ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠤᠯᠤᠰ᠎ᠤᠨ ᠲᠡᠮᠦᠷ ᠵᠠᠮ᠎ᠤᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ ᠡᠴᠡ ᠣᠢᠯᠠᠭᠠᠭ᠍ᠰᠠᠨ᠎ᠢᠶᠠᠷ᠂ 2 ᠰᠠᠷ᠎ᠠ᠎ᠶ᠋ᠢᠨ 23 ᠤ᠋ ᠡᠳᠦᠷ ᠳᠠᠷᠤᠢ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠲᠤᠯᠤᠭᠠᠨ ᠪᠤᠯ ᠴᠠᠭᠠᠨ ᠰᠠᠷ᠎ᠠ᠎ᠶᠢᠨ ᠠᠮᠠᠷᠠᠯᠳᠠ᠎ᠶᠢᠨ ᠬᠠᠮᠤᠭ ᠰᠡᠭᠦᠯᠴᠢ᠎ᠶᠢᠨ ᠡᠳᠦᠷ ᠮᠥᠨ᠂ ᠪᠥᠬᠥ᠌ ᠤᠯᠤᠰ᠎ᠤᠨ ᠲᠡᠮᠦᠷ ᠵᠠᠮ᠎ᠢᠶᠡᠷ ᠪᠤᠴᠠᠬᠤ ᠠᠶᠠᠨᠴᠢᠳ᠎ᠤᠨ ᠬᠡᠮᠵᠢᠶ᠎ᠡ ᠣᠷᠭᠢᠯ ᠬᠡᠮᠵᠢᠭᠳᠡᠯ᠎ᠳᠦ ᠬᠦᠷᠴᠦ᠂ ᠵᠢᠱ᠌ᠢᠯᠲᠡ᠎ᠪᠡᠷ ᠠᠶᠠᠨᠴᠢᠳ᠎ᠢ 1850 ᠲᠦᠮᠡᠨ ᠬᠥᠮᠦᠨ ᠤᠳᠠᠭ᠎ᠠ ᠬᠦᠷᠭᠡᠵᠦ᠍᠂ ᠠᠶᠠᠨᠴᠢᠳ᠎ᠤᠨ ᠭᠠᠯᠳᠤ ᠲᠡᠷᠭᠡ᠎ᠶ᠋ᠢ 2297 ᠨᠡᠮᠡᠬᠦ᠌᠎ᠪᠡᠷ ᠲᠥᠯᠥᠪᠯᠡᠵᠡᠢ᠃ 2 ᠰᠠᠷ᠎ᠠ᠎ᠶ᠋ᠢᠨ 22᠎ᠤ᠋ᠨ ᠡᠳᠦᠷ᠂ ᠪᠥᠬᠥ᠌ ᠤᠯᠤᠰ᠎ᠤᠨ ᠲᠡᠮᠦᠷ ᠵᠠᠮ ᠠᠶᠠᠨᠴᠢᠳ᠎ᠢ 1827.7 ᠲᠦᠮᠡᠨ ᠬᠥᠮᠦᠨ ᠤᠳᠠᠭ᠎ᠠ ᠵᠦᠭᠡᠭᠡᠪᠦᠷᠢᠯᠡᠨ ᠬᠦᠷᠭᠡᠵᠦ᠍᠂ 3 ᠡᠳᠦᠷ ᠳᠠᠷᠠᠭᠠᠯᠠᠨ 1500 ᠲᠦᠮᠡ ᠡᠴᠡ ᠳᠡᠭᠡᠭ᠌ᠰᠢ ᠬᠥᠮᠦᠨ ᠤᠳᠠᠭ᠎ᠠ ᠵᠢ ᠬᠦᠷᠭᠡᠵᠦ᠍᠂ ᠵᠦᠭᠡᠭᠡᠪᠦᠷᠢ᠎ᠶ᠋ᠢᠨ ᠠᠮᠤᠷ ᠲᠦᠪᠱᠢᠨ ᠪᠥᠭᠡᠳ ᠡᠮᠬᠢ ᠵᠢᠷᠤᠮ᠎ᠲᠠᠶ ᠪᠠᠢᠬᠤ᠎ᠶ᠋ᠢ ᠪᠠᠲᠤᠯᠠᠪᠠ᠃
2 ᠰᠠᠷ᠎ᠠ᠎ᠶ᠋ᠢᠨ 23᠎ᠤ᠋ ᠡᠳᠦᠷ᠎ᠦᠨ 8 ᠴᠠᠭ ᠪᠣᠯᠲᠠᠯ᠎ᠠ᠂ ᠲᠡᠮᠦᠷ ᠵᠠᠮ 12306 (ᠰᠦᠯᠵᠢᠶᠡᠨ ᠥᠷᠲᠡᠭᠡ᠂ ᠰᠢᠯᠵᠢᠶ᠎ᠡ ᠵᠡᠷᠭᠡ᠎ᠶ᠋ᠢ ᠪᠠᠭ᠍ᠲᠠᠭᠠᠨ᠎ᠠ) ᠭᠠᠯᠲᠤ ᠲᠡᠷᠭᠡᠨ᠎ᠦ ᠪᠢᠯᠧᠲ᠎ᠢ 3.39 ᠳ᠋ᠦᠩᠱᠢᠭᠤᠷ ᠬᠤᠳᠠᠯᠳᠤᠭ᠍ᠰᠠᠨ ᠪᠠᠢᠨ᠎ᠠ᠃ ᠤᠷᠢᠳᠴᠢᠯᠠᠨ ᠬᠤᠳᠠᠯᠳᠤᠭ᠍ᠰᠠᠨ ᠪᠠᠢᠳᠠᠯ ᠡᠴᠡ ᠦᠵᠡᠪᠡᠯ᠂ 23᠎ᠤ᠋ ᠡᠳᠦᠷ ᠭᠤᠸᠠᠩᠵᠧᠦ᠂ ᠪᠡᠭᠡᠵᠢᠩ᠂ ᠴᠧᠩᠳᠥ᠋᠂ ᠦᠬᠠᠨ᠂ ᠴᠦᠩᠴᠢᠩ᠂ ᠰᠢ ᠠᠨ᠂ ᠵᠸᠩᠵᠸᠦ᠂ ᠱᠠᠩᠬᠠᠶ᠂ ᠬᠠᠩᠵᠧᠦ᠂ ᠨᠠᠨᠴᠠᠩ ᠵᠡᠷᠭᠡ ᠬᠣᠲᠠ ᠠᠶᠠᠯᠠᠯ ᠡᠬᠢᠯᠡᠬᠦᠯᠬᠦ ᠬᠠᠯᠠᠮᠰᠢᠯ ᠭᠠᠵᠠᠷ ᠪᠤᠯᠪᠠ; ᠪᠡᠭᠡᠵᠢᠩ᠂ ᠱᠠᠩᠬᠠᠶ᠂ ᠭᠤᠸᠠᠩᠵᠧᠦ᠂ ᠱᠧᠨᠵᠧᠨ᠂ ᠴᠧᠩᠳᠥ᠋᠂ ᠬᠠᠩᠵᠧᠦ᠂ ᠦᠬᠠᠨ᠂ ᠰᠢ ᠠᠨ᠂ ᠴᠦᠩᠴᠢᠩ᠂ ᠵᠸᠩᠵᠸᠦ ᠵᠡᠷᠭᠡ ᠬᠤᠳᠠ ᠠᠶᠠᠯᠠᠯ᠎ᠤᠨ ᠬᠦᠷᠴᠦ ᠤᠴᠢᠬᠤ ᠬᠠᠯᠠᠮᠰᠢᠯ ᠭᠠᠵᠠᠷ ᠪᠤᠯᠪᠠ᠋; ᠨᠠᠨᠨᠢᠩ ᠡᠴᠡ ᠭᠤᠸᠠᠩᠵᠧᠦ ᠬᠦᠷᠬᠦ᠂ ᠪᠡᠭᠡᠵᠢᠩ᠎ᠡᠴᠡ ᠱᠠᠩᠬᠠᠶ ᠬᠦᠷᠬᠦ᠂ ᠦᠬᠠᠨ ᠡᠴᠡ ᠱᠠᠩᠬᠠᠶ ᠬᠦᠷᠬᠦ᠂ ᠮᠦᠭ᠌ᠳᠡᠨ ᠡᠴᠡ ᠪᠡᠭᠡᠵᠢᠩ ᠬᠦᠷᠬᠦ᠂ ᠱᠧᠨᠵᠧᠨ ᠡᠴᠡ ᠱᠢᠶᠠᠩᠭᠠᠩ ᠬᠦᠷᠬᠦ᠂ ᠦᠬᠠᠨ ᠡᠴᠡ ᠱᠧᠨᠵᠧᠨ ᠬᠦᠷᠬᠦ᠂ ᠰᠢ ᠠᠨ ᠡᠴᠡ ᠴᠧᠩᠳᠥ᠋ ᠬᠦᠷᠬᠦ᠂ ᠨᠠᠨᠴᠠᠩ ᠡᠴᠡ ᠱᠠᠩᠬᠠᠶ ᠬᠦᠷᠬᠦ᠂ ᠦᠬᠠᠨ ᠡᠴᠡ ᠭᠤᠸᠠᠩᠵᠧᠦ ᠬᠦᠷᠬᠦ᠂ ᠲᠠᠢᠶᠤᠸᠠᠨ ᠡᠴᠡ ᠪᠡᠭᠡᠵᠢᠩ ᠬᠦᠷᠬᠦ ᠵᠡᠷᠭᠡ ᠬᠠᠯᠠᠮᠰᠢᠯ ᠣᠷᠣᠨ᠎ᠤ ᠬᠣᠭᠣᠷᠣᠨᠳᠣ ᠠᠶᠠᠨᠴᠢᠳ ᠬᠠᠷᠢᠴᠠᠩᠭᠤᠶ᠎ᠪᠠᠷ ᠲᠥᠪᠯᠡᠷᠡᠵᠦ᠍ ᠪᠠᠢᠨ᠎ᠠ᠃
ᠡᠯ᠎ᠡ ᠭᠠᠵᠠᠷ᠎ᠤᠨ ᠲᠡᠮᠦᠷ ᠵᠠᠮ᠎ᠤᠨ ᠰᠠᠯᠠᠭ᠎ᠠ ᠮᠥᠴᠢᠷ ᠣᠯᠠᠨ ᠵᠦᠶ᠋ᠯ᠎ᠦᠨ ᠠᠷᠭ᠎ᠠ ᠬᠡᠮᠵᠢᠶ᠎ᠡ ᠠᠪᠴᠤ᠌ ᠪᠤᠴᠠᠬᠤ ᠠᠶᠠᠨᠴᠢᠳ᠎ᠤᠨ ᠣᠷᠭᠢᠯ ᠬᠡᠮᠵᠢᠭᠳᠡᠯ᠎ᠤᠨ ᠬᠤᠭᠤᠴᠠᠭ᠎ᠠ᠎ᠶ᠋ᠢ ᠠᠷᠭᠠᠴᠠᠭᠠᠵᠤ᠂ ᠲᠡᠭᠡᠭᠡᠪᠦᠷᠢ᠎ᠶ᠋ᠢᠨ ᠬᠦᠴᠦᠨ᠎ᠦ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠠᠷᠠᠳ᠎ᠲᠤ ᠲᠥᠬᠥᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠠᠶᠠᠨᠴᠢᠳ᠎ᠤᠨ ᠠᠮᠤᠷ ᠲᠦᠪᠱᠢᠨ ᠤᠷᠤᠭ᠍ᠰᠢᠲᠠᠶ ᠪᠤᠴᠠᠬᠤ᠎ᠶ᠋ᠢ ᠪᠥᠬᠥ᠌ ᠬᠦᠴᠦᠨ᠎ᠢᠶᠡᠷ ᠪᠠᠲᠤᠯᠠᠵᠤ ᠪᠠᠢᠨ᠎ᠠ᠃ ᠤᠯᠤᠰ᠎ᠤᠨ ᠲᠡᠮᠦᠷ ᠵᠠᠮ᠎ᠤᠨ ᠲᠠᠢᠶᠤᠸᠠᠨ᠎ᠤ ᠲᠣᠪᠴᠢᠶ᠎ᠠ᠎ᠶ᠋ᠢᠨ ᠪᠦᠯᠦᠭ᠌ᠯᠡᠯ ᠺᠣᠮᠫᠠᠨᠢ᠎ᠶ᠋ᠢᠨ ᠲᠠᠢᠶᠤᠸᠠᠨ᠎ᠤ ᠡᠮᠦᠨ᠎ᠡ ᠦᠷᠳᠡᠭᠡ᠂ ᠳ᠋ᠠᠲ᠋ᠦ᠋ᠩ᠎ᠦᠨ ᠡᠮᠦᠨ᠎ᠡ ᠦᠷᠳᠡᠭᠡ ᠵᠡᠷᠭᠡ ᠠᠶᠠᠨᠴᠢᠳ᠎ᠤᠨ ᠤᠷᠤᠰᠴᠠ ᠶᠡᠬᠡᠲᠡᠶ ᠲᠡᠷᠭᠡᠨ ᠥᠷᠲᠡᠭᠡᠨ᠎ᠳᠦ ᠣᠷᠣᠵᠤ ᠭᠠᠷᠬᠤ ᠠᠮᠤᠷ ᠲᠦᠪᠱᠢᠨ᠎ᠦ ᠪᠠᠢᠴᠠᠭᠠᠯᠲᠠ᠎ᠶᠢᠨ ᠭᠠᠵᠠᠷ᠂ ᠪᠢᠯᠧᠲ ᠱᠢᠯᠭᠠᠬᠤ ᠵᠠᠮ᠎ᠢ ᠬᠥᠳᠡᠯᠦᠩᠭᠦᠶ᠎ᠪᠡᠷ ᠨᠡᠮᠡᠭ᠌ᠳᠡᠭᠦᠯᠵᠦ᠍᠂ ᠠᠶᠠᠨᠴᠢᠳ᠎ᠤᠨ ᠮᠥᠷᠯᠡᠵᠦ᠍ ᠬᠦᠯᠢᠶᠡᠬᠦ᠌ ᠴᠠᠭ᠎ᠢ ᠪᠣᠭᠣᠨᠢᠰᠭᠠᠪᠠ᠃ ᠤᠯᠤᠰ᠎ᠤᠨ ᠲᠡᠮᠦᠷ ᠵᠠᠮ᠎ᠤᠨ ᠦᠬᠠᠨ᠎ᠤ ᠲᠣᠪᠴᠢᠶ᠎ᠠ᠎ᠶ᠋ᠢᠨ ᠪᠦᠯᠦᠭ᠌ᠯᠡᠯ ᠺᠣᠮᠫᠠᠨᠢ᠎ᠶ᠋ᠢᠨ ᠡᠯ᠎ᠡ ᠲᠡᠷᠭᠡᠨ ᠥᠷᠲᠡᠭᠡ᠎ᠨᠢ ᠣᠷᠣᠵᠤ ᠭᠠᠷᠬᠤ ᠥᠷᠲᠡᠭᠡ᠂ ᠲᠦᠱᠢᠬᠦᠷᠢ ᠲᠠᠢ ᠱᠠᠲᠤ ᠵᠡᠷᠭᠡ ᠭᠤᠤᠯᠳᠠᠯᠭ᠎ᠠ᠎ᠲᠠᠶ ᠬᠡᠰᠡᠭ᠎ᠲᠦ ᠬᠠᠯᠲᠤᠷᠢᠬᠤ ᠡᠴᠡ ᠰᠡᠷᠭᠡᠢᠯᠡᠬᠦ᠌ ᠳᠡᠪᠢᠰᠭᠡᠷ ᠳᠡᠪᠢᠰᠴᠦ᠍᠂ ᠰᠠᠨᠠᠭᠤᠯᠤᠮᠵᠢ᠎ᠶ᠋ᠢᠨ ᠫᠠᠢᠰᠠ ᠪᠤᠰᠬᠠᠵᠤ᠂ ᠲᠤᠰᠭᠠᠶ ᠬᠥᠮᠦᠨ ᠳᠤᠬᠢᠷᠠᠭᠤᠯᠤᠨ ᠬᠥᠲᠥᠯᠦᠨ ᠵᠢᠯᠣᠭᠣᠳᠬᠤ ᠪᠠ ᠰᠡᠷᠭᠡᠢᠯᠡᠨ ᠬᠠᠮᠠᠭᠠᠯᠠᠵᠤ᠂ ᠠᠶᠠᠨᠴᠢᠳ᠎ᠤᠨ ᠱᠠᠳᠤ ᠪᠡᠷ ᠪᠠᠭᠤᠬᠤ ᠠᠮᠤᠷ ᠲᠦᠪᠱᠢᠨ᠎ᠢ ᠪᠠᠲᠤᠯᠠᠪᠠ᠃ ᠤᠯᠤᠰ᠎ᠤᠨ ᠲᠡᠮᠦᠷ ᠵᠠᠮ᠎ᠤᠨ ᠱᠠᠩᠬᠠᠶ᠎ᠶ᠋ᠢᠨ ᠲᠣᠪᠴᠢᠶᠠᠨ᠎ᠤ ᠪᠦᠯᠦᠭ᠌ᠯᠡᠯ ᠺᠣᠮᠫᠠᠨᠢ 605 ᠴᠤᠪᠤᠭ᠎ᠠ ᠠᠶᠠᠨᠴᠢᠳ᠎ᠤᠨ ᠭᠠᠯᠳᠤ ᠲᠡᠷᠭᠡ ᠨᠡᠮᠡᠵᠦ᠍᠂ ᠬᠠᠩᠵᠧᠦ᠍᠎ᠶ᠋ᠢᠨ ᠵᠡᠭᠦᠨ ᠥᠷᠲᠡᠭᠡ AI ᠲᠤᠰᠠᠯᠠᠭ᠍ᠴᠢ 《ᠬᠠᠩ ᠱᠢᠶᠤᠤ ᠳ᠋ᠦᠩ》 ᠢ᠋ ᠬᠡᠷᠡᠭᠯᠡᠭᠡᠨ᠎ᠳᠦ ᠣᠷᠣᠭᠤᠯᠵᠤ᠂ ᠠᠶᠠᠨᠴᠢᠳ᠎ᠲᠤ ᠶᠠᠪᠤᠵᠤ ᠰᠠᠭᠤᠬᠤ ᠲᠥᠰᠦᠯ ᠬᠠᠩᠭᠠᠪᠠ᠃ ᠤᠯᠤᠰ᠎ᠤᠨ ᠲᠡᠮᠦᠷ ᠵᠠᠮ᠎ᠤᠨ ᠦᠷᠦᠮᠴᠢ᠎ᠶ᠋ᠢᠨ ᠲᠤᠪᠴᠢᠶᠠᠨ᠎ᠤ ᠪᠦᠯᠦᠭ᠌ᠯᠡᠯ ᠺᠣᠮᠫᠠᠨᠢ ᠠᠶᠠᠨᠴᠢᠳ᠎ᠤᠨ ᠭᠠᠯᠲᠤ ᠲᠡᠷᠭᠡ᠎ᠶ᠋ᠢ 36 ᠨᠡᠮᠡᠵᠦ᠍᠂ 23 ᠴᠤᠪᠤᠭ᠎ᠠ ᠬᠦᠳᠡᠯᠭᠡᠬᠦ ᠬᠦᠴᠦᠨ᠎ᠳᠦ ᠭᠠᠯᠳᠤ ᠲᠡᠷᠭᠡ᠎ᠶ᠋ᠢ ᠳᠠᠬᠢᠨ ᠬᠤᠯᠪᠤᠵᠤ ᠠᠵᠢᠯᠯᠠᠭᠤᠯᠬᠤ᠎ᠪᠠᠷ ᠲᠣᠬᠢᠷᠠᠭᠤᠯᠪᠠ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 2 ᠰᠠᠷ᠎ᠠ᠎ᠶ᠋ᠢᠨ 23᠎ᠤ᠋ ᠴᠠᠬᠢᠯᠭᠠᠨ ᠮᠡᠳᠡᠭᠡ)