳᠤᠨ ᠬᠦᠳᠡᠯᠦᠯᠴᠡᠭᠰᠡᠨ ᠬᠥᠭ᠌ᠵᠢᠯᠲᠡ ᠵᠢ ᠠᠬᠢᠭᠤᠯᠵᠤ᠂ ᠥᠨᠳᠥᠷ ᠲᠡᠰ ᠴᠢᠳᠠᠪᠬᠢ ᠪᠦᠬᠦᠢ ᠤᠯᠠᠨ ᠡᠱᠢᠵᠢᠭ᠌ᠰᠡᠨ ᠭᠠᠳᠠᠭ᠍ᠰᠢ ᠨᠡᠭᠡᠭᠡᠯᠳᠡ ᠬᠢᠬᠦ᠌ ᠲᠠᠪᠴᠠᠩ᠎ᠢ ᠲᠦᠷᠭᠡᠳᠭᠡᠨ ᠪᠠᠢᠭᠤᠯᠵᠤ᠂ ᠭᠣᠣᠯᠳᠠᠯᠭ᠎ᠠ᠎ᠲᠠᠶ ᠬᠢᠯᠢ ᠵᠢᠨ ᠪᠣᠭᠣᠮᠲᠠ᠎ᠶ᠋ᠢᠨ ᠴᠢᠳᠠᠪᠤᠷᠢ ᠵᠢ ᠥᠷᠭᠡᠳᠭᠡᠨ ᠶᠠᠰᠤ ᠴᠢᠨᠠᠷ  ᠢ᠋ ᠳᠡᠭᠡᠭ᠌ᠰᠢᠯᠡᠭᠦᠯᠬᠦ᠌ ᠪᠠ ᠲᠤᠯᠭᠠᠭᠤᠷᠢ ᠠᠵᠤ ᠦᠢᠯᠡᠰ᠎ᠦᠨ ᠳᠣᠲᠣᠭᠠᠳᠤ ᠭᠠᠳᠠᠭᠠᠳᠤ ᠠᠷᠠᠯᠵᠢᠶ᠎ᠠ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠶᠡᠬᠡ ᠪᠡᠷ ᠳᠡᠮᠵᠢᠵᠤ᠂ ᠭᠠᠳᠠᠭᠠᠳᠤ ᠠᠷᠠᠯᠵᠢᠶᠠᠨ ᠎ᠤ ᠴᠢᠨᠠᠷ ᠰᠠᠢᠲᠠᠶ ᠬᠥᠭ᠌ᠵᠢᠯᠲᠡ ᠪᠠ ᠥᠨᠳᠥᠷ ᠲᠦᠪᠱᠢᠨ ᠪᠥᠬᠥᠶ ᠨᠡᠭᠡᠭᠡᠯᠲᠡ᠎ᠶ᠋ᠢ ᠢᠳᠡᠪᠬᠢᠲᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠠᠳᠠᠭᠰᠢ ᠨᠡᠭᠡᠭᠡᠯᠳᠡ ᠬᠢᠬᠦ ᠲᠦᠪᠱᠢᠨ ᠎ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠬᠤ᠎ᠳᠤ ᠨᠠᠩ ᠣᠯᠠᠨ ᠪᠣᠭᠣᠮᠲᠠ᠎ᠶ᠋ᠢᠨ ᠬᠦᠴᠦᠨ ᠴᠢᠳᠠᠯ ᠢ᠋ ᠨᠡᠮᠡᠷᠢᠯᠡᠬᠦ᠌᠎ᠪᠡᠷ ᠴᠢᠷᠮᠠᠢᠨ᠎ᠠ ᠭᠡᠵᠤ ᠢᠯᠡᠳᠭᠡᠪᠡ᠃

ᠤᠯᠤᠰ ᠎ᠤᠨ ᠴᠠᠬᠢᠯᠭᠠᠨ ᠲᠤᠤᠷ᠎ᠤᠨ ᠪᠦᠯᠦᠭᠯᠡᠯ ᠤ᠋ᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶ᠎ᠠ᠎ᠶᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠮᠤᠤ ᠭᠤᠸᠠᠩ ᠬᠣᠶ᠂ ᠤᠯᠤᠰ᠎ᠤᠨ ᠴᠠᠬᠢᠯᠭᠠᠨ ᠲᠤᠤᠷ᠎ᠤᠨ ᠪᠦᠯᠦᠭᠯᠡᠯ ᠤ᠋ᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠺᠤᠮᠫᠠᠨᠢ ᠵᠢᠨ᠎ᠬᠢᠨ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠪᠥᠬᠥ᠌ ᠬᠦᠴᠦᠨ᠎ᠢᠶᠡᠷ᠎ᠢᠶᠡᠨ ᠪᠠᠢᠭᠤᠯᠵᠤ᠂ 《ᠭᠠᠳᠠᠭ᠍ᠰᠢ ᠬᠦᠷᠭᠡᠵᠦ᠍ ᠳᠣᠲᠣᠭᠠᠳᠤ᠎ᠪᠠᠨ ᠲᠤᠰᠠᠯᠠᠬᠤ》ᠲᠠᠪᠴᠠᠩ᠎ᠤᠨ ᠬᠡᠯᠪᠡᠷᠢ᠎ᠶ᠋ᠢᠨ ᠴᠠᠬᠢᠯᠭᠠᠨ ᠲᠤᠤᠷ᠎ᠢ ᠢᠳᠡᠪᠬᠢᠲᠡᠶ ᠪᠠᠢᠭᠤᠯᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠡᠴᠡ ᠪᠡᠭᠡᠵᠢᠩ ᠲᠢᠶᠠᠨᠵᠢᠨ ᠾᠧᠪᠧᠶ ᠬᠦᠷᠬᠦ᠂ ᠳᠠᠯᠠᠳ᠎ᠡᠴᠡ ᠥᠪᠥᠷ ᠮᠣᠩᠭᠣᠯ᠎ᠤᠨ ᠪᠠᠷᠠᠭᠤᠨ ᠬᠡᠰᠡᠭ ᠬᠥᠷᠬᠥ᠌ ᠵᠡᠷᠭᠡ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ᠎ᠤ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ ᠎ᠶ᠋ᠢ ᠲᠦᠷᠭᠡᠳᠭᠡᠵᠦ᠍᠂ ᠡᠯ᠎ᠡ ᠲᠥᠷᠥᠯ᠎ᠦᠨ ᠰᠢᠨ᠎ᠡ ᠡᠨ᠋ᠸᠷᠬᠢ᠎ᠶᠢ ᠴᠠᠬᠢᠯᠭᠠᠨ ᠳᠤᠤᠷ ᠲᠤ᠌ ᠤᠷᠤᠭᠤᠯᠬᠤ ᠢᠨᠵᠧᠨᠧᠷᠢᠩ᠎ᠢ ᠲᠤᠭᠲᠠᠭᠰᠠᠨ ᠬᠤᠭᠤᠴᠠᠭᠠᠨ᠎ᠳᠤ ᠠᠰᠢᠭᠯᠠᠯᠲᠠ᠎ᠳᠤ ᠤᠷᠤᠭᠤᠯᠬᠤ᠎ᠵᠢ ᠦᠨᠡᠨ᠎ᠬᠦ ᠪᠠᠲᠤᠯᠠᠨ᠎ᠠ᠃ ᠡᠭᠦᠨ᠎ᠦ ᠬᠠᠮᠲᠤ ᠠᠶᠤᠯᠭᠦᠶ ᠦᠶ᠋ᠯᠡᠳᠪᠦᠷᠢᠯᠡᠯ᠎ᠦᠨ ᠬᠣᠷᠢᠭ᠎ᠠ ᠱᠤᠭᠤᠮ᠎ᠢ ᠪᠠᠲᠤ ᠰᠠᠬᠢᠵᠤ᠂《ᠲᠠᠪᠤᠨ ᠬᠤᠪᠢᠰᠤᠮᠠᠯ ᠭᠦᠶᠦᠳᠡᠯᠲᠦ ᠭᠤᠷᠪᠠᠨ ᠲᠣᠭ᠍ᠲᠠᠮᠠᠯ ᠬᠦᠶᠦᠳᠡᠯᠲᠦ》 ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ᠌ ᠵᠠᠮ ᠱᠤᠭᠤᠮ᠎ᠢ ᠬᠠᠮᠠᠭᠠᠯᠠᠵᠤ᠂ ᠥᠪᠥᠷ ᠮᠣᠩᠭᠣᠯ᠎ᠤᠨ ᠴᠠᠬᠢᠯᠭᠠᠨ᠎ᠢ ᠭᠠᠳᠠᠭ᠍ᠰᠢ ᠬᠦᠷᠭᠡᠬᠦ᠌ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠨ᠎ᠡ᠃ ᠲᠡᠷᠢᠭᠦᠨ ᠵᠡᠷᠭᠡ᠎ᠶ᠋ᠢᠨ ᠴᠠᠬᠢᠯᠭᠠᠨ ᠬᠦᠴᠦᠨ᠎ᠦ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠣᠶ ᠪᠣᠯᠭᠠᠬᠤ ᠬᠠᠷᠠᠯᠲᠠ᠎ᠳ᠋ᠤ ᠠᠩᠬᠠᠷᠤᠯ᠎ᠢᠶᠡᠨ ᠲᠦᠪᠯᠡᠷᠡᠬᠦᠯᠵᠤ ᠂ 《ᠭᠤᠷᠪᠠᠨ ᠦᠭᠡᠢ》᠂ 《ᠭᠤᠷᠪᠠᠨ ᠠᠷᠪᠢᠯᠠᠬᠤ》 ᠠᠷᠭ᠎ᠠ ᠬᠡᠮᠵᠢᠶ᠎ᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠠᠮᠢᠳᠤ ᠪᠣᠳᠠᠰ᠎ᠤᠨ ᠦᠶ᠋ᠯᠡᠳᠬᠦ᠌ ᠦᠢᠯᠡᠰ᠂ ᠤᠰᠤᠲᠥ᠋ᠷᠥᠭ᠌ᠴᠢ ᠡᠨᠧᠷᠭᠢ᠂ ᠪᠡᠶᠡᠳᠦ ᠣᠶᠤᠨ ᠵᠡᠷᠭᠡ ᠢᠷᠡᠭᠡᠳᠦᠶ᠎ᠶ᠋ᠢᠨ ᠠᠵᠤ ᠦᠶ᠋ᠯᠡᠰ᠎ᠲᠦ ᠰᠠᠢᠲᠤᠷ ᠦᠶ᠋ᠯᠡᠴᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠡᠨᠧᠷᠭᠢ ᠪᠠ  ᠴᠠᠬᠢᠯᠭᠠᠨ ᠬᠦᠴᠦᠨ᠎ᠦ ᠬᠦᠴᠦᠳᠡᠢ ᠪᠠᠲᠤᠯᠠᠭ᠎ᠠ ᠬᠠᠩᠭᠠᠨ᠎ᠠ ᠭᠡᠵᠦ ᠢᠯᠡᠳᠭᠡᠪᠡ᠃

《ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ ᠡᠴᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠲᠠᠯ᠎ᠠ ᠳ᠋ᠡᠬᠢ ᠣᠷᠣᠭᠤᠯᠤᠯᠲᠠ᠎ᠶ᠋ᠢ ᠨᠡᠮᠡᠭ᠌ᠳᠡᠭᠦᠯᠬᠦ᠌᠂ ᠣᠳᠣᠬᠢᠴᠢᠯᠠᠭ᠍ᠰᠠᠨ ᠠᠵᠤ ᠦᠶ᠋ᠯᠡᠰ ᠎ᠦᠨ ᠱᠢᠰᠲ᠋ᠧᠮ᠎ᠢ ᠪᠠᠢᠭᠤᠯᠬᠤ ᠲᠤᠬᠠᠶ  ᠪᠠᠢᠷᠢᠯᠠᠭᠤᠯᠤᠬᠰᠠᠨ᠎ᠨᠢ ᠰᠦ᠎ᠶᠢᠨ ᠦᠶ᠋ᠯᠡᠰ ᠎ᠦᠨ ᠬᠥᠭ᠌ᠵᠢᠯᠲᠡ᠎ᠳᠦ ᠴᠢᠭ᠌ᠯᠡᠯ᠎ᠢ ᠲᠣᠳᠣᠷᠬᠠᠶ ᠵᠢᠭᠠᠨ ᠥᠭ᠌ᠴᠦ᠂ ᠢᠲᠡᠭᠡᠯ ᠵᠣᠷᠢᠭ᠎ᠢ ᠬᠥᠪᠴᠢᠯᠡᠪᠡ》᠃ ᠢᠯᠢ ᠪᠦᠯᠦᠭ᠌ᠯᠡᠯ᠎ᠦᠨ ᠳᠡᠭᠡᠳᠦ ᠵᠡᠷᠭᠡ᠎ᠶ᠋ᠢᠨ ᠭᠦᠢᠴᠡᠳᠭᠡᠭ᠌ᠴᠢ ᠶᠡᠷᠦᠩᠬᠡᠢ ᠵᠠᠬᠢᠷᠤᠯ ᠯᠢᠦ ᠴᠦᠨ ᠰᠢ᠂ ᠢᠯᠢ ᠪᠦᠯᠦᠭ᠌ᠯᠡᠯ᠎ᠦᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》 ᠠᠵᠢᠯ᠎ᠤᠨ ᠪᠠᠢᠷᠢᠯᠠᠭᠤᠯᠤᠯᠲᠠ ᠵᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠲᠣᠭᠠᠴᠢᠯᠠᠯᠳᠠ ᠤᠶᠤᠨᠴᠢᠯᠠᠯᠳᠠ ᠪᠣᠯᠤᠨ ᠭᠣᠣᠯᠯᠠᠭ᠍ᠤ ᠮᠡᠷᠭᠡᠵᠢᠯ᠎ᠦᠨ ᠲᠠᠯ᠎ᠠ ᠪᠡᠷ ᠱᠢᠪᠲᠤᠯᠤᠯᠳᠠ ᠭᠠᠷᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠢᠯᠡᠰ᠎ᠦᠨ ᠲᠡᠰ ᠳᠡᠪᠱᠢᠬᠦ᠌᠎ᠶ᠋ᠢ ᠬᠦᠳᠦᠯᠥᠨ ᠳᠠᠭᠠᠭᠤᠯᠬᠤ᠎ᠶ᠋ᠢ ᠠᠬᠢᠭᠤᠯᠤᠨ᠎ᠠ᠃ ᠨᠢᠭᠡ ᠲᠠᠯ᠎ᠠ᠎ᠪᠠᠷ᠂ ᠠᠽᠢᠶ᠎ᠠ ᠲᠢᠪ᠎ᠦᠨ ᠬᠠᠮᠤᠭ᠎ᠤᠨ ᠲᠣᠮᠣ ᠰᠠᠭᠠᠯᠢ᠎ᠶ᠋ᠢᠨ ᠦᠨᠢᠶᠡᠨ᠎ᠦ ᠡᠭᠦᠯᠳᠡᠷ ᠪᠣᠢᠵᠢᠭᠤᠯᠬᠤ ᠰᠠᠭᠤᠷᠢᠨ ᠤ᠋ ᠳᠠᠪᠠᠭᠤᠯᠢᠭ᠎ᠲᠤ ᠲᠦᠱᠢᠭ᠌ᠯᠡᠨ᠂ ᠡᠪᠡᠰᠦᠨ ᠦᠷ᠎ᠡ᠂ ᠦᠬᠡᠷ᠎ᠦᠨ ᠡᠭᠦᠯᠳᠡᠷ᠎ᠢ ᠪᠣᠢᠵᠢᠭᠤᠯᠬᠤ ᠵᠡᠷᠭᠡ ᠲᠠᠯ᠎ᠠ ᠪᠡᠷ᠎ᠪᠤᠭᠤᠮᠳᠠ ᠱᠢᠪᠲᠤᠯᠵᠤ᠂ ᠡᠭᠦᠯᠳᠡᠷ ᠎ᠤᠨ ᠢᠷᠡᠯᠳᠡ ᠎ᠶᠢᠨ《ᠪᠣᠭᠣᠮᠢ》᠎ᠶ᠋ᠢᠨ ᠬᠦᠴᠢᠷ ᠠᠰᠠᠭᠤᠳᠠᠯ᠎ᠢ ᠬᠦᠴᠦ᠍᠎ᠪᠡᠨ ᠲᠥᠪᠯᠡᠷᠡᠭᠦᠯᠦᠨ ᠱᠢᠶ᠋ᠳᠪᠦᠷᠢᠯᠡᠵᠦ᠍᠂ ᠭᠤᠤᠯᠯᠠᠭ᠍ᠴᠢ ᠦᠬᠡᠷ᠎ᠦᠨ ᠰᠦᠷᠦᠭ᠎ᠢ ᠪᠣᠢᠵᠢᠭᠤᠯᠵᠤ᠂ ᠰᠦ᠎ᠶᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠰᠠᠭᠤᠷᠢ᠎ᠶ᠋ᠢ ᠡᠬᠢ ᠡᠭᠦᠰᠦᠯ᠎ᠡᠴᠡ᠎ᠨᠢ ᠪᠡᠬᠢᠵᠢᠭᠦᠯᠦᠨ᠎ᠡ᠃ ᠨᠥᠭᠥᠭᠡ ᠲᠠᠯ᠎ᠠ᠎ᠪᠠᠷ᠂ ᠨᠠᠷᠢᠯᠢᠭ ᠡᠳ᠋ᠱᠢᠭᠦᠯᠬᠦ᠌ ᠲᠠᠯ᠎ᠠ ᠵᠢᠨ ᠮᠡᠷᠬᠡᠵᠢᠯ᠎ᠤᠨ ᠪᠣᠭᠣᠮᠢ᠎ᠶ᠋ᠢ ᠱᠢᠪᠲᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢ 《ᠰᠢᠷᠭᠡᠭ ᠡᠪᠡᠰᠦ᠎ᠡᠴᠡ ᠴᠣᠮᠣ ᠰᠦ ᠬᠦᠷᠲᠡᠯ᠎ᠡ ᠳᠠᠬᠢᠨ ᠬᠡᠰᠡᠭ ᠪᠢᠱᠢᠯᠠᠭ ᠬᠦᠷᠲᠡᠯ᠎ᠡ》 ᠤᠷᠲᠤᠳᠭᠠᠬᠤ᠎ᠶ᠋ᠢ ᠠᠬᠢᠭᠤᠯᠵᠤ᠂ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠨᠡᠮᠡᠯᠲᠡ ᠥᠷᠲᠡᠭ᠎ᠢ ᠳᠡᠭᠡᠭ᠌ᠰᠢᠯᠡᠭᠦᠯᠵᠦ᠍᠂ ᠵᠠᠬ᠎ᠠ ᠳᠡᠯᠭᠡᠭᠦᠷ᠎ᠦᠨ ᠱᠢᠨ᠎ᠡ ᠨᠡᠮᠡᠭ᠌ᠳᠡᠯ ᠎ᠦᠨ ᠴᠡᠭ ᠎ᠢ ᠪᠣᠢᠵᠢᠭᠤᠯᠤᠨ᠎ᠠ᠃ ᠢᠯᠢ ᠪᠦᠯᠦᠭ᠌ᠯᠡᠯ ᠪᠣᠳᠠᠲᠤ ᠠᠵᠢᠯᠯᠠᠭ᠎ᠠ᠎ᠪᠠᠷ᠎ᠢᠶᠠᠨ ᠬᠡᠯᠬᠢᠶ᠎ᠡ᠎ᠶ᠋ᠢᠨ ᠭᠤᠤᠯ ᠪᠤᠯᠬᠤ ᠠᠵᠤ ᠠᠬᠤᠢᠯᠠᠯ᠎ᠤᠨ ᠡᠭᠦᠷᠭᠡᠯᠡᠯ᠎ᠢ ᠦᠶ᠋ᠯᠡᠳᠦᠯᠭᠡᠵᠢᠭᠦᠯᠵᠦ᠍᠂ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠳᠠᠢᠴᠢᠯᠠᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠪᠡ᠃

ᠠᠵᠢᠯᠰᠠᠭ ᠬᠥᠮᠦᠨ᠎ᠳᠦ ᠬᠠᠪᠤᠷ ᠡᠷᠲᠡ ᠢᠷᠡᠳᠡᠭ᠂ ᠡᠷᠡᠮᠡᠬᠡᠢᠯᠡᠨ ᠲᠡᠮᠡᠴᠡᠬᠦ ᠴᠠᠭ ᠪᠤᠯᠤᠯ᠎ᠠ᠃ ᠪᠦᠬᠦ᠌ ᠣᠷᠣᠨ ᠳᠠᠶᠠᠭᠠᠷ ᠢᠲᠡᠭᠡᠯ ᠵᠣᠷᠢᠭ᠎ᠢᠶᠠᠨ ᠪᠠᠲᠤᠳᠭᠠᠨ ᠡᠷᠡᠯᠭᠡᠭᠯᠡᠨ ᠤᠷᠤᠬᠰᠢᠯᠠᠵᠤ᠂ ᠴᠠᠭ ᠮᠥᠴᠡ ᠲᠡᠶ ᠤᠷᠤᠯᠳᠤᠨ ᠴᠢᠨᠠᠷ ᠰᠠᠢᠲᠠᠢ ᠬᠥᠭ᠌ᠵᠢᠯᠲᠡ᠎ᠶ᠋ᠢᠨ《ᠪᠠᠷᠢᠯᠭ᠎ᠠ᠎ᠶ᠋ᠢᠨ ᠵᠢᠷᠤᠭ》 ᠎ᠢ᠋ 《ᠪᠣᠳᠠᠲᠤ ᠦᠵᠡᠮᠵᠢ ᠵᠢᠨ ᠵᠢᠷᠤᠭ》 ᠪᠣᠯᠭᠠᠨ ᠬᠤᠪᠢᠷᠠᠭᠤᠯᠵᠤ᠂《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠬᠥᠭ᠌ᠵᠢᠯᠲᠡ᠎ᠶ᠋ᠢᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠬᠦᠯᠬᠦ ᠪᠡᠷ ᠴᠢᠷᠮᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号