ᠬᠦᠬᠡᠬᠤᠳᠠ ᠵᠢᠨ 2026 ᠤᠨ ᠤ᠋ ᠴᠠᠭᠠᠨ ᠰᠠᠷ᠎ᠠ ᠵᠢᠨ ᠵᠦᠬᠡᠬᠡᠪᠦᠷᠢ ᠵᠢ ᠬᠠᠮᠠᠭᠠᠯᠠᠬᠤ ᠠᠵᠢᠯ ᠤᠷᠤᠬᠰᠢᠳᠠᠢ ᠶᠠᠪᠤᠬᠳᠠᠵᠤ ᠪᠤᠢ
2026-02-25 16:25:19
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠵᠠᠮ ᠬᠠᠷᠢᠯᠴᠠᠭᠠᠨ ᠤ᠋ ᠡᠨᠳᠡᠯ ᠎ᠢ ᠪᠦᠬᠦ ᠬᠦᠴᠦᠨ ᠵᠢᠡᠷ ᠤᠷᠢᠳᠴᠢᠯᠠᠨ ᠰᠡᠷᠬᠡᠢᠯᠡᠵᠦ᠂ ᠠᠷᠠᠳ ᠤᠯᠠᠨ ᠤ᠋ ᠠᠮᠤᠷ ᠲᠦᠪᠰᠢᠨ ᠭᠠᠳᠠᠬᠰᠢ ᠭᠠᠷᠬᠤ ᠵᠢ ᠦᠨᠡᠨ ᠬᠦ᠌ ᠪᠠᠳᠤᠯᠠᠵᠤ᠂ ᠴᠠᠭᠠᠨ ᠰᠠᠷ᠎ᠠ ᠪᠡᠨ ᠪᠠᠶᠠᠷ ᠪᠠᠶᠠᠰᠬᠤᠯᠠᠩᠳᠠᠢ ᠦᠩᠬᠡᠷᠡᠬᠦᠯᠬᠦ ᠳ᠋ᠸ᠋ ᠰᠠᠢᠨ ᠰᠠᠢᠬᠠᠨ ᠵᠠᠮ ᠬᠠᠷᠢᠯᠴᠠᠭᠠᠨ ᠤ᠋ ᠤᠷᠴᠢᠨ ᠲᠤᠭᠤᠷᠢᠨ᠎ᠢ ᠪᠤᠢ ᠪᠤᠯᠭᠠᠬᠤ ᠵᠢᠨ ᠲᠤᠯᠠᠳᠠ᠂ ᠤᠢᠷ᠎ᠠ ᠵᠢᠨ ᠡᠳᠦᠷ ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠵᠠᠮ ᠬᠠᠷᠢᠯᠴᠠᠭᠠᠨ ᠤ᠋ ᠬᠠᠮᠢᠶᠠᠷᠤᠯᠳᠠ ᠵᠢᠨ ᠰᠠᠯᠪᠤᠷᠢ ᠠᠩᠬᠢ ᠡᠴᠨ ᠭᠤᠤᠯᠯᠠᠨ ᠡᠷᠬᠢᠯᠡᠭᠰᠡᠨ 2026 ᠤᠨ ᠤ᠋ ᠴᠠᠭᠠᠨ ᠰᠠᠷ᠎ᠠ ᠵᠢᠨ ᠵᠦᠬᠡᠬᠡᠪᠦᠷᠢ ᠵᠢᠨ ᠡᠬᠢᠯᠡᠯᠳᠡ ᠵᠢᠨ ᠶᠤᠰᠤᠯᠠᠯ ᠬᠦᠬᠡᠬᠤᠳᠠ ᠵᠢᠨ ᠮᠠᠰᠢᠨ ᠲᠡᠷᠬᠡᠨ ᠤ᠋ ᠠᠶᠠᠨᠴᠢᠳ ᠤ᠋ᠨ ᠵᠦᠬᠡᠬᠡᠪᠦᠷᠢ ᠵᠢᠨ ᠪᠠᠷᠠᠭᠤᠨ ᠦᠷᠳᠡᠬᠡᠨ ᠳ᠋ᠸ᠋ ᠶᠠᠪᠤᠬᠳᠠᠵᠠᠢ᠃ ᠡᠨᠡ ᠨᠢ ᠬᠦᠬᠡᠬᠤᠳᠠ ᠵᠢᠨ ᠵᠠᠮ ᠬᠠᠷᠢᠯᠴᠠᠭᠠᠨ ᠤ᠋ ᠴᠠᠬᠳᠠᠭ᠎ᠠ ᠵᠢᠨ ᠴᠠᠭᠠᠨ ᠰᠠᠷ᠎ᠠ ᠵᠢᠨ ᠵᠦᠬᠡᠬᠡᠪᠦᠷᠢ ᠵᠢ ᠬᠠᠮᠠᠭᠠᠯᠠᠬᠤ ᠵᠠᠬᠪᠤᠷ ᠪᠦᠬᠦ ᠲᠠᠯ᠎ᠠ ᠪᠡᠷ ᠡᠬᠢᠯᠡᠭᠰᠡᠨ᠎ᠢ ᠬᠠᠷᠠᠭᠤᠯᠵᠤ ᠪᠤᠢ᠃

ᠠᠵᠢᠯᠯᠠᠭ᠎ᠠ ᠵᠢᠨ ᠠᠬᠤᠢ ᠲᠠᠯᠠᠪᠠᠢ ᠳ᠋ᠸ᠋᠂ ᠴᠠᠬᠳᠠᠭ᠎ᠠ ᠨᠠᠷ ᠤᠬᠠᠭᠤᠯᠭ᠎ᠠ ᠵᠢᠨ ᠰᠠᠮᠪᠠᠷ᠎ᠠ ᠭᠠᠷᠭᠠᠬᠤ᠂ ᠬᠦᠨᠳᠡᠯᠡᠨ ᠪᠢᠴᠢᠬᠡᠰᠦ ᠡᠯᠬᠦᠬᠦ᠂ ᠮᠠᠲᠸᠷᠢᠶᠠᠯ ᠲᠠᠷᠬᠠᠭᠠᠬᠤ ᠵᠡᠷᠬᠡ ᠠᠷᠭ᠎ᠠ ᠮᠠᠶᠢᠬ ᠵᠢᠡᠷ ᠲᠠᠮᠵᠢᠨ᠂ ᠤᠯᠠᠨ ᠲᠦᠮᠡᠨ ᠳ᠋ᠸ᠋ ᠴᠠᠭᠠᠨ ᠰᠠᠷ᠎ᠠ ᠵᠢᠨ ᠵᠦᠬᠡᠬᠡᠪᠦᠷᠢ ᠵᠢᠨ ᠵᠠᠮ ᠬᠠᠷᠢᠯᠴᠠᠭᠠᠨ ᠤ᠋ ᠠᠮᠤᠷ ᠲᠦᠪᠰᠢᠨ ᠤ᠋ ᠮᠡᠳᠡᠯᠬᠡ ᠵᠢ ᠲᠦᠬᠡᠮᠡᠯᠵᠢᠬᠦᠯᠦᠨ᠂ ᠠᠷᠢᠬᠢ ᠤᠤᠭᠤᠭᠠᠳ ᠮᠠᠰᠢᠨ ᠲᠡᠷᠬᠡ ᠵᠢᠯᠤᠭᠤᠳᠬᠤ᠂ ᠶᠠᠳᠠᠷᠠᠭᠠᠳ ᠮᠠᠰᠢᠨ ᠲᠡᠷᠬᠡ ᠵᠢᠯᠤᠭᠤᠳᠬᠤ ᠵᠡᠷᠬᠡ ᠬᠦᠨᠳᠦ ᠨᠤᠴᠢᠳᠠᠢ ᠬᠠᠤᠯᠢ ᠡᠴᠨ ᠵᠦᠷᠢᠴᠡᠭᠰᠡᠨ ᠠᠵᠢᠯᠯᠠᠭ᠎ᠠ ᠵᠢᠨ ᠬᠤᠤᠷ ᠬᠦᠨᠦᠬᠡᠯ ᠪᠠ ᠬᠠᠤᠯᠢ ᠴᠠᠭᠠᠵᠠ ᠵᠢᠨ ᠦᠷ᠎ᠡ ᠳ᠋ᠦᠩ᠎ᠢ ᠭᠤᠤᠯᠳᠠᠯᠭ᠎ᠠ ᠲᠠᠢ ᠤᠬᠠᠭᠤᠯᠤᠨ ᠲᠠᠢᠯᠪᠤᠷᠢᠯᠠᠪᠠ; ᠤᠯᠠᠨ ᠲᠦᠮᠡᠨ ᠤ᠋ ᠦᠵᠡᠵᠦ ᠰᠤᠨᠢᠷᠬᠠᠬᠤ ᠲᠤᠷᠠᠳᠠᠢ ᠤᠷᠠᠨ ᠰᠠᠢᠬᠠᠨ ᠤ᠋ ᠲᠤᠬᠯᠠᠯᠳᠠ ᠵᠢᠨ ᠬᠡᠯᠪᠡᠷᠢ ᠪᠡᠷ ᠠᠮᠤᠷ ᠲᠦᠪᠰᠢᠨ ᠤ᠋ ᠤᠢᠯᠠᠭᠠᠬᠳᠠᠬᠤᠨ ᠎ᠢ ᠲᠠᠮᠵᠢᠭᠤᠯᠤᠨ᠂ ᠦᠳᠭᠡᠨ ᠵᠤᠵᠠᠭᠠᠨ ᠤᠬᠠᠭᠤᠯᠭ᠎ᠠ ᠵᠢᠨ ᠠᠭᠤᠷ ᠠᠮᠢᠰᠬᠤᠯ᠎ᠢ ᠪᠤᠢ ᠪᠤᠯᠭᠠᠪᠠ᠃ ᠶᠤᠰᠤᠯᠠᠯ ᠤ᠋ᠨ ᠲᠠᠷᠠᠭ᠎ᠠ᠂ ᠵᠠᠮ ᠬᠠᠷᠢᠯᠴᠠᠭᠠᠨ ᠤ᠋ ᠬᠠᠮᠢᠶᠠᠷᠤᠯᠳᠠ ᠵᠢᠨ ᠰᠠᠯᠠᠭ᠎ᠠ ᠮᠦᠴᠢᠷ ᠠᠶᠠᠨᠴᠢᠳ ᠤ᠋ᠨ ᠵᠦᠬᠡᠬᠡᠪᠦᠷᠢ ᠵᠢᠨ ᠮᠠᠰᠢᠨ ᠲᠡᠷᠬᠡᠨ ᠤ᠋ ᠠᠮᠤᠷ ᠲᠦᠪᠰᠢᠨ ᠤ᠋ ᠪᠠᠢᠴᠠᠭᠠᠯᠳᠠ ᠦᠷᠨᠢᠬᠦᠯᠵᠦ᠂ ᠭᠠᠯ ᠤᠨᠳᠠᠷᠠᠭᠠᠭᠤᠷ ᠪᠠ ᠠᠮᠤᠷ ᠲᠦᠪᠰᠢᠨ ᠤ᠋ ᠳᠤᠨᠤᠭ ᠲᠦᠭᠦᠭᠡᠷᠦᠮᠵᠢ ᠲᠤᠬᠢᠷᠠᠭᠤᠯᠤᠬᠰᠠᠨ ᠡᠰᠡᠬᠦ ᠵᠢ ᠭᠤᠤᠯᠳᠠᠯᠭ᠎ᠠ ᠲᠠᠢ ᠪᠠᠢᠴᠠᠭᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号