ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠠᠷᠢᠭᠤᠴᠠᠯᠭᠠᠲᠤ ᠰᠡᠳᠭᠢᠯᠭᠡ᠎ᠲᠤᠯᠭᠠᠮ ᠰᠡᠳᠬᠢᠯᠭᠡ ᠪᠠᠨ ᠴᠢᠨᠭᠭᠠᠳᠬᠠᠰᠤᠭᠠᠢ
2026-02-25 10:05:32
ᠵᠣᠬᠢᠶᠠᠭ᠍ᠴᠢ᠄
ᠲᠤᠰ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

ᠪᠥᠬᠥ᠌ ᠣᠷᠣᠨ ᠎ᠤ  ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠬᠤ ᠶᠡᠬᠡ ᠬᠤᠷᠠᠯ ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠶ ᠨᠢᠭᠡᠨᠲᠡ ᠥᠭᠦᠯᠡᠬᠦ᠌ ᠨᠢ


ᠠᠵᠢᠯᠴᠢ ᠬᠦᠮᠦᠨ᠎ᠤ ᠬᠠᠪᠤᠷ ᠡᠷᠳᠡ ᠡᠬᠢᠯᠡᠨ᠎ᠡ ᠬᠡᠳᠡᠭ ᠵᠢᠨᠷ᠂ ᠰᠢᠷᠭᠠᠭᠤ ᠠᠵᠢᠯᠯᠠᠵᠤ ᠴᠢᠷᠮᠠᠢᠨ ᠲᠡᠮᠡᠴᠡᠬᠦ ᠴᠠᠭ ᠪᠤᠯᠤᠯ᠎ᠠ᠃ 2 ᠰᠠᠷ᠎ᠠ᠎ᠶ᠋ᠢᠨ 24 ᠎ᠤ᠋ ᠡᠳᠦᠷ᠂ ᠪᠢᠯᠢᠭ᠎ᠦᠨ ᠤᠯᠠᠷᠢᠯ᠎ᠤᠨ ᠮᠣᠷᠢᠨ ᠵᠢᠯ᠎ᠦᠨ ᠴᠠᠭᠠᠨ ᠰᠠᠷ᠎ᠠ᠎ᠶ᠋ᠢᠨ ᠠᠮᠠᠷᠠᠯᠳᠠ ᠵᠢᠨ ᠳᠠᠷᠠᠭᠠᠬᠢ ᠠᠩᠬᠠᠨ᠎ᠤ ᠠᠵᠢᠯᠯᠠᠬᠤ ᠡᠳᠦᠷ᠂ ᠥᠪᠥᠷ ᠮᠣᠩᠭᠣᠯ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ᠎ᠢ ᠬᠤᠷᠠᠯᠳᠤᠭᠤᠯᠵᠤ᠂ 《ᠴᠠᠭᠠᠨ ᠰᠠᠷ᠎ᠠ ᠵᠢᠨ ᠠᠩᠬᠠᠨ᠎ᠤ ᠬᠤᠷᠠᠯ 》 ᠵᠢᠡᠷ ᠡᠬᠢᠯᠡᠯᠲᠡ᠎ᠶ᠋ᠢᠨ ᠴᠡᠭ ᠪᠣᠯᠭᠠᠨ ᠡᠷᠡᠮᠡᠬᠡᠢᠯᠡᠨ ᠤᠷᠤᠭ᠍ᠰᠢᠯᠠᠬᠤ ᠪᠦᠷᠢᠶ᠎ᠡ᠎ᠶ᠋ᠢ ᠬᠠᠩᠭᠢᠨᠠᠭᠤᠯᠵᠤ᠂ ᠤᠷᠤᠨ ᠲᠠᠶᠠᠭᠠᠷ᠎ᠤᠨ ᠴᠢᠨᠠᠷ ᠰᠠᠢᠲᠠᠶ ᠬᠥᠭ᠌ᠵᠢᠯᠲᠡ ᠵᠢ ᠡᠷᠡᠰ ᠭᠤᠢᠪᠢᠰᠢ ᠥᠬᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571 》 ᠠᠵᠢᠯ ᠎ᠤᠨ ᠪᠠᠢᠷᠢᠯᠠᠭᠤᠯᠤᠯᠲᠠ ᠶᠣᠰᠣᠭᠠᠷ᠂ ᠪᠣᠳᠠᠲᠠᠶ ᠠᠵᠢᠯᠯᠠᠨ ᠱᠢᠨ᠎ᠡ ᠪᠠᠢᠳᠠᠯ ᠎ᠢ ᠨᠡᠭᠡᠭᠡᠵᠦ᠍᠂ ᠱᠢᠨ᠎ᠡ ᠠᠶᠠᠨ᠎ᠢᠶᠠᠨ ᠴᠢᠷᠮᠠᠢᠨ ᠡᠬᠢᠯᠡᠭᠦᠯᠬᠦ ᠵᠢ ᠲᠠᠢᠴᠢᠯᠠᠪᠠ᠃

ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ᠂ ᠱᠢᠨ᠎ᠡ ᠴᠠᠭ ᠦᠶ᠎ᠡ᠎ᠶ᠋ᠢᠨ ᠬᠠᠲᠠᠭᠤ ᠶᠣᠰᠣ ᠮᠥᠨ᠃ ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠡᠴᠡ 《 ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠦᠷᠭᠦᠯᠵᠢᠯᠡᠨ ᠭᠤᠤᠯ ᠰᠡᠳᠦᠪ ᠪᠣᠯᠭᠠᠬᠤ ᠪᠦᠭᠡᠳ 《ᠴᠢᠨᠠᠷ ᠰᠠᠢᠲᠠᠶ ᠬᠥᠭ᠌ᠵᠢᠯᠲᠡ᠎ᠶ᠋ᠢ ᠪᠠᠷᠢᠮᠲᠠᠯᠠᠬᠤ》 ᠶ᠋ᠢ ᠡᠷᠬᠡᠪᠰᠢ ᠵᠢᠷᠤᠮᠯᠠᠬᠤ ᠵᠢᠷᠭᠤᠭᠠᠨ ᠵᠠᠷᠴᠢᠮ᠎ᠤᠨ ᠨᠢᠭᠡ ᠪᠣᠯᠭᠠᠵᠤ᠂ 《 ᠴᠢᠨᠠᠷ ᠰᠠᠢᠲᠠᠶ ᠬᠥᠭ᠌ᠵᠢᠯᠲᠡ᠎ᠶ᠋ᠢᠨ ᠢᠯᠡᠳᠲᠡ ᠦᠷ᠎ᠡ ᠪᠦᠲᠦᠮᠵᠢ ᠤᠯᠬᠤ 》 ᠶ᠋ᠢ ᠲᠤᠯᠤᠭᠠᠨ ᠵᠦᠶ᠋ᠯ ᠎ᠦᠨ ᠭᠤᠤᠯ ᠬᠠᠷᠠᠯᠲᠠ᠎ᠶ᠋ᠢᠨ ᠲᠡᠷᠢᠭᠦᠨ᠎ᠬᠠᠷᠠᠯᠳᠠ ᠪᠤᠯᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠪᠥᠲᠥᠭᠡᠨ ᠪᠠᠢᠭᠤᠯᠤᠯᠲᠠ᠎ᠶ᠋ᠢᠨ ᠪᠥᠬᠥ᠌ ᠲᠠᠯ᠎ᠠ᠎ᠳᠠᠬᠢ ᠴᠢᠨᠠᠷ ᠰᠠᠢᠲᠠᠶ ᠬᠥᠭ᠌ᠵᠢᠯᠲᠡ ᠎ᠶ᠋ᠢᠨ ᠴᠢᠬᠤᠯᠠ ᠪᠠᠢᠷᠢ ᠰᠠᠭᠤᠷᠢ᠎ᠶ᠋ᠢ ᠤᠯᠠᠮ ᠨᠢᠭᠡ ᠠᠯᠬᠤᠮ ᠳᠣᠪᠣᠢᠯᠭᠠᠪᠠ᠃ ᠱᠢᠨ᠎ᠡ ᠵᠢᠯ ᠳ᠋ᠡᠭᠡᠨ ᠱᠢᠨ᠎ᠡ ᠳᠦᠷᠰᠦ ᠪᠠᠢᠳᠠᠯ ᠎ᠢ ᠢᠯᠡᠷᠡᠬᠦᠯᠵᠤ᠂ ᠱᠢᠨ᠎ᠡ ᠵᠢᠯ ᠳ᠋ᠡᠭᠡᠨ ᠱᠢᠨ᠎ᠡ ᠠᠶᠠᠨ᠎ᠵᠢᠡᠨ ᠡᠬᠢᠯᠡᠬᠦᠯᠬᠦ ᠳ᠋ᠤ᠂ ᠪᠦᠬᠦ᠌ ᠣᠷᠣᠨ ᠎ᠤ ᠡᠯ᠎ᠡ ᠱᠠᠲᠤᠨ ᠎ᠤ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠲᠤᠬᠠᠢ ᠴᠢᠬᠤᠯᠠ ᠥᠭᠦᠯᠡᠯᠲᠡ ᠪᠣᠯᠤᠨ ᠨᠠᠮ ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠬᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠠᠷᠢᠭᠤᠴᠠᠯᠭᠠᠲᠤ ᠰᠡᠳᠭᠢᠯᠭᠡ ᠲᠤᠯᠭᠠᠮ ᠰᠡᠳᠬᠢᠯᠭᠡ ᠪᠡᠨ ᠴᠢᠩᠭᠠᠳᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ  《 ᠬᠣᠶᠠᠷ᠎ᠢ ᠲᠣᠭ᠍ᠲᠠᠭᠠᠬᠰᠡᠨ 》 ᠢ᠋ ᠡᠷᠡᠰ ᠬᠦᠷᠢᠶᠡᠯᠡᠵᠦ᠍᠂ 《 ᠬᠣᠶᠠᠷ ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ᠃

《ᠠᠷᠪᠡᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠵᠤ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠤᠯᠤᠨ᠎ᠠ᠂ ᠡᠷᠬᠡᠪᠰᠢ ᠪᠣᠳᠠᠲᠤ ᠪᠠᠢᠳᠠᠯ ᠎ᠲᠠᠶ ᠎ᠪᠠᠨ ᠤᠶᠠᠯᠳᠤᠭᠤᠯᠤᠨ ᠳᠠᠪᠠᠭᠤᠯᠢᠭ᠎ᠢᠶᠠᠨ ᠪᠠᠳᠠᠷᠠᠭᠤᠯᠬᠤ᠂ ᠳᠤᠲᠠᠭᠤᠳᠠᠯ ᠎ᠢᠶᠠᠨ ᠨᠥᠬᠥᠪᠥᠷᠢᠯᠡᠬᠦ᠂ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠬᠦ᠌ ᠬᠦᠴᠦᠯᠡᠬᠦ᠌ ᠴᠡᠭ᠎ᠢ ᠣᠨᠣᠪᠴᠢᠲᠠᠶ ᠣᠯᠵᠤ᠂ ᠬᠥᠭ᠌ᠵᠢᠯᠲᠡ᠎ᠶ᠋ᠢ ᠲᠠᠰᠤᠷᠠᠯᠲᠠ ᠤᠢ᠍ᠭᠡᠢ ᠱᠢᠨ᠎ᠡ ᠱᠢᠯᠢᠳᠡᠭ ᠲᠡᠢᠰᠢ᠂ ᠦᠭᠡᠳᠡᠯᠡᠨ ᠰᠠᠢᠵᠢᠷᠠᠬᠤ ᠲᠡᠢᠰᠢ ᠠᠬᠢᠭᠤᠯᠬᠤ ᠬᠡᠷᠡᠭ᠌ᠲᠡᠶ᠃ ᠥᠪᠥᠷ ᠮᠣᠩᠭᠣᠯ᠎ᠳᠤ ᠠᠪᠴᠤ᠌ ᠬᠡᠯᠡᠪᠡᠯ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠠᠮᠤᠭ᠎ᠤᠨ ᠴᠢᠬᠤᠯᠠ᠎ᠨᠢ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ ᠎ᠤᠨ  ᠬᠣᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠬᠥᠭ᠌ᠵᠢᠯᠲᠡ᠎ᠶ᠋ᠢ ᠠᠬᠢᠭᠤᠯᠬᠤ ᠪᠥᠬᠥ᠌ ᠶᠠᠪᠤᠴᠠ᠎ᠶ᠋ᠢᠨ ᠡᠯ᠎ᠡ ᠲᠠᠯ᠎ᠠ᠎ᠳᠤ ᠢᠯᠡᠷᠡᠭᠦᠯᠵᠦ᠍᠂《ᠬᠣᠶᠠᠷ ᠬᠠᠯᠬᠠᠪᠴᠢ》᠂《ᠬᠣᠶᠠᠷ ᠰᠠᠭᠤᠷᠢᠨ》᠂《ᠨᠢᠭᠡ ᠪᠡᠬᠢᠯᠡᠯᠲᠡ》ᠶ᠋ᠢ ᠪᠥᠲᠥᠭᠡᠨ ᠪᠠᠢᠭᠤᠯᠬᠤ᠎ᠶ᠋ᠢ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠦᠴᠦᠯᠡᠬᠦ ᠴᠡᠭ᠎ᠤᠨ ᠭᠤᠤᠯᠳᠠᠯᠭ᠎ᠠ ᠪᠣᠯᠭᠠᠵᠤ᠂ ᠥᠪᠥᠷ ᠮᠣᠩᠭᠣᠯ᠎ᠤᠨ ᠣᠨᠴᠠᠯᠢᠭ ᠪᠠ ᠳᠠᠪᠠᠭᠤᠯᠢᠭ ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ ᠎ᠦᠨ ᠱᠢᠰᠲ᠋ᠧᠮ ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠭᠠᠵᠠᠷ ᠣᠷᠣᠨ ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠲᠡᠶ ᠭᠦᠨᠵᠡᠭᠡᠶ ᠵᠣᠯᠭᠠᠭᠤᠯᠵᠤ᠂ ᠥᠨᠳᠥᠷ ᠲᠦᠪᠱᠢᠨ ᠪᠥᠬᠥᠶ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ ᠶ᠋ᠢᠨ ᠪᠠᠢᠭᠤᠯᠤᠯ᠎ᠢ ᠪᠠᠢᠭᠤᠯᠵᠤ᠂ ᠣᠷᠣᠨ ᠪᠦᠰᠡ᠎ᠶ᠋ᠢᠨ ᠠᠵᠤ ᠠᠬᠤᠶ ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠨᠡᠢᠭᠡᠮ ᠵᠢᠷᠤᠮ ᠎ᠤᠨ ᠰᠣᠶᠣᠯ ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠬᠢᠵᠦ᠍᠂ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂  ᠪᠥᠬᠥ᠌ ᠬᠦᠴᠦᠨ᠎ᠢᠶᠡᠷ᠎ᠢᠶᠡᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠦᠭ᠎ᠠ ᠲᠥᠰᠦᠪ᠎ᠢ ᠰᠠᠢᠨ ᠰᠠᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠬᠤ ᠭᠡᠷᠡᠭᠳᠠᠢ᠃

ᠪᠣᠳᠠᠲᠠᠢ᠎ᠪᠠᠷ ᠤᠬᠠᠭᠠᠯᠠᠨ ᠲᠥᠯᠥᠪᠯᠡᠵᠦ᠂ ᠪᠣᠳᠠᠲᠠᠢ᠎ᠪᠠᠷ ᠠᠵᠢᠯᠯᠠᠪᠠᠯ ᠰᠠᠶᠢ ᠪᠣᠳᠠᠲᠤ ᠠᠮᠵᠢᠯᠲᠠ ᠪᠦᠳᠦᠮᠵᠢ ᠵᠢ ᠡᠬᠦᠳᠴᠤ ᠴᠢᠳᠠᠨ᠎ᠠ᠃ 《ᠴᠠᠭᠠᠨ ᠰᠠᠷ᠎ᠠ᠎ᠶ᠋ᠢᠨ ᠠᠨᠭᠬᠠᠨ᠎ᠤ ᠬᠤᠷᠠᠯ》 ᠎ᠤ᠋ᠨ ᠠᠴᠢ ᠬᠣᠯᠪᠣᠭ᠍ᠳᠠᠯ ᠨᠢ ᠰᠡᠳᠭᠢᠯ ᠰᠠᠨᠠᠭ᠎ᠠ᠎ᠪᠠᠨ ᠲᠥᠪᠯᠡᠷᠡᠭᠦᠯᠦᠨ᠂ ᠪᠠᠢᠷᠢᠯᠠᠭᠤᠯᠤᠯᠲᠠ᠎ᠶ᠋ᠢ ᠰᠠᠢᠲᠤᠷ ᠠᠳᠭᠤᠬᠤ᠎ᠳᠤ ᠪᠠᠢᠬᠤ᠎ᠪᠠᠷ ᠪᠠᠷᠠᠬᠤ ᠥᠬᠡᠶ ᠨᠠᠩ ᠴᠤ᠌ ᠡᠯ᠎ᠡ ᠵᠦᠶ᠋ᠯ᠎ᠦᠨ ᠠᠵᠢᠯ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ᠎ᠳᠤ ᠪᠤᠢ᠃ ᠡᠯ᠎ᠡ ᠱᠠᠲᠤ ᠡᠯ᠎ᠡ ᠭᠠᠵᠠᠷ ᠎ᠤᠨ᠎ᠬᠢᠨ ᠱᠢᠨ᠎ᠡ ᠵᠢᠯ ᠡᠬᠢᠯᠡᠮᠡᠭ᠌ᠴᠡ ᠱᠢᠪᠲᠤᠯᠤᠯᠲᠠ ᠬᠢᠬᠦ᠌ ᠣᠪᠣᠷ ᠪᠠᠢᠳᠠᠯ᠎ᠢᠶᠠᠷ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠪᠥᠬᠥ᠌ ᠲᠠᠯ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠦᠨ ᠬᠦᠴᠦ᠍᠎ᠪᠡᠨ ᠨᠢᠬᠳᠠᠷᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠰᠡᠳᠭᠢᠮᠵᠢ᠎ᠪᠡᠨ ᠪᠣᠳᠠᠲᠠᠶ ᠲᠥᠰᠦᠯ᠎ ᠲᠤᠮᠳᠠ ᠨᠠᠷᠢᠯᠢᠭ᠍ᠵᠢᠭᠤᠯᠵᠤ᠂ ᠪᠣᠳᠠᠲᠤ ᠠᠵᠢᠯᠯᠠᠭ᠎ᠠ᠎ᠲᠡᠬᠡᠷ᠎ᠡ ᠪᠠᠨ ᠨᠠᠢᠳᠠᠪᠤᠷᠢᠵᠢᠭᠤᠯᠵᠤ᠂ ᠪᠣᠳᠠᠲᠠᠶ ᠠᠵᠢᠯᠯᠠᠵᠤ  ᠪᠠᠲᠤᠲᠠᠶ ᠬᠢᠬᠦ ᠪᠡᠷ ᠡᠬᠢᠯᠡᠯᠲᠡ᠎ᠶ᠋ᠢᠨ ᠦᠶ᠎ᠠ ᠵᠢᠨ ᠰᠦᠷ ᠪᠠᠢᠳᠠᠯ᠎ᠢ ᠪᠠᠢᠩᠭᠤ ᠵᠢᠨ ᠪᠠᠢᠳᠠᠯ᠂ ᠢᠯᠠᠯᠳᠠ ᠵᠢᠨ ᠪᠠᠢᠳᠠᠯ ᠪᠣᠯᠭᠠᠨ ᠬᠤᠪᠢᠷᠠᠭᠤᠯᠬᠤ ᠬᠡᠷᠡᠭ᠌ᠲᠡᠶ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ《ᠠᠮᠵᠢᠯᠲᠠ ᠠᠨᠤ ᠭᠠᠭ᠍ᠴᠠ ᠮᠢᠨᠦ᠍ ᠭᠠᠪᠢᠶ᠎ᠠ ᠪᠤᠰᠤ》ᠪᠠᠢᠳᠠᠯ ᠪᠣᠯᠤᠨ《ᠠᠮᠵᠢᠯᠲᠠ ᠭᠠᠷᠭᠠᠬᠤ᠎ᠳᠤ ᠪᠢ ᠯᠠᠪᠲᠠᠢ  ᠪᠠᠢᠬᠤ》ᠡᠭᠦᠷᠭᠡᠯᠡᠯ᠎ᠢᠶᠡᠷ᠂ ᠡᠷᠴᠢ ᠵᠤᠷᠢᠭ᠎ᠢᠶᠡᠨ ᠴᠢᠩᠭᠠᠯᠠᠵᠤ᠂ ᠪᠦᠬᠦ᠌ ᠬᠦᠴᠦᠨ᠎ᠢᠶᠡᠨ ᠰᠢᠪᠬᠠᠵᠤ᠂ ᠪᠦᠬᠦ᠌ ᠪᠤᠳᠤᠯ ᠰᠠᠨᠠᠭ᠎ᠠ ᠪᠣᠯᠤᠨ ᠤᠶᠤᠨ ᠴᠢᠳᠠᠯ᠎ᠢᠶᠠᠨ ᠠᠵᠢᠯ ᠦᠢᠯᠡᠰ ᠬᠢᠬᠦ᠌᠂ ᠬᠥᠭ᠌ᠵᠢᠯᠲᠡ ᠎ᠶ᠋ᠢ ᠡᠷᠢᠯᠬᠢᠯᠡᠬᠦ᠌᠂ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠳᠡᠭᠡᠷ᠎ᠡ ᠨᠢᠭ᠍ᠲᠠᠷᠠᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠨᠢᠭᠡ ᠨᠢᠭᠡ ᠠᠯᠬᠤᠮ᠎ᠢᠶᠡᠷ ᠯᠠᠪᠳᠠᠭᠤᠨ ᠪᠠᠳᠤᠳᠠᠢ ᠬᠢᠵᠤ᠂ ᠬᠢᠪᠡᠰᠦ ᠵᠣᠬᠢᠬᠤ᠂ ᠬᠢᠵᠦ᠍ ᠳᠡᠢᠯᠬᠦ᠌᠂ ᠡᠷᠬᠡᠪᠰᠢ ᠬᠢᠬᠦ᠌ ᠴᠢᠬᠤᠯᠠᠲᠠᠢ ᠶᠠᠪᠤᠳᠠᠯ᠎ᠢ ᠪᠦᠬᠦᠨ᠎ᠢ ᠪᠣᠳᠠᠲᠠᠢ ᠠᠳᠭᠤᠵᠤ ᠰᠠᠢᠲᠤᠷ ᠬᠢᠬᠦ᠌ ᠬᠡᠷᠡᠭ᠌ᠲᠡᠢ᠃

ᠥᠭᠡᠳᠡᠯᠡᠨ ᠳᠠᠪᠱᠢᠵᠤ ᠴᠠᠭ ᠮᠥᠴᠡ᠎ᠲᠡᠶ ᠤᠷᠤᠯᠳᠤᠨ ᠲᠠᠮᠠᠴᠠᠪᠠᠯ ᠰᠠᠶᠢ ᠴᠠᠭ ᠦᠶ᠎ᠡ᠎ᠳᠤ ᠤᠰᠤᠯᠳᠠᠬᠤ᠌ ᠦᠭᠡᠢ᠃ ᠮᠠᠱᠢᠨ ᠮᠸᠬᠠᠨᠢᠭ ᠬᠦᠷᠴᠢᠭᠢᠨᠡᠨ᠂ ᠲᠡᠷᠭᠡ ᠬᠥᠰᠭᠡ ᠰᠦᠯᠵᠢᠯᠳᠦᠨ᠂ ᠭᠠᠩᠨᠠᠭᠤᠷ᠎ᠤᠨ ᠤᠴᠢ ᠬᠢᠯᠠᠯᠵᠠᠨ ᠦᠰᠦᠷᠬᠢᠯᠡᠨ᠎ᠡ ᠁ ᠬᠠᠪᠤᠷ᠎ᠤᠨ ᠡᠬᠢᠨ᠎ᠦ ᠥᠪᠥᠷ ᠮᠣᠩᠭᠣᠯ᠎ᠤᠨ ᠡᠬᠡ ᠭᠠᠵᠠᠷ᠎ᠲᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠠᠯᠬᠤᠭ᠎ᠠ ᠢᠳᠡᠷᠡᠬᠦᠨ ᠪᠦᠬᠡᠳ ᠬᠦᠴᠦᠲᠡᠢ᠃ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠪᠡᠷ ᠡᠷᠡᠮᠡᠬᠡᠢᠯᠡᠨ ᠲᠡᠮᠡᠴᠡᠵᠤ ᠵᠤᠷᠢᠬᠳᠠᠢ ᠠᠵᠢᠯᠯᠠᠨ᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠰᠠᠯᠬᠢ ᠪᠣᠷᠣᠭᠠᠨ ᠡᠴᠡ ᠠᠶᠤᠬᠤ ᠦᠬᠡᠢ ᠬᠠᠳᠠᠨ ᠪᠠᠳᠤ ᠵᠣᠷᠢᠭ᠎ᠢᠶᠠᠷ ᠴᠢᠨᠠᠷ ᠰᠠᠢᠲᠠᠢ ᠬᠥᠭ᠌ᠵᠢᠯᠲᠡ᠎ᠶ᠋ᠢᠨ《ᠬᠥᠳᠡᠯᠭᠡᠬᠦ᠌ ᠬᠦᠴᠦᠨ》᠎ᠢ᠋ ᠬᠤᠷᠠᠮᠳᠤᠭᠤᠯᠵᠤ᠂ ᠥᠷᠯᠥᠭᠡ ᠦᠳᠡᠰᠢ᠎ᠶ᠋ᠢ ᠲᠡᠮᠡᠴᠡᠬᠦ᠌ ᠡᠷᠴᠢ ᠵᠣᠷᠢᠭ᠎ᠢᠶᠠᠷ ᠴᠢᠨᠠᠷ ᠰᠠᠢᠲᠠᠢ ᠬᠥᠭ᠌ᠵᠢᠯᠲᠡ᠎ᠶ᠋ᠢᠨ《ᠬᠤᠷᠳᠤᠴᠠ᠎ᠪᠠᠨ ᠲᠦᠷᠭᠡᠳᠭᠡᠵᠦ᠍》᠂ ᠡᠬᠢᠯᠡᠯᠲᠡ᠎ᠶ᠋ᠢᠨ ᠵᠢᠯ᠎ᠳᠡᠭᠡᠨ ᠡᠬᠢᠯᠡᠯᠲᠡ ᠎ᠶᠢᠨ ᠰᠦᠷ ᠵᠢᠪᠬᠤᠭ᠎ᠠ᠎ᠵᠢ ᠢᠯᠡᠷᠡᠬᠦᠯᠵᠤ᠂ ᠵᠠᠩᠭᠢᠯᠠᠭ᠎ᠠ᠎ᠶ᠋ᠢᠨ ᠵᠢᠯ ᠳ᠋ᠡᠭᠡᠨ ᠵᠠᠩᠭᠢᠯᠠᠭ᠎ᠠ᠎ᠶ᠋ᠢᠨ ᠴᠢᠨᠠᠷᠲᠠᠢ ᠠᠮᠵᠢᠯᠳᠠ ᠵᠢ ᠡᠬᠦᠳᠪᠡᠯ ᠥᠪᠥᠷ ᠮᠣᠩᠭᠣᠯ ᠯᠠᠪᠲᠠᠢ ᠶᠡᠬᠡ ᠦᠢᠯᠡᠰ ᠎ᠢ ᠪᠦᠲᠦᠭᠡᠵᠦ᠍ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号