ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠨᠠᠮ᠎ᠤᠨ ᠲᠡᠦᠬᠡ ᠪᠠ ᠲᠤᠯᠭᠤᠷ ᠪᠢᠴᠢᠭ ᠦᠨ ᠰᠤᠳᠤᠯᠭᠠᠨ ᠤ ᠬᠦᠷᠢᠶᠡᠯᠡᠩ᠎ᠡᠴᠡ ᠨᠠᠢᠷᠠᠭᠤᠯᠤᠭ᠍ᠰᠠᠨ《ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠥᠭᠦᠯᠡᠯᠲᠡ᠎ᠶ᠋ᠢᠨ ᠲᠡᠭᠦᠪᠦᠷᠢ 》 ᠵᠢ ᠣᠢᠷ᠎ᠠ᠎ᠳᠤ ᠲᠥᠪ᠎ᠦᠨ ᠲᠤᠯᠭᠤᠷ ᠪᠢᠴᠢᠭ ᠦᠨ ᠬᠡᠪᠯᠡᠯ ᠦᠨ ᠬᠣᠷᠢᠶ᠎ᠠ᠎ᠡᠴᠡ ᠬᠡᠪᠯᠡᠭᠦᠯᠵᠦ᠍᠂ ᠪᠥᠬᠥ᠌ ᠤᠯᠤᠰ᠎ᠲᠤ ᠲᠠᠷᠬᠠᠭᠠᠪᠠ᠃
ᠡᠪ ᠬᠠᠮᠲᠤᠴᠤᠳ ᠠᠵᠢᠯ ᠦᠢᠯᠡᠰ ᠬᠢᠵᠤ᠂ ᠵᠠᠰᠠᠭ᠎ᠤᠨ ᠠᠵᠢᠯ᠎ᠤᠨ ᠪᠦᠲᠦᠮᠵᠢ ᠵᠢ ᠡᠬᠦᠳᠴᠤ ᠪᠠᠢᠭ᠎ᠠ ᠨᠢ ᠠᠷᠠᠳ ᠲᠦᠮᠡᠨ᠎ᠳᠦ ᠪᠤᠶᠠᠨ ᠦᠢᠯᠡᠳᠬᠦ᠌ ᠶ᠋ᠢᠨ ᠲᠥᠯᠥᠭᠡ ᠶᠤᠮ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠠᠰᠠᠭᠤᠳᠠᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠪᠡ᠃ ᠰᠢ ᠵᠢᠨ ᠫᠢᠩ ᠨᠥᠬᠥᠷ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢᠨ ᠲᠣᠭᠣᠷᠢᠨ᠎ᠳᠤ ᠠᠯᠢ ᠤᠯᠠᠨ ᠴᠢᠬᠤᠯᠠ ᠥᠭᠦᠯᠡᠯᠲᠡ ᠨᠡᠢᠲᠡᠯᠡᠵᠦ᠂ ᠡᠳᠡᠬᠡᠷ ᠦᠬᠦᠯᠡᠯᠳᠡ ᠨᠢ ᠠᠯᠤᠰ ᠭᠡᠳᠦ᠍᠎ᠶ᠋ᠢᠨ ᠰᠠᠨᠠᠭ᠎ᠠ ᠠᠬᠤᠢ ᠲᠠᠢ᠂ ᠡᠯᠪᠡᠭ ᠪᠠᠶᠠᠯᠢᠭ ᠠᠭᠤᠯᠤᠭ᠍ᠳᠠᠬᠤᠨ ᠲᠠᠢ᠂ ᠭᠦᠨ ᠭᠦᠨᠵᠡᠭᠡᠢ ᠦᠵᠡᠯ ᠰᠠᠨᠠᠭ᠎ᠠ ᠲᠠᠢ ᠪᠠᠢᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ᠂ ᠺᠠᠳ᠋ᠷᠴᠤᠳ ᠢ ᠰᠤᠷᠭᠠᠨ ᠬᠥᠮᠦᠵᠢᠭᠦᠯᠦᠨ ᠬᠥᠲᠥᠯᠥᠨ ᠵᠢᠯᠣᠭᠣᠳᠴᠤ 《ᠬᠣᠶᠠᠷ ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠤ᠂ ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ ᠲᠦᠮᠡᠨ᠎ᠳᠦ ᠪᠤᠶᠠᠨ ᠦᠶ᠋ᠯᠡᠳᠴᠤ᠂ ᠱᠢᠨᠵᠢᠯᠡᠬᠦ᠌ ᠤᠬᠠᠭᠠᠨᠴᠢ ᠪᠡᠷ ᠱᠢᠶ᠋ᠳᠪᠦᠷᠢᠲᠦ ᠪᠤᠳᠤᠯᠭ᠎ᠠ ᠲᠤᠭᠲᠠᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠨᠠᠮ ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶ᠋ᠢ ᠨᠠᠩ ᠡᠷᠡᠰ ᠬᠦᠴᠦᠲᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠶ᠋ᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠵᠢ ᠲᠠᠭᠠᠭᠠᠵᠤ ᠳᠡᠢᠯᠬᠦ ᠪᠣᠳᠠᠲᠤ ᠠᠮᠵᠢᠯᠲᠠ᠎ᠵᠢ ᠴᠢᠷᠮᠠᠢᠨ ᠡᠭᠦᠳᠴᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠦᠭᠡᠶ ᠨᠡᠬᠡᠬᠡᠬᠦ ᠳ᠋ᠤ ᠮᠠᠰᠢ ᠴᠢᠬᠤᠯᠠ ᠠᠴᠢ ᠬᠣᠯᠪᠣᠭ᠍ᠳᠠᠯ᠎ᠲᠠᠶ ᠶᠤᠮ᠃
《ᠥᠭᠦᠯᠡᠯᠲᠡ᠎ᠶ᠋ᠢᠨ ᠲᠡᠭᠦᠪᠦᠷᠢ》 ᠶ᠋ᠢ 7 ᠲᠤᠰᠭᠠᠢ ᠰᠡᠳᠦᠪ ᠬᠤᠪᠢᠶᠠᠵᠤ᠂ ᠨᠡᠢ᠌ᠲᠡ 253 ᠬᠡᠰᠡᠭ ᠥᠭᠦᠯᠡᠯᠲᠡ ᠪᠠᠢᠵᠤ᠂ ᠰᠢ ᠵᠢᠨ ᠫᠢᠩ ᠨᠥᠬᠥᠷ᠎ᠦᠨ 2012 ᠣᠨ᠎ᠤ 11 ᠰᠠᠷ᠎ᠠ᠎ᠡᠴᠡ 2026 ᠣᠨ᠎ᠤ 1 ᠰᠠᠷ᠎ᠠ ᠪᠣᠯᠲᠠᠯᠠᠬᠢ ᠬᠤᠭᠤᠴᠠᠭᠠᠨ᠎ᠳ᠋ᠡᠬᠢ ᠢᠯᠡᠳᠬᠡᠯ᠂ ᠶᠠᠷᠢᠶ᠎ᠠ᠂ ᠬᠠᠷᠢᠭᠤ ᠵᠠᠬᠢᠳᠠᠯ᠂ ᠵᠢᠭᠠᠪᠤᠷᠢ᠂ ᠴᠣᠬᠣᠯᠠᠪᠤᠷᠢ ᠵᠡᠷᠭᠡ 150 ᠭᠠᠷᠤᠢ ᠴᠢᠬᠤᠯᠠ ᠲᠤᠯᠭᠤᠷ ᠪᠢᠴᠢᠭ᠎ᠡᠴᠡ ᠰᠣᠩᠭᠣᠨ ᠠᠪᠤᠪᠠ᠃ ᠡᠭᠦᠨ᠎ᠳᠦ ᠬᠡᠰᠡᠭ ᠥᠭᠦᠯᠡᠯᠲᠡ᠎ᠶ᠋ᠢ ᠨᠢ ᠠᠩᠬ᠎ᠠ ᠤᠳᠠᠭ᠎ᠠ ᠢᠯᠡ᠎ᠪᠡᠷ ᠨᠡᠢᠲᠡᠯᠡᠵᠦ᠍ ᠪᠠᠢᠨ᠎ᠠ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 2 ᠰᠠᠷ᠎ᠠ᠎ᠶ᠋ᠢᠨ 24 ᠤ᠋ ᠴᠠᠬᠢᠯᠭᠠᠨ ᠮᠡᠳᠡᠭᠡ)