ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ ᠪᠥᠬᠥ᠌ ᠤᠯᠤᠰ᠎ᠤᠨ ᠵᠠᠮ ᠬᠠᠷᠢᠯᠴᠠᠭ᠎ᠠ ᠶᠡᠷᠦᠩᠬᠡᠶ᠎ᠳᠡᠭᠡᠨ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠪᠠᠢᠨ᠎ᠠ
2026-02-25 11:39:30
ᠵᠣᠬᠢᠶᠠᠭ᠍ᠴᠢ᠄
ᠰᠦᠨ ᠫᠧᠩ ᠴᠧᠩ ᠳ᠋ᠦᠩ ᠪᠥᠸᠧ ᠲᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 2 ᠰᠠᠷ᠎ᠠ᠎ᠶ᠋ᠢᠨ 23 ᠎ᠤ᠋ ᠡᠳᠦᠷ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠡᠴᠡ ᠣᠢᠯᠠᠭᠠᠭ᠍ᠰᠠᠨ᠎ᠢᠶᠠᠷ᠂ ᠡᠨᠡ ᠵᠢᠯ᠎ᠦᠨ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠦ ᠬᠥᠮᠦᠰ᠎ᠦᠨ ᠶᠠᠪᠤᠵᠤ ᠰᠠᠭᠤᠭᠰᠠᠨ ᠬᠡᠮᠵᠢᠶ᠎ᠡ ᠶᠡᠬᠡ ᠪᠠᠢᠵᠤ᠂ ᠪᠥᠬᠥ᠌ ᠤᠯᠤᠰ᠎ᠤᠨ ᠵᠠᠰᠠᠮᠠᠯ ᠵᠠᠮ᠎ᠳᠡᠬᠢ ᠬᠥᠮᠦᠰ᠎ᠦᠨ ᠶᠠᠪᠤᠵᠤ ᠰᠠᠭᠤᠭᠰᠠᠨ ᠶᠡᠷᠦᠩᠬᠡᠶ ᠬᠡᠮᠵᠢᠶ᠎ᠡ ᠪᠠ ᠭᠠᠭ᠍ᠴᠠ ᠡᠳᠦᠷ᠎ᠦᠨ ᠤᠷᠤᠰᠴᠠ᠎ᠶ᠋ᠢᠨ ᠣᠷᠭᠢᠯ ᠬᠡᠮᠵᠢᠭ᠌ᠳᠡᠯ᠎ᠨᠢ ᠴᠥᠮ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ᠃ 2 ᠰᠠᠷ᠎ᠠ᠎ᠶ᠋ᠢᠨ 23᠎ᠤ᠋ ᠡᠳᠦᠷ᠎ᠦᠨ 18 ᠴᠠᠭ ᠪᠣᠯᠲᠠᠯ᠎ᠠ᠂ ᠪᠥᠬᠥ᠌ ᠤᠯᠤᠰ᠎ᠤᠨ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠪᠠᠢᠳᠠᠯ ᠶᠡᠷᠦᠩᠬᠡᠶ᠎ᠳᠡᠭᠡᠨ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠪᠠᠢᠵᠤ᠂ ᠬᠦᠨᠳᠦ ᠣᠨᠴᠠ ᠶᠡᠬᠡ ᠵᠠᠮ ᠬᠠᠷᠢᠯᠴᠠᠭᠠᠨ᠎ᠤ ᠡᠨᠳᠡᠯ ᠬᠡᠷᠡᠭ᠎ᠦᠨ ᠮᠡᠳᠡᠭᠦᠯᠦᠯᠲᠡ᠎ᠶ᠋ᠢ ᠭᠥᠯᠢᠶᠡᠵᠦ ᠳᠤᠰᠤᠭᠰᠠᠨ ᠦᠭᠡᠢ᠃

ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠪᠥᠬᠥ᠌ ᠤᠯᠤᠰ᠎ᠤᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠠᠮᠤᠷ ᠲᠦᠪᠱᠢᠨ᠎ᠢ ᠪᠠᠲᠤᠯᠠᠬᠤ᠂ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠬᠤ ᠭᠡᠬᠦ᠌ ᠭᠤᠤᠯ ᠡᠭᠦᠷᠭᠡ᠎ᠲᠡᠶ ᠨᠢᠭ᠍ᠲᠠ ᠤᠶᠠᠯᠳᠤᠭᠤᠯᠤᠨ᠂ ᠤᠷᠢᠳᠴᠢᠯᠠᠨ ᠰᠤᠳᠤᠯᠤᠨ ᠲᠥᠯᠥᠪᠯᠡᠵᠦ᠍᠂ ᠨᠠᠷᠢᠨ ᠨᠢᠮᠪᠠᠶ ᠵᠣᠬᠢᠶᠠᠨ ᠪᠠᠢᠭᠤᠯᠤᠨ ᠪᠠᠢᠷᠢᠯᠠᠭᠤᠯᠵᠤ᠂ ᠵᠠᠮ ᠳᠡᠭᠡᠷᠡᠬᠢ ᠬᠠᠮᠢᠶᠠᠷᠤᠯᠲᠠ ᠡᠵᠡᠮᠳᠡᠯ᠎ᠢ ᠴᠢᠩᠭᠠᠳᠭᠠᠨ᠂ ᠤᠬᠠᠭᠤᠯᠵᠤ ᠬᠥᠲᠥᠯᠥᠨ ᠵᠢᠯᠣᠭᠣᠳᠭᠤ᠎ᠪᠠᠨ ᠴᠢᠩᠭᠠᠳᠭᠠᠵᠤ᠂ ᠠᠷᠠᠳ ᠣᠯᠠᠨ᠎ᠳᠤ ᠵᠠᠮ ᠬᠠᠷᠢᠯᠴᠠᠭᠠᠨ᠎ᠤ ᠰᠠᠢᠨ ᠰᠠᠢᠬᠠᠨ ᠣᠷᠴᠢᠨ ᠨᠥᠬᠥᠴᠡᠯ᠎ᠢ ᠴᠢᠷᠮᠠᠢᠨ ᠡᠭᠦᠳᠴᠦ ᠦᠭᠪᠡ᠃ ᠡᠯ᠎ᠡ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠴᠠᠭ᠍ᠳᠠᠭᠠᠨ᠎ᠤ ᠬᠦᠴᠦᠨ᠂ ᠵᠡᠪᠰᠡᠭ ᠲᠣᠨᠣᠭ᠍ᠯᠠᠯ᠎ᠢ ᠨᠢᠭᠡᠳᠦᠭᠡᠷ ᠹᠷᠣᠨᠲ᠎ᠲᠤ ᠣᠷᠣᠭᠤᠯᠵᠤ᠂ ᠴᠠᠭ᠍ᠳᠠᠨ ᠲᠣᠭᠣᠷᠢᠵᠤ ᠬᠠᠮᠢᠶᠠᠷᠤᠨ ᠡᠵᠡᠮᠳᠡᠬᠦ᠌᠂ ᠵᠢᠭᠠᠨ ᠵᠢᠯᠣᠭᠣᠳᠭᠤ ᠪᠠ ᠬᠥᠲᠥᠯᠥᠨ ᠵᠢᠯᠣᠭᠣᠳᠭᠤ ᠪᠠᠨ ᠴᠢᠩᠭᠠᠳᠭᠠᠪᠠ᠃ ᠶᠡᠬᠡ ᠰᠠᠯᠬᠢᠯᠠᠵᠤ ᠬᠦᠶ᠋ᠲᠡᠷᠡᠬᠦ᠌᠂ ᠪᠣᠷᠣᠭᠠᠨ ᠮᠠᠨᠠᠨ ᠮᠥᠰᠥ᠍ ᠴᠠᠰᠤ᠎ᠲᠠᠶ ᠴᠠᠭ ᠠᠭᠤᠷ᠎ᠲᠤ ᠴᠢᠭ᠌ᠯᠡᠭᠦᠯᠦᠨ᠂ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠳ ᠴᠠᠭ ᠠᠭᠤᠷ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠪᠣᠯᠤᠨ ᠨᠢᠭᠡᠴᠢ᠎ᠯᠦᠭᠡ ᠨᠢᠭ᠍ᠲᠠ ᠬᠠᠮᠵᠢᠯᠴᠠᠨ᠂ ᠴᠠᠭ ᠠᠭᠤᠷ᠎ᠲᠤ ᠨᠥᠯᠥᠭᠡᠯᠡᠭ᠌ᠳᠡᠭ᠌ᠰᠡᠨ ᠵᠠᠮ᠎ᠤᠨ ᠬᠡᠰᠡᠭ᠎ᠦᠨ ᠠᠮᠤᠷ ᠲᠦᠪᠱᠢᠨ᠎ᠢᠶᠡᠷ ᠨᠡᠪᠲᠡᠷᠡᠬᠦ᠌᠎ᠶ᠋ᠢ ᠪᠠᠲᠤᠯᠠᠪᠠ᠃

ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭ᠎ᠠ ᠳᠠᠭᠤᠰᠬᠤ ᠪᠡᠷ᠂ ᠵᠢᠱ᠌ᠢᠯᠲᠡ᠎ᠪᠡᠷ ᠴᠠᠭᠠᠨ ᠰᠠᠷ᠎ᠠ᠎ᠶ᠋ᠢᠨ ᠠᠷᠪᠠᠨ ᠲᠠᠪᠤᠨ᠎ᠤ ᠪᠠᠶᠠᠷ᠎ᠤᠨ ᠡᠮᠦᠨ᠎ᠡ ᠬᠣᠢᠨ᠎ᠠ ᠪᠣᠯᠲᠠᠯ᠎ᠠ ᠪᠤᠴᠠᠬᠤ ᠠᠶᠠᠨᠴᠢᠳ᠎ᠤᠨ ᠴᠤᠪᠤᠭ᠎ᠠ ᠲᠡᠷᠭᠡ᠎ᠵᠢᠨ ᠳᠤᠭ᠎ᠠ ᠮᠥᠨ ᠦᠨᠳᠦᠷ ᠬᠡᠮᠵᠢᠶ᠎ᠡ ᠪᠡᠷ ᠠᠶᠠᠯᠠᠵᠤ᠂ ᠬᠡᠰᠡᠭ ᠭᠠᠵᠠᠷ ᠣᠷᠣᠨ᠎ᠳᠤ ᠪᠠᠰᠠ ᠱᠢᠨ᠎ᠡ ᠨᠢᠭᠡᠨ ᠡᠭᠡᠯᠵᠢ᠎ᠶ᠋ᠢᠨ ᠪᠣᠷᠣᠭᠠᠨ ᠴᠠᠰᠤ ᠣᠷᠣᠵᠤ ᠳᠤᠯᠠᠭᠠᠨ᠎ᠤ ᠬᠡᠮᠵᠢᠶ᠎ᠡ ᠪᠠᠭᠤᠷᠠᠬᠤ ᠴᠠᠭ ᠠᠭᠤᠷ᠎ᠢ ᠤᠭ᠍ᠲᠤᠬᠤ ᠪᠣᠯᠤᠨ᠎ᠠ᠃ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠡᠴᠡ ᠥᠷᠭᠡᠨ ᠣᠯᠠᠨ ᠵᠢᠯᠣᠭᠣᠴᠢ᠎ᠳᠤ ᠴᠠᠭ ᠠᠭᠤᠷ ᠪᠣᠯᠤᠨ ᠵᠠᠮ ᠨᠡᠪᠲᠡᠷᠡᠯᠭᠡ᠎ᠶ᠋ᠢᠨ ᠪᠠᠢᠳᠠᠯ᠎ᠢ ᠨᠢᠭ᠍ᠲᠠ ᠠᠩᠬᠠᠷᠴᠤ᠌᠂ ᠠᠶᠠᠨ ᠵᠠᠮ᠎ᠢᠶᠠᠨ ᠵᠦᠶ ᠵᠣᠬᠢᠰᠲᠠᠶ ᠲᠥᠯᠥᠪᠵᠢᠭᠦᠯᠦᠨ ᠲᠣᠬᠢᠷᠠᠭᠤᠯᠵᠤ᠂ ᠵᠠᠮ ᠬᠥᠭᠡᠭᠡᠬᠦ᠌᠎ᠶ᠋ᠢᠨ ᠲᠥᠯᠥᠭᠡ ᠬᠡᠲᠦ ᠲᠦᠷᠭᠡᠨ ᠳᠠᠪᠬᠢᠭᠤᠯᠵᠤ᠂ ᠶᠠᠳᠠᠷᠠᠯ ᠴᠢᠯᠡᠭᠡ ᠲᠠᠢ ᠪᠡᠷ ᠲᠡᠷᠭᠡ ᠵᠢᠯᠣᠭᠣᠳᠴᠤ ᠪᠤᠯᠬᠤ ᠦᠭᠡᠢ ᠭᠡᠵᠦ ᠰᠠᠨᠠᠭᠤᠯᠪᠠ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 2 ᠰᠠᠷ᠎ᠠ᠎ᠶ᠋ᠢᠨ 23᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号