《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ ᠥᠪᠥᠷ ᠮᠣᠩᠭᠣᠯ᠎ᠤᠨ ᠭᠠᠳᠠᠭᠠᠳᠤ ᠠᠷᠠᠯᠵᠢᠶ᠎ᠠ ᠵᠢᠯ ᠳᠤᠮᠳᠠᠴᠢ᠎ᠪᠠᠷ 15.9% ᠨᠡᠮᠡᠭ᠌ᠳᠡᠪᠡ
2026-02-25 16:34:27
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠤᠷᠤᠭᠤᠯᠤᠯᠳᠠ ᠭᠠᠷᠭᠠᠯᠳᠠ ᠵᠢᠨ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠍᠂ ᠶᠠᠰᠤ ᠴᠢᠨᠠᠷ᠎ᠨᠢ ᠲᠣᠭ᠍ᠲᠠᠭᠤᠨ᠎ᠢᠶᠠᠷ ᠳᠡᠭᠡᠭ᠌ᠰᠢᠯᠡᠵᠠᠢ᠃ ᠪᠥᠬᠥ᠌ ᠣᠷᠣᠨ᠎ᠤ ᠡᠳ᠋ ᠪᠠᠷᠠᠭᠠᠨ᠎ᠤ ᠠᠷᠠᠯᠵᠢᠶᠠᠨ᠎ᠤ ᠣᠷᠣᠭᠤᠯᠤᠯᠲᠠ ᠭᠠᠷᠭᠠᠯᠲᠠ 2020 ᠣᠨ᠎ᠳᠤ 1054.2 ᠳ᠋ᠦᠩᠱᠢᠭᠤᠷ ᠲᠥᠭᠥᠷᠢᠭ ᠪᠠᠢᠭ᠍ᠰᠠᠨ᠎ᠡᠴᠠ᠎ᠪᠠᠨ 2025 ᠣᠨ᠎ᠳᠤ 2206.7 ᠳ᠋ᠦᠩᠱᠢᠭᠤᠷ ᠲᠥᠭᠥᠷᠢᠭ ᠪᠤᠯᠤᠨ ᠨᠡᠮᠡᠭᠳᠡᠵᠤ᠂ ᠵᠢᠯ ᠳᠤᠮᠳᠠᠴᠢ ᠪᠠᠷ 15.9% ᠨᠡᠮᠡᠭ᠌ᠳᠡᠵᠦ᠍᠂ ᠪᠥᠬᠥ᠌ ᠤᠯᠤᠰ᠎ᠤᠨ ᠳᠤᠮᠳᠠᠴᠢ ᠨᠡᠮᠡᠭ᠌ᠳᠡᠯ᠎ᠦᠨ ᠬᠤᠷᠳᠤᠴᠠ᠎ᠠᠴᠠ ᠵᠠᠭᠤᠨ᠎ᠤ ᠬᠠᠷᠢᠴᠠᠯ ᠵᠢᠡᠷ 8.8 ᠬᠤᠪᠢ ᠥᠨᠳᠥᠷ ᠪᠣᠯᠪᠠ᠃ ᠲᠠᠪᠤᠨ ᠵᠢᠯ᠎ᠦᠨ ᠬᠤᠭᠤᠴᠠᠭᠠᠨ᠎ᠳᠤ᠂ ᠪᠥᠬᠥ᠌ ᠣᠷᠣᠨ᠎ᠤ ᠭᠠᠳᠠᠭᠠᠳᠤ ᠠᠷᠠᠯᠵᠢᠶᠠᠨ᠎ᠤ ᠣᠷᠣᠭᠤᠯᠤᠯᠲᠠ ᠭᠠᠷᠭᠠᠯᠲᠠ ᠨᠡᠢᠲᠡ 8979.1 ᠳ᠋ᠦᠩᠱᠢᠭᠤᠷ ᠲᠥᠭᠥᠷᠢᠭ᠎ᠲᠦ ᠬᠦᠷᠴᠦ᠍᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ᠋ ᠬᠢ ᠡᠴᠡ 83.4% ᠪᠡᠷ ᠨᠡᠮᠡᠭ᠌ᠳᠡᠪᠡ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠪᠥᠬᠥ᠌ ᠣᠷᠣᠨ᠎ᠤ ᠭᠠᠳᠠᠭᠠᠳᠤ ᠠᠷᠠᠯᠵᠢᠶ᠎ᠠ ᠵᠢᠯ ᠳᠠᠷᠠᠭᠠᠯᠠᠨ ᠨᠡᠮᠡᠭ᠌ᠳᠡᠵᠦ᠍᠂ 2021 ᠣᠨ᠎ᠳᠦ 1230.8 ᠳ᠋ᠦᠩᠱᠢᠭᠤᠷ ᠲᠥᠭᠥᠷᠢᠭ᠎ᠡᠴᠡ 2022 ᠣᠨ᠎ᠳᠤ 1506.7 ᠳ᠋ᠦᠩᠱᠢᠭᠤᠷ ᠲᠥᠭᠥᠷᠢᠭ ᠪᠣᠯᠤᠨ ᠨᠡᠮᠡᠭ᠌ᠳᠡᠵᠦ᠍᠂ 2023 ᠣᠨ᠎ᠤ 1960 ᠳ᠋ᠦᠩᠱᠢᠭᠤᠷ ᠲᠥᠭᠥᠷᠢᠭ᠎ᠡᠴᠡ 2024 ᠣᠨ᠎ᠳᠤ 2074.9 ᠳ᠋ᠦᠩᠱᠢᠭᠤᠷ  ᠲᠥᠭᠥᠷᠢᠭ ᠪᠣᠯᠤᠨ ᠳᠡᠭᠡᠭ᠌ᠰᠢᠯᠡᠵᠦ᠍᠂ 2025 ᠣᠨ᠎ᠳᠤ ᠨᠠᠩ ᠴᠤ᠌ 2206.7 ᠳ᠋ᠦᠩᠱᠢᠭᠤᠷ ᠲᠥᠭᠥᠷᠢᠭ᠎ᠦᠨ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠪᠥᠬᠥ᠌ ᠣᠷᠣᠨ᠎ᠤ ᠭᠠᠳᠠᠭᠠᠳᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠬᠡᠪᠴᠢᠶ᠎ᠡ ᠠᠯᠬᠤᠮ ᠠᠯᠬᠤᠮ᠎ᠢᠶᠠᠷ ᠥᠷᠭᠡᠳᠴᠦ᠍᠂ 2021 ᠣᠨ᠎ᠳᠤ ᠮᠠᠨ᠎ᠤ ᠣᠷᠣᠨ᠎ᠯᠤᠭ᠎ᠠ ᠭᠠᠳᠠᠭᠠᠳᠤ ᠠᠷᠠᠯᠵᠢᠶᠠᠨ᠎ᠤ ᠶᠠᠪᠤᠯᠴᠠᠭ᠎ᠠ᠎ᠲᠠᠶ ᠤᠯᠤᠰ ᠪᠠ ᠭᠠᠵᠠᠷ ᠣᠷᠣᠨ 186 ᠪᠠᠢᠬᠰᠠᠨ ᠡᠴᠡ ᠪᠠᠨ 2025 ᠣᠨ᠎ᠳᠤ 201 ᠪᠤᠯᠤᠨ ᠨᠡᠮᠡᠭᠳᠡᠵᠤ᠂ ᠪᠥᠬᠥ᠌ ᠣᠷᠣᠨ᠎ᠤ ᠭᠠᠳᠠᠭᠠᠳᠤ ᠠᠷᠠᠯᠵᠢᠶᠠᠨ᠎ᠤ ᠲᠣᠭ᠍ᠲᠠᠭᠤᠨ᠎ᠢᠶᠠᠷ ᠳᠡᠭᠡᠭ᠌ᠰᠢᠯᠡᠬᠦ᠌᠎ᠳᠦ ᠬᠦᠴᠦᠨ ᠨᠡᠮᠡᠷᠢᠯᠡᠪᠡ᠃

《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠪᠥᠬᠥ᠌ ᠣᠷᠣᠨ᠎ᠤ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ 2021 ᠣᠨ᠎ᠳᠤ 66.6 ᠳ᠋ᠦᠩᠱᠢᠭᠤᠷ ᠲᠥᠭᠥᠷᠢᠭ ᠪᠠᠢᠭ᠍ᠰᠠᠨ᠎ᠠᠴᠠ᠎ᠪᠠᠨ 2025 ᠣᠨ᠎ᠳᠤ 276.1 ᠳ᠋ᠦᠩᠱᠢᠭᠤᠷ ᠲᠥᠭᠥᠷᠢᠭ ᠪᠣᠯᠤᠨ ᠨᠡᠮᠡᠭ᠌ᠳᠡᠵᠦ᠍᠂ 3.1 ᠳᠠᠬᠢᠨ ᠨᠡᠮᠡᠭ᠌ᠳᠡᠵᠦ᠍᠂ ᠮᠠᠨ᠎ᠤ ᠣᠷᠣᠨ᠎ᠤ ᠭᠠᠳᠠᠭᠠᠳᠤ ᠠᠷᠠᠯᠵᠢᠶ᠎ᠠ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠤᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号