ᠤᠢᠷ᠎ᠠ᠎ᠶᠢᠨ ᠡᠳᠦᠷ᠂ 2025 ᠣᠨ᠎ᠤ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠢ ᠴᠢᠨᠠᠷ ᠰᠠᠢᠲᠠᠶ ᠬᠥᠭ᠌ᠵᠢᠬᠦᠯᠬᠦ ᠲᠤᠬᠠᠶ᠎ᠶ᠋ᠢᠨ ᠲᠠᠯᠠᠪᠠᠶ᠎ᠶ᠋ᠢᠨ ᠰᠣᠯᠢᠯᠴᠠᠭᠠᠨ᠎ᠤ ᠬᠤᠷᠠᠯ ᠭᠦᠶ᠋ᠵᠧᠸ᠋ ᠬᠣᠲᠠ ᠳ᠋ᠦ᠍ ᠶᠠᠪᠤᠭ᠍ᠳᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠪᠦᠯᠬᠦᠮ ᠳᠠᠭᠠᠭᠤᠯᠤᠨ ᠠᠵᠢᠯᠯᠠᠭ᠎ᠠ᠎ᠳᠤ ᠣᠷᠣᠯᠴᠠᠵᠦ᠂ ᠦᠪᠦᠷ ᠮᠤᠡᠭᠭᠤᠯ ᠮᠤᠵᠢ᠎ᠶ᠋ᠢᠨ ᠲᠠᠰ᠎ᠤᠨ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠰᠠᠯᠠᠭ᠎ᠠ ᠮᠥᠴᠢᠷ᠎ᠦᠨ ᠨᠡᠢᠲᠡᠯᠢᠭ ᠵᠢᠱ᠌ᠢᠶ᠎ᠡ ᠪᠣᠯᠤᠭ᠍ᠰᠠᠨ᠎ᠤ ᠬᠤᠪᠢ᠎ᠳᠤ ᠲᠤᠷᠱᠢᠯᠭ᠎ᠠ᠎ᠪᠠᠨ ᠬᠤᠪᠢᠶᠠᠯᠴᠠᠵᠠᠢ᠃
ᠠᠵᠢᠯᠯᠠᠭ᠎ᠠ ᠨᠢ 《ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡᠶ᠋ᠢ ᠠᠬᠢᠭᠤᠯᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠦᠭᠵᠢᠬᠦᠯᠬᠦ》 ᠭᠤᠤᠯ ᠰᠡᠳᠦᠪ᠎ᠦᠨ ᠲᠣᠭᠣᠷᠢᠨ᠎ᠳᠤ ᠮᠡᠳᠡᠭᠦᠯᠦᠯᠲᠡ ᠬᠢᠬᠦ᠌᠂ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠬᠦ᠌᠂ ᠲᠤᠷᠱᠢᠯᠭ᠎ᠠ ᠰᠣᠯᠢᠯᠴᠠᠬᠤ ᠵᠡᠷᠭᠡ ᠭᠣᠭ᠍ᠴᠣᠭ᠎ᠠ ᠲᠤᠬᠢᠷᠠᠭᠤᠯᠵᠦ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠬᠦᠷᠢᠶᠡᠨ᠎ᠳᠡᠬᠢ ᠲᠤᠰᠭᠠᠶ ᠮᠡᠷᠭᠡᠵᠢᠯᠲᠡᠨ᠂ ᠣᠷᠣᠨ ᠨᠤᠲᠤᠭ᠎ᠤᠨ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ᠎ᠦᠨ ᠵᠣᠬᠢᠶᠠᠨ ᠪᠠᠢᠭᠤᠯᠤᠯᠲᠠ᠂ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ ᠵᠡᠷᠭᠡ ᠨᠢᠭᠡᠴᠢ᠎ᠶ᠋ᠢᠨ 150 ᠭᠠᠷᠤᠶ ᠲᠥᠯᠥᠭᠡᠯᠡᠭ᠌ᠴᠢ ᠬᠤᠷᠠᠯ᠎ᠳᠤ ᠣᠷᠣᠯᠴᠠᠵᠠᠢ᠃
ᠬᠤᠷᠠᠯ ᠳ᠋ᠦ᠂ ᠦᠪᠦᠷ ᠮᠤᠩᠭᠤᠯ 《ᠠᠮᠢᠵᠢᠷᠠᠯ᠎ᠤᠨ ᠬᠦᠴᠦᠨ᠎ᠢ ᠬᠥᠭ᠌ᠵᠢᠭᠡᠨ ᠴᠢᠳᠠᠪᠤᠷᠢ᠎ᠶ᠋ᠢᠨ ᠲᠠᠰ᠎ᠢ ᠳᠡᠭᠡᠭ᠌ᠰᠢᠯᠡᠭᠦᠯᠵᠦ᠍ ᠱᠢᠯᠢᠳᠡᠭ ᠠᠵᠤ ᠦᠶ᠋ᠯᠡᠰ᠎ᠦᠨ ᠣᠷᠣᠨ ᠵᠠᠶ᠎ᠶ᠋ᠢᠨ ᠠᠴᠢᠶᠠᠯᠠᠪᠤᠷᠢ᠎ᠶ᠋ᠢ ᠪᠣᠶ ᠪᠣᠯᠭᠠᠬᠤ》 ᠪᠠᠷ ᠭᠤᠤᠯ ᠰᠡᠳᠦᠪ ᠪᠣᠯᠭᠠᠨ᠂ ᠦᠪᠦᠷ ᠮᠤᠩᠭᠤᠯ᠎ᠤᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠤᠭ᠍ᠰᠠᠨ ᠲᠤᠷᠱᠢᠯᠭ᠎ᠠ ᠪᠠ ᠠᠷᠭ᠎ᠠ ᠪᠠᠨᠨᠠᠷᠢᠯᠢᠭ ᠲᠠᠨᠢᠯᠴᠠᠭᠤᠯᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢ ᠭᠦᠨᠵᠡᠭᠡᠢᠷᠡᠭᠦᠯᠬᠦ᠌ ᠬᠠᠮᠢᠶᠠᠷᠤᠯᠲᠠ᠎ᠶ᠋ᠢᠨ ᠳᠦᠷᠢᠮ᠎ᠦᠨ ᠥᠭᠡᠷᠡᠴᠢᠯᠡᠯᠲᠡ᠂ ᠥᠨᠳᠥᠷ ᠪᠠᠷᠢᠮᠵᠢᠶᠠᠲᠤ ᠪᠠᠢᠭᠤᠯᠤᠯᠲᠠ᠎ᠶ᠋ᠢ ᠠᠬᠢᠭᠤᠯᠬᠤ᠂ ᠬᠥᠭ᠌ᠵᠢᠯᠲᠡ᠎ᠶ᠋ᠢᠨ ᠴᠢᠳᠠᠪᠤᠷᠢ ᠶ᠋ᠢᠨ ᠲᠠᠰ ᠵᠡᠷᠭᠡ 《ᠭᠤᠷᠪᠠᠨ ᠶᠡᠬᠡ ᠡᠭᠦᠷᠭᠡ》 ᠶ᠋ᠢ ᠪᠥᠬᠥ᠌ ᠲᠠᠯ᠎ᠠ ᠪᠠᠷ ᠳᠡᠭᠡᠭ᠌ᠰᠢᠯᠡᠭᠦᠯᠬᠦ᠌ ᠪᠤᠯᠤᠨ ᠨᠢᠭᠡ ᠪᠦᠯᠦᠭ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠂ ᠨᠢᠭᠡ ᠪᠦᠯᠦᠭ ᠣᠨᠴᠠᠯᠢᠭ᠍ᠲᠤ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠎ᠢ ᠡᠭᠦᠳᠦᠨ ᠪᠠᠢᠭᠤᠯᠬᠤ ᠵᠡᠷᠭᠡ 《ᠬᠣᠶᠠᠷ ᠶᠡᠬᠡ ᠭᠠᠷᠳᠠᠴᠠ》 ᠡᠴᠨ ᠬᠦᠭᠵᠢᠬᠦᠯᠬᠦ ᠵᠢ ᠭᠤᠤᠯᠳᠠᠯᠭ᠎ᠠ᠎ᠲᠠᠶ ᠲᠠᠨᠢᠯᠴᠠᠭᠤᠯᠵᠠᠢ᠃