— ᠪᠦᠬᠦ᠌ ᠨᠠᠮ᠎ᠢᠶᠡᠷ᠎ᠢᠶᠡᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠲᠠᠱᠢᠷᠠᠮ᠎ᠳᠤ
ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠠᠯᠪᠠᠨ ᠲᠢᠩᠬᠢᠮ 《ᠪᠥᠬᠥ᠌ ᠨᠠᠮ᠎ᠢᠶᠡᠷ᠎ᠢᠶᠡᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠪᠠ᠃ ᠨᠠᠮ᠎ᠤᠨ ᠲᠥᠪ ᠬᠤᠷᠢᠶ᠎ᠠ᠎ᠶᠢᠨ ᠵᠥᠪᠱᠢᠶᠡᠷᠡᠯ᠎ᠢᠶᠡᠷ᠂ ᠪᠦᠬᠦ᠌ ᠨᠠᠮ᠎ᠢᠶᠡᠷ᠎ᠢᠶᠡᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠨ᠎ᠡ (ᠳᠣᠷᠣᠭ᠍ᠰᠢ ᠰᠤᠷᠤᠯᠴᠠᠯᠭ᠎ᠠ ᠬᠥᠮᠦᠵᠢᠯ ᠭᠡᠵᠦ᠍ ᠳᠥᠭᠥᠮᠴᠢᠯᠡᠨ᠎ᠡ)᠃ ᠰᠤᠷᠤᠯᠴᠠᠯᠭ᠎ᠠ ᠬᠥᠮᠦᠵᠢᠯ᠎ᠢ ᠱᠢᠶᠠᠨ ᠭᠠᠵᠠᠷ᠎ᠤᠨ ᠳᠡᠰ ᠡᠴᠡ ᠳᠡᠭᠡᠭ᠌ᠰᠢᠬᠢ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ ᠢᠯᠠᠩᠭᠤᠶ᠎ᠠ 《ᠨᠢᠭᠡᠳᠦᠭᠡᠷ ᠬᠠᠷᠢᠭᠤᠴᠠᠯᠭᠠᠲᠠᠨ》 ᠵᠢᠡᠷ ᠭᠣᠣᠯᠳᠠᠯᠭ᠎ᠠ ᠪᠣᠯᠭᠠᠵᠤ᠂ 2026 ᠣᠨ᠎ᠤ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠳᠠᠷᠠᠭ᠎ᠠ ᠡᠬᠢᠯᠡᠭᠦᠯᠵᠦ᠍᠂ 7 ᠰᠠᠷ᠎ᠠ᠎ᠶ᠋ᠢᠨ ᠰᠡᠭᠦᠯᠴᠢ᠎ᠪᠡᠷ ᠦᠨᠳᠦᠰᠦᠨ᠎ᠳᠡᠭᠡᠨ ᠳᠠᠭᠤᠰᠭᠠᠨ᠎ᠠ᠃ ᠡᠨᠡ ᠤᠳᠠᠭ᠎ᠠ᠎ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠪᠣᠯ ᠨᠠᠮ᠎ᠤᠨ ᠲᠥᠪ ᠬᠤᠷᠢᠶ᠎ᠠ ᠡᠴᠡ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠡᠴᠡ ᠪᠣᠳᠣᠯᠬᠢᠯᠠᠵᠤ ᠭᠠᠷᠭᠠᠭ᠍ᠰᠠᠨ ᠴᠢᠬᠤᠯᠠ ᠪᠠᠢᠷᠢᠯᠠᠭᠤᠯᠤᠯᠲᠠ ᠮᠥᠨ᠂ ᠡᠨᠡ ᠨᠢ ᠠᠷᠪᠠᠨ ᠲᠠᠪᠤᠳᠤᠭᠠᠷ ᠲᠠᠪᠤᠨ ᠵᠢᠯ᠎ᠢ ᠰᠠᠢᠳᠤᠷ ᠡᠬᠢᠯᠡᠬᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭᠠᠬᠤ᠎ᠳᠤ ᠴᠢᠬᠤᠯᠠ ᠶᠡᠬᠡ ᠪᠥᠭᠡᠳ ᠠᠯᠤᠰ ᠬᠡᠳᠤ᠎ᠶ᠋ᠢᠨ ᠠᠴᠢ ᠬᠣᠯᠪᠣᠭ᠍ᠳᠠᠯ᠎ᠲᠠᠶ ᠶᠤᠮ᠃
ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ ᠵᠢᠨ ᠰᠤᠷᠤᠯᠴᠠᠯᠭ᠎ᠠ ᠬᠥᠮᠦᠵᠢᠯ᠎ᠢ ᠰᠠᠢᠲᠤᠷ ᠥᠷᠨᠢᠭᠦᠯᠬᠦ᠎ᠳᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠵᠤ᠂ ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠂ ᠱᠢᠨᠵᠢᠯᠡᠬᠦ᠌ ᠤᠬᠠᠭᠠᠨᠴᠢ ᠪᠡᠷ ᠱᠢᠶ᠋ᠳᠪᠦᠷᠢᠲᠦ ᠪᠤᠳᠤᠯᠭ᠎ᠠ ᠳᠤᠭᠳᠠᠭᠠᠬᠤ᠂ ᠦᠨᠡᠨᠬᠦ᠌ ᠠᠳᠭᠤᠨ ᠪᠣᠳᠠᠲᠠᠢ ᠠᠵᠢᠯᠯᠠᠬᠤ ᠪᠡᠷ ᠶᠡᠷᠦᠩᠬᠡᠢ ᠱᠠᠭᠠᠷᠳᠠᠯᠭ᠎ᠠ ᠪᠣᠯᠭᠠᠵᠤ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠵᠢ ᠨᠢᠭᠡ ᠴᠣᠭ᠍ᠴᠠᠵᠢᠭᠤᠯᠤᠨ ᠠᠬᠢᠭᠤᠯᠬᠤ ᠪᠡᠷ ᠭᠠᠷᠳᠠᠴᠠ ᠪᠤᠯᠭᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ᠂ ᠺᠠᠳ᠋ᠷᠴᠤᠳ᠎ᠤᠨ ᠦᠨᠡᠨ᠎ᠡᠴᠡ ᠵᠥᠪ᠎ᠢ ᠡᠷᠢᠬᠦ᠌᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ ᠵᠢ ᠪᠠᠷᠢᠮᠳᠠᠯᠠᠬᠤ ᠵᠢ ᠬᠥᠮᠦᠵᠢᠭᠦᠯᠵᠦ᠍ ᠬᠥᠲᠥᠯᠥᠨ ᠵᠢᠯᠣᠭᠣᠳᠴᠤ᠂ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠳᠦᠮᠵᠢ ᠭᠠᠷᠭᠠᠨ᠂ ᠪᠣᠳᠠᠲᠠᠢ ᠠᠵᠢᠯᠯᠠᠨ ᠵᠠᠰᠠᠭ᠎ᠤᠨ ᠠᠵᠢᠯ᠎ᠤᠨ ᠪᠦᠳᠦᠮᠵᠢ ᠭᠠᠷᠭᠠᠵᠤ᠂ ᠨᠠᠮ᠎ᠤᠨ ᠲᠥᠪ ᠬᠤᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠬᠦᠴᠦᠲᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ ᠬᠡᠷᠡᠭᠳᠡᠢ᠃ ᠨᠠᠮ᠎ᠤᠨ ᠭᠡᠱᠢᠭᠦᠨ ᠺᠠᠳ᠋ᠷ ᠢᠯᠠᠩᠭᠤᠶ᠎ᠠ ᠤᠳᠤᠷᠢᠳᠭᠤ ᠺᠠᠳ᠋ᠷ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠨᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ ᠨᠠᠮ᠎ᠤᠨ ᠪᠠᠢᠭᠤᠯᠤᠯᠲᠠ᠎ᠳᠤ ᠦᠵᠡᠭᠦᠯᠬᠦ᠌ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠭᠠᠷᠭᠠᠭ᠍ᠰᠠᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠦᠵᠡᠯᠲᠡ᠎ᠶ᠋ᠢᠨ ᠵᠦᠷᠢᠶ᠎ᠡ᠎ᠶ᠋ᠢ ᠭᠦᠨᠵᠡᠭᠡᠢ ᠪᠠᠢᠴᠠᠭᠠᠨ ᠵᠠᠯᠠᠷᠠᠭᠤᠯᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠳᠠᠲᠤ ᠠᠮᠵᠢᠯᠲᠠ᠎ᠶ᠋ᠢ ᠴᠢᠷᠮᠠᠢᠨ ᠡᠭᠦᠳᠬᠦ᠌ ᠬᠡᠷᠡᠭ᠌ᠲᠡᠢ᠃
ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠦᠵᠡᠯᠲᠡ᠎ᠶ᠋ᠢᠨ ᠠᠰᠠᠭᠤᠳᠠᠯ ᠪᠣᠯ ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠲᠦᠷᠦ᠍ ᠪᠠᠷᠢᠬᠤ᠎ᠳᠤ ᠬᠣᠯᠪᠣᠭ᠍ᠳᠠᠬᠤ ᠨᠢᠭᠡᠨ ᠦᠨᠳᠦᠰᠦᠨ ᠴᠢᠨᠠᠷᠲᠠᠢ ᠠᠰᠠᠭᠤᠳᠠᠯ ᠮᠥᠨ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠳᠦ ᠨᠠᠮᠴᠢ ᠴᠢᠨᠠᠷ ᠪᠣᠯ ᠱᠢᠢᠳᠪᠦᠷᠢᠯᠡᠭ᠌ᠴᠢ ᠴᠢᠨᠠᠷᠲᠠᠢ ᠦᠢᠯᠡᠳᠦᠯ ᠦᠵᠡᠭᠦᠯᠳᠡᠭ᠃ ᠨᠠᠮᠴᠢ ᠴᠢᠨᠠᠷ᠎ᠢᠶᠠᠷ ᠴᠢᠩᠭ᠎ᠠ ᠪᠠᠢᠵᠤ᠂ ᠠᠮᠢᠨᠴᠢᠷ ᠰᠠᠨᠠᠭ᠎ᠠ ᠬᠤᠪᠢᠨᠴᠢᠷ ᠪᠤᠳᠤᠯ᠎ᠢᠶᠠᠨ ᠲᠠᠶᠠᠭ᠍ᠳᠠᠪᠠᠯ ᠰᠠᠶᠢ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠦᠵᠡᠯᠲᠡ ᠡᠨᠳᠡᠭᠦᠦ ᠪᠤᠷᠤᠭᠤ ᠭᠠᠷᠭᠠᠬᠤ ᠦᠭᠡᠢ ᠪᠠᠢᠬᠤ᠎ᠶ᠋ᠢ ᠪᠠᠲᠤᠯᠠᠵᠤ ᠴᠢᠳᠠᠨ᠎ᠠ᠃ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ᠎ᠵᠢ ᠪᠤᠢ ᠪᠤᠯᠭᠠᠨ ᠦᠢᠯᠡᠳᠦᠯᠭᠡᠵᠢᠬᠦᠯᠬᠦ᠌᠎ᠳᠦ᠂ ᠡᠷᠬᠡᠪᠰᠢ 《ᠬᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ᠂ ᠶᠠᠮᠠᠷ ᠶᠠᠩᠵᠤ᠎ᠶ᠋ᠢᠨ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ᠂ ᠶᠠᠭᠤᠨ᠎ᠳᠤ ᠲᠦᠱᠢᠭ᠌ᠯᠡᠵᠦ᠍ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ》 ᠠᠰᠠᠭᠤᠳᠠᠯ᠎ᠢ ᠰᠠᠢᠲᠤᠷ ᠬᠠᠷᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠠᠷᠠᠳ ᠲᠦᠮᠡᠨ᠎ᠦ ᠲᠥᠯᠥᠭᠡ ᠠᠵᠢᠯ ᠶᠠᠪᠤᠳᠠᠯ ᠬᠢᠬᠦ᠌᠂ ᠠᠷᠠᠳ ᠲᠦᠮᠡᠨ᠎ᠳᠦ ᠪᠤᠶᠠᠨ ᠦᠢᠯᠡᠳᠬᠦ᠌᠎ᠶ᠋ᠢ ᠬᠠᠮᠤᠭ᠎ᠤᠨ ᠴᠢᠬᠤᠯᠠ ᠵᠠᠰᠠᠭ᠎ᠤᠨ ᠠᠵᠢᠯ᠎ᠤᠨ ᠪᠦᠳᠦᠮᠵᠢ ᠪᠤᠯᠭᠠᠵᠦ᠂ ᠪᠣᠳᠠᠲᠠᠢ ᠡᠴᠡ ᠡᠭᠦᠰᠭᠦ᠂ ᠵᠢᠮ᠎ᠡ ᠶᠣᠰᠣ᠎ᠪᠠᠷ ᠠᠵᠢᠯ ᠶᠠᠪᠤᠳᠠᠯ ᠬᠢᠬᠦ᠎ᠶ᠋ᠢ ᠪᠠᠷᠢᠮᠲᠠᠯᠠᠵᠤ᠂ ᠪᠣᠳᠠᠲᠠᠢ ᠠᠮᠵᠢᠯᠲᠠ ᠭᠠᠷᠭᠠᠨ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ᠎ᠶ᠋ᠢ ᠡᠷᠢᠯᠬᠢᠯᠡᠵᠦ᠂ ᠱᠢᠨ᠎ᠡ ᠳᠦᠷᠰᠦ ᠪᠠᠢᠳᠠᠯ ᠱᠢᠨ᠎ᠡ ᠵᠢᠳᠬᠦᠯ ᠴᠢᠷᠮᠠᠢᠯᠭ᠎ᠠ᠎ᠪᠠᠷ ᠴᠢᠨᠠᠷ ᠰᠠᠢᠲᠠᠢ ᠬᠥᠭ᠌ᠵᠢᠯᠲᠡ ᠱᠢᠨ᠎ᠡ ᠦᠷ᠎ᠡ ᠪᠦᠲᠦᠮᠵᠢ ᠤᠯᠬᠤ᠎ᠶ᠋ᠢ ᠲᠠᠰᠤᠷᠠᠯᠳᠠ ᠦᠭᠡᠢ ᠠᠬᠢᠭᠤᠯᠬᠤ ᠬᠡᠷᠡᠭ᠌ᠲᠡᠢ᠃
ᠰᠤᠷᠤᠯᠴᠠᠯᠭ᠎ᠠ ᠬᠥᠮᠦᠵᠢᠯ᠎ᠢ ᠰᠠᠢᠲᠤᠷ ᠥᠷᠨᠢᠭᠦᠯᠬᠦ᠎ᠳᠦ᠂ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠬᠦ᠂ ᠳᠥᠭᠥᠮ ᠠᠪᠰᠠᠷᠬᠠᠨ ᠪᠣᠳᠠᠲᠠᠢ᠎ᠶᠢ ᠡᠷᠬᠢᠮᠯᠡᠬᠦ ᠵᠢ ᠪᠠᠷᠢᠮᠲᠠᠯᠠᠵᠤ᠂ ᠪᠦᠯᠦᠭ ᠤᠳᠠᠭ᠎ᠠ ᠬᠤᠪᠢᠶᠠᠬᠤ ᠦᠭᠡᠢ᠂ ᠱᠠᠲᠤ ᠦᠶ᠎ᠡ ᠬᠤᠪᠢᠶᠠᠬᠤ ᠦᠭᠡᠢ ᠪᠠᠢᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠂ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ᠂ ᠳᠦᠷᠢᠮ ᠲᠣᠭᠲᠠᠭᠠᠯ ᠲᠣᠭᠲᠠᠭᠠᠬᠤ᠂ ᠡᠬᠦᠳᠡ ᠪᠡᠨ ᠨᠡᠭᠡᠭᠡᠵᠦ ᠰᠤᠷᠭᠠᠨ ᠬᠥᠮᠥᠵᠢᠭᠦᠯᠬᠦ ᠵᠡᠷᠭᠡ ᠠᠵᠢᠯ᠎ᠤᠨ ᠲᠣᠬᠢᠷᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ ᠬᠡᠷᠡᠭᠲᠡᠢ᠃ ᠭᠦᠨᠵᠡᠭᠡᠢ ᠰᠤᠷᠤᠯᠴᠠᠵᠦ ᠨᠡᠪᠲᠡᠷᠡᠲᠡᠯ᠎ᠡ ᠣᠢᠯᠠᠭᠠᠵᠦ᠂ ᠨᠠᠮ᠎ᠤᠨ ᠭᠡᠰᠢᠭᠦᠨ᠂ ᠺᠠᠳ᠋ᠷᠴᠤᠳ᠎ᠢ ᠵᠣᠬᠢᠶᠠᠨ ᠪᠠᠢᠭᠤᠯᠤᠨ ᠶᠡᠷᠦᠩᠬᠡᠢ ᠱᠦᠵᠢ ᠰᠢ᠎ᠶᠢᠨ ᠫᠢᠩ᠎ᠤᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠭᠤᠯᠵᠤ᠂ 《ᠤᠯᠤᠰ ᠠᠷᠠᠳ ᠤᠨ ᠠᠵᠤ ᠠᠬᠤᠢ ᠪᠣᠯᠣᠨ ᠨᠡᠢᠭᠡᠮ᠎ᠤᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠰᠠᠨᠠᠭᠤᠯᠭ᠎ᠠ》 ᠶ᠋ᠢ ᠭᠦᠨᠵᠡᠭᠡᠢ ᠰᠤᠷᠤᠯᠴᠠᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠬᠦᠷᠢᠶᠡᠨ᠎ᠤ ᠲᠤᠬᠠᠢ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠵᠤ᠂ ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠤ ᠪᠤᠶᠠᠨ ᠦᠢᠯᠡᠳᠬᠦ ᠤᠢᠯᠠᠭᠠᠭᠳᠠᠬᠤᠨ᠎ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠳᠤᠪᠤᠢ᠍ᠢᠯᠭᠠᠵᠤ᠂ ᠰᠢᠶᠠᠨ ᠭᠠᠵᠠᠷ᠎ᠤᠨ ᠲᠡᠰ᠎ᠡᠴᠡ ᠳᠡᠭᠡᠭᠰᠢᠬᠢ ᠤᠳᠤᠷᠢᠳᠬᠤ ᠪᠠᠭ ᠵᠢᠴᠢ ᠲᠡᠭᠦᠨ᠎ᠦ ᠪᠦᠷᠢᠯᠳᠦᠭᠦᠨ ᠬᠢᠨᠠᠨ ᠪᠠᠢᠴᠠᠭᠠᠬᠤ᠂ ᠪᠠᠢᠴᠠᠭᠠᠨ ᠰᠤᠳᠤᠯᠤᠯᠲᠠ ᠬᠢᠬᠦ᠂ ᠤᠯᠠᠨ ᠲᠦᠮᠡᠨ᠎ᠦ ᠲᠤᠰᠬᠠᠯ᠎ᠢ ᠣᠢᠯᠠᠭᠠᠬᠤ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠦᠵᠡᠯᠲᠡ᠎ᠶᠢᠨ ᠲᠠᠯ᠎ᠠ᠎ᠪᠠᠷ ᠣᠷᠣᠰᠢᠵᠤ ᠪᠠᠢᠭ᠎ᠠ ᠠᠰᠠᠭᠤᠳᠠᠯ᠎ᠢ ᠭᠦᠨᠵᠡᠭᠡᠢ ᠡᠷᠢᠵᠦ᠂ ᠨᠠᠮᠴᠢ ᠴᠢᠨᠠᠷ᠎ᠤᠨ ᠲᠠᠯ᠎ᠠ᠎ᠡᠴᠡ ᠵᠥᠷᠢᠶ᠎ᠡ᠎ᠪᠡᠨ ᠡᠷᠢᠵᠦ᠂ ᠦᠨᠳᠦᠰᠦ ᠰᠤᠷᠪᠤᠯᠵᠢ᠎ᠶᠢ ᠨᠢ ᠪᠠᠢᠴᠠᠭᠠᠵᠤ᠂ ᠬᠡᠪ ᠪᠣᠯᠪᠠᠰᠤᠷᠠᠯ᠎ᠢᠶᠠᠨ ᠴᠢᠩᠭᠠᠳᠬᠠᠬᠤ ᠬᠡᠷᠡᠭᠲᠡᠢ᠃ ᠲᠥᠪ᠎ᠦᠨ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠬᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠴᠡᠭᠴᠡᠯᠡᠨ ᠰᠠᠢᠵᠢᠷᠠᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠨᠠᠢᠷᠠᠭᠤᠯᠤᠨ ᠲᠣᠭᠲᠠᠭᠠᠵᠤ ᠬᠡᠷᠡᠭᠵᠢᠭᠦᠯᠬᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠬᠢᠨᠠᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠵᠡᠷᠭᠡ᠎ᠲᠠᠢ ᠤᠶᠠᠯᠳᠤᠭᠤᠯᠬᠤ᠎ᠶᠢ ᠪᠠᠷᠢᠮᠲᠠᠯᠠᠵᠤ᠂ ᠪᠠᠢᠴᠠᠭᠠᠬᠤ᠎ᠶᠢᠨ ᠳᠠᠭᠠᠤ ᠴᠡᠭᠴᠡᠯᠡᠨ ᠰᠠᠢᠵᠢᠷᠠᠭᠤᠯᠵᠤ᠂ ᠳᠠᠷᠤᠢ᠎ᠳᠤ᠎ᠨᠢ ᠬᠡᠷᠡᠭᠵᠢᠭᠦᠯᠵᠦ ᠳᠠᠷᠤᠢ᠎ᠳᠤ᠎ᠨᠢ ᠰᠠᠢᠵᠢᠷᠠᠭᠤᠯᠵᠤ᠂ ᠲᠣᠪᠣᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠣᠳᠣᠬᠢ ᠪᠠᠢᠳᠠᠯ᠎ᠳᠠᠭᠠᠨ ᠰᠠᠭᠤᠷᠢᠯᠠᠨ᠂ ᠠᠯᠤᠰ ᠬᠤᠯᠠ᠎ᠶᠢ ᠪᠣᠳᠣᠯᠬᠢᠯᠠᠵᠤ᠂ ᠳᠦᠷᠢᠮ ᠲᠣᠭᠲᠠᠭᠠᠯ ᠲᠣᠭᠲᠠᠭᠠᠬᠤ ᠠᠵᠢᠯ᠎ᠢ ᠰᠠᠢᠲᠤᠷ ᠬᠢᠵᠦ᠂ ᠤᠳᠤ᠎ᠶᠢᠨ ᠬᠡᠷᠡᠭᠵᠢᠭᠦᠯᠵᠦ ᠪᠠᠢᠭ᠎ᠠ ᠳᠦᠷᠢᠮ ᠲᠣᠭᠲᠡᠴᠡ᠎ᠳᠠᠬᠢ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ᠎ᠶᠢᠨ ᠱᠠᠭᠠᠷᠳᠠᠯᠭ᠎ᠠ᠎ᠳᠤ ᠨᠡᠢᠴᠡᠬᠦ ᠦᠭᠡᠢ ᠲᠣᠭᠲᠠᠭᠠᠯ᠎ᠢ ᠭᠦᠨᠵᠡᠭᠡᠢ ᠡᠷᠢᠵᠦ᠂ ᠬᠦᠴᠦᠨ ᠦᠭᠡᠢ ᠪᠣᠯᠭᠠᠬᠤ ᠶᠣᠰᠣᠲᠠᠢ᠎ᠶᠢ ᠨᠢ ᠬᠦᠴᠦᠨ ᠦᠭᠡᠢ ᠪᠣᠯᠭᠠᠵᠤ᠂ ᠵᠠᠰᠠᠪᠤᠷᠢ ᠣᠷᠣᠭᠤᠯᠬᠤ ᠶᠣᠰᠣᠲᠠᠢ᠎ᠶᠢ ᠨᠢ ᠵᠠᠰᠠᠪᠤᠷᠢ ᠣᠷᠣᠭᠤᠯᠬᠤ ᠬᠡᠷᠡᠭᠲᠡᠢ᠃ ᠡᠭᠦᠳᠡ ᠪᠡᠨ ᠨᠡᠭᠡᠭᠡᠵᠦ ᠰᠤᠷᠭᠠᠨ ᠬᠥᠮᠥᠵᠢᠭᠦᠯᠬᠦ᠎ᠶᠢ ᠪᠠᠷᠢᠮᠲᠠᠯᠠᠵᠤ᠂ ᠠᠰᠠᠭᠤᠳᠠᠯ᠎ᠢ ᠪᠠᠢᠴᠠᠭᠠᠨ ᠳᠡᠯᠭᠡᠵᠦ ᠤᠯᠠᠨ ᠲᠦᠮᠡᠨ᠎ᠦ ᠰᠠᠨᠠᠯ᠎ᠢ ᠰᠣᠨᠣᠰᠴᠤ᠂ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ᠎ᠳᠤ ᠤᠯᠠᠨ ᠲᠦᠮᠡᠨ᠎ᠦ ᠬᠢᠨᠠᠯᠲᠠ᠎ᠶᠢ ᠬᠦᠯᠢᠶᠡᠵᠦ᠂ ᠦᠷ᠎ᠡ ᠪᠦᠲᠦᠮᠵᠢ᠎ᠶᠢ ᠰᠢᠯᠭᠠᠨ ᠪᠠᠢᠴᠠᠭᠠᠬᠤ᠎ᠳᠤ ᠤᠯᠠᠨ ᠲᠦᠮᠡᠨ᠎ᠦ ᠦᠨᠡᠯᠡᠯᠲᠡ᠎ᠶᠢ ᠬᠦᠯᠢᠶᠡᠬᠦ ᠬᠡᠷᠡᠭᠲᠡᠢ;ᠠᠷᠠᠳ᠎ᠤᠨ ᠠᠮᠢᠳᠤᠷᠠᠯ᠎ᠢ ᠲᠡᠷᠢᠭᠦᠨ᠎ᠳᠦ ᠲᠠᠯᠪᠢᠬᠤ ᠵᠢ ᠪᠠᠷᠢᠮᠲᠠᠯᠠᠵᠤ᠂ ᠤᠯᠠᠨ ᠲᠦᠮᠡᠨ᠎ᠳᠦ ᠪᠣᠳᠠᠲᠤ ᠶᠠᠪᠤᠳᠠᠯ᠎ᠢ ᠢᠯᠡᠭᠦᠬᠡᠨ ᠬᠢᠵᠦ᠂ ᠤᠯᠠᠨ ᠲᠦᠮᠡᠨ ᠦᠨᠡᠨ ᠬᠦ᠌ ᠤᠯᠵᠦ ᠮᠡᠳᠡᠷᠡᠵᠦ ᠬᠦᠷᠳᠡᠵᠦ ᠲᠡᠢᠯᠬᠦ ᠵᠢ ᠪᠡᠶᠡᠯᠡᠬᠦᠯᠬᠦ ᠬᠡᠷᠡᠭᠳᠡᠢ᠃
ᠬᠠᠪᠤᠷ᠎ᠤᠨ ᠤᠷᠢ ᠨᠠᠭᠠᠰᠢᠯᠠᠵᠦ᠂ ᠡᠷᠡᠮᠡᠭᠡᠢ ᠤᠷᠤᠭᠰᠢᠯᠠᠯᠲᠠ ᠶᠠᠭ ᠡᠷᠴᠢᠨ ᠳᠡᠭᠡᠷ᠎ᠡ ᠪᠡᠨ ᠪᠤᠢ᠃ ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ ᠮᠥᠨ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠰᠤᠷᠤᠯᠴᠠᠯᠭ᠎ᠠ ᠬᠥᠮᠦᠵᠢᠯ ᠥᠷᠨᠢᠭᠦᠯᠬᠦ᠎ᠶᠢ ᠤᠯᠤᠰ ᠲᠦᠷᠦ᠎ᠶᠢᠨ ᠴᠢᠬᠤᠯᠠ ᠡᠭᠦᠷᠭᠡ᠎ᠪᠡᠨ ᠪᠣᠯᠭᠠᠵᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠵᠢᠨ ᠭᠣᠣᠯ ᠬᠠᠷᠢᠭᠤᠴᠠᠯᠭᠠᠲᠠᠨ ᠨᠥᠬᠥᠳ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠬᠡᠵᠦ᠂ ᠲᠦᠷᠦᠯ ᠬᠤᠪᠢᠶᠠᠨ ᠵᠢᠯᠤᠭᠣᠳᠬᠤ᠎ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠪᠣᠳᠠᠲᠤ ᠦᠷ᠎ᠡ ᠪᠦᠲᠦᠮᠵᠢ ᠣᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠪᠢᠳᠠ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠤᠷᠤᠯᠴᠠᠯᠭ᠎ᠠ ᠬᠥᠮᠦᠵᠢᠯ ᠥᠷᠨᠢᠭᠦᠯᠬᠦ᠎ᠪᠡᠷ ᠠᠵᠠ ᠲᠣᠬᠢᠶᠠᠯ ᠪᠣᠯᠭᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠵᠥᠪ ᠦᠵᠡᠯᠲᠡ᠎ᠶᠢ ᠤᠯᠠᠮ ᠨᠢᠭᠡ ᠠᠯᠬᠤᠮ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠤᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶᠢ ᠴᠢᠷᠮᠠᠢᠨ ᠪᠡᠶᠡᠯᠡᠭᠦᠯᠵᠦ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠦᠨ ᠰᠢᠨ᠎ᠡ ᠬᠠᠭᠤᠳᠠᠰᠤ᠎ᠶᠢ ᠬᠠᠮᠲᠤ ᠪᠠᠷ ᠪᠢᠴᠢᠭᠯᠡᠰᠤᠭᠡᠢ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ 2 ᠰᠠᠷ᠎ᠠ᠎ᠶᠢᠨ 23 ᠤ᠋ ᠴᠠᠬᠢᠯᠭᠠᠨ ᠮᠡᠳᠡᠭᠡ)