ᠦᠪᠦᠷ ᠮᠤᠩᠭᠤᠯ ᠭᠤᠷᠪᠠᠨ ᠵᠢᠯ᠎ᠳᠦ ᠲᠦᠮᠡᠨ ᠳ᠋ᠦᠩᠱᠢᠭᠤᠷ ᠲᠦᠬᠦᠷᠢᠭ᠎ᠦᠨ ᠪᠡᠯᠡ ᠮᠦᠩᠬᠦ ᠤᠷᠤᠭᠤᠯᠤᠨ ᠠᠪᠴᠢᠷᠠᠬᠤ ᠬᠠᠷᠠᠯᠳᠠ ᠪᠠᠨ ᠤᠷᠢᠳᠴᠢᠯᠠᠨ ᠪᠡᠶᠡᠯᠡᠬᠦᠯᠵᠡᠢ
2026-02-25 16:47:19
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠦᠪᠤᠷ ᠮᠤᠨᠭᠭᠤᠯ ᠤ᠋ᠨ ᠠᠷᠠᠯᠵᠢᠶᠠᠴᠢᠨ ᠤᠷᠢᠵᠤ ᠪᠡᠯᠡ ᠮᠦᠨᠭᠬᠦ ᠤᠷᠤᠭᠤᠯᠤᠨ ᠠᠪᠴᠢᠷᠠᠬᠤ ᠠᠵᠢᠯ ᠭᠤᠷᠪᠠᠨ ᠵᠢᠯ᠎ᠳᠦ ᠲᠦᠮᠡᠨ ᠳ᠋ᠦᠩᠱᠢᠭᠤᠷ ᠲᠥᠭᠥᠷᠢᠭ ᠤ᠋ᠨ ᠪᠡᠯᠡ ᠮᠦᠨᠭᠬᠦ ᠣᠷᠣᠭᠤᠯᠤᠨ ᠠᠪᠴᠢᠷᠠᠬᠤ ᠬᠠᠷᠠᠯᠲᠠ᠎ᠪᠠᠨ 2025 ᠤᠨ ᠳ᠋ᠤ᠌ ᠨᠢᠬᠡ ᠵᠢᠯ ᠤᠷᠢᠳᠴᠢᠯᠠᠨ ᠪᠡᠶᠡᠯᠡᠭᠦᠯᠪᠡ᠃ ᠵᠢᠱ᠌ᠢᠯᠳᠡ ᠪᠡᠷ ᠭᠤᠷᠪᠡᠨ ᠵᠢᠯ ᠳ᠋ᠤ᠌ ᠤᠯᠤᠰ ᠤ᠋ᠨ ᠲᠤᠳᠤᠭᠠᠳᠤ ᠢ᠋ᠢᠨ ᠪᠠᠯᠠ ᠮᠥᠩᠭᠥ᠎ᠶ᠋ᠢ 1.6 ᠲᠦᠮᠡᠨ ᠳ᠋ᠦᠩᠱᠢᠭᠤᠷ ᠲᠥᠭᠥᠷᠢᠭ ᠣᠷᠣᠭᠤᠯᠤᠨ ᠠᠪᠴᠢᠷᠠᠵᠤ ᠂ 60% ᠎ᠶ᠋ᠢ ᠳᠠᠪᠠᠭᠤᠯᠤᠨ ᠪᠡᠶᠡᠯᠡᠭᠦᠯᠬᠦ ᠪᠤᠯᠤᠨ᠎ᠡ᠃ ᠵᠢᠱ᠌ᠢᠯᠳᠡ ᠪᠡᠷ 2025 ᠤᠨ ᠳ᠋ᠤ᠌ ᠪᠥᠬᠥ᠌ ᠣᠷᠣᠨ᠎ᠤ ᠤᠯᠤᠰ᠎ᠤᠨ ᠳᠣᠲᠣᠭᠠᠳᠤ᠎ᠶ᠋ᠢᠨ ᠪᠠᠯᠠ ᠮᠥᠩᠭᠥ᠌ ᠢ᠋ᠢ 5700 ᠳ᠋ᠦᠩᠱᠢᠭᠤᠷ ᠲᠥᠭᠥᠷᠢᠭ᠎ᠤᠷᠤᠭᠤᠯᠤᠨ ᠠᠪᠴᠢᠷᠠᠵᠤ᠂ 10 ᠲᠣᠮᠣ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠪᠦᠯᠦᠭᠵᠢᠯ ᠤ᠋ᠨ ᠪᠠᠯᠠ ᠮᠦᠨᠭᠬᠦ  ᠤᠷᠤᠭᠤᠯᠤᠨ ᠠᠪᠴᠢᠷᠠᠬᠤ ᠬᠡᠮᠵᠢᠶ᠎ᠡ᠎ᠶ᠋ᠢᠨ ᠡᠵᠡᠯᠡᠬᠦ᠌ ᠬᠠᠷᠢᠴᠠᠯ 60 % ᠎ᠶ᠋ᠢ ᠲᠠᠪᠠᠬᠤ ᠪᠤᠯᠤᠨ᠎ᠡ᠃

ᠴᠢᠬᠤᠯᠠ ᠶᠡᠬᠡ ᠲᠦᠷᠦᠯ ᠵᠦᠢᠯ ᠤ᠋ᠨ ᠬᠡᠷ᠎ᠡ  ᠲᠤᠭᠳᠠᠭᠰᠠᠨ ᠦᠷ᠎ᠡ ᠪᠦᠳᠦᠮᠵᠢ ᠢᠯᠡᠷᠬᠡᠢ ᠪᠤᠯᠪᠠ᠃ 2025 ᠤᠨ ᠳ᠋ᠤ᠌ 500 ᠲᠦᠮᠡᠨ ᠲᠥᠭᠥᠷᠢᠭ᠎ᠢ᠋ ᠲᠠᠪᠠᠭᠰᠠᠨ ᠠᠷᠠᠯᠵᠢᠶᠠᠴᠢᠨ ᠤᠷᠢᠵᠤ ᠪᠠᠯᠠ ᠮᠦᠨᠭᠬᠦ ᠤᠷᠤᠭᠤᠯᠤᠨ ᠠᠪᠴᠢᠷᠠᠬᠤ  1472 ᠲᠦᠷᠦᠯ ᠵᠦᠢᠯ ᠳ᠋ᠤ᠌ ᠬᠡᠷ᠎ᠡ ᠲᠤᠭᠳᠠᠵᠤ᠂ 1070 ᠲᠥᠷᠥᠯ ᠵᠦᠶ᠋ᠯ᠎ᠢ ᠨᠢᠭᠡᠳᠦᠯᠲᠡᠶ ᠠᠵᠢᠯ ᠡᠬᠢᠯᠡᠭᠦᠯᠵᠦ᠍᠂ ᠠᠵᠢᠯ ᠡᠬᠢᠯᠡᠭᠦᠯᠦᠭ᠌ᠰᠡᠨ ᠨᠣᠷᠮ᠎ᠠ 72.7% ᠎ᠳ᠋ᠤ ᠬᠦᠷᠴᠦ᠍᠂ 2024 ᠣᠨ᠎ᠤ᠎ᠬᠢ᠎ᠡᠴᠡ ᠵᠠᠭᠤᠨ ᠤ᠋ ᠬᠠᠷᠢᠴᠡᠯ ᠢ᠋ᠢᠡᠷ 8.2 ᠬᠤᠪᠢ ᠳᠡᠭᠡᠭ᠌ᠰᠢᠯᠡᠪᠡ᠃ ᠡᠯ᠎ᠡ ᠠᠢᠮᠠᠭ  ᠬᠣᠲᠠ᠎ᠶ᠋ᠢᠨ ᠨᠠᠮ ᠵᠠᠰᠠᠭ᠎ᠤᠨ ᠭᠤᠤᠯ ᠤᠳᠤᠷᠢᠳᠤᠯᠭ᠎ᠠ ᠭᠠᠳᠠᠭ᠍ᠰᠢ ᠭᠠᠷᠴᠤ᠌ 139 ᠤᠳᠠᠭ᠎ᠠ ᠠᠷᠠᠯᠵᠢᠶᠠᠴᠢᠨ ᠤᠷᠢᠵᠤ᠂ 10 ᠳ᠋ᠦᠩᠱᠢᠭᠤᠷ ᠲᠥᠭᠥᠷᠢᠭ ᠎ᠢ᠋  ᠲᠠᠪᠠᠭᠰᠠᠨ  ᠴᠢᠬᠤᠯᠠ ᠶᠡᠬᠡ 175 ᠲᠥᠷᠥᠯ ᠵᠦᠶ᠋ᠯ᠎ᠳᠦ ᠭᠡᠷ᠎ᠡ ᠲᠣᠭ᠍ᠲᠠᠵᠤ᠂ ᠲᠤᠮᠳᠠᠳᠤ ᠤᠯᠤᠰ ᠤ᠋ᠨ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠤ᠋ᠨ ᠶᠡᠬᠡ ᠰᠤᠷᠭᠠᠭᠤᠯᠢ ᠢ᠋ᠢᠨ ᠬᠡᠳᠤ ᠪᠤᠳᠤᠯᠳᠡ ᠢ᠋ᠢᠨ ᠲᠦᠪ᠂ ᠳᠤᠮᠳᠠᠳᠤ ᠤᠯᠤᠰ᠎ᠤᠨ ᠶᠤᠸᠠᠨ ᠶᠠᠨᠭ᠌ ᠬᠤᠪᠢᠴᠠᠭ᠎ᠠ ᠡᠵᠡᠮᠳᠡᠬᠦ ᠬᠢᠵᠠᠭᠠᠷᠳᠤ ᠺᠤᠮᠫᠠᠨᠢ ᠵᠡᠷᠭᠡ  ᠭᠤᠤᠯᠳᠠᠯᠭ᠎ᠠ᠎ᠲᠠᠶ ᠠᠵᠤ ᠠᠬᠤᠢᠯᠠᠯ᠎ᠤᠨ ᠥᠪᠥᠷ  ᠮᠣᠩᠭᠣᠯ᠎ᠳᠤ ᠪᠠᠯᠠ ᠣᠷᠣᠭᠤᠯᠬᠤ᠎ᠶ᠋ᠢ  ᠠᠬᠢᠭᠤᠯᠪᠠ᠃

ᠠᠷᠠᠯᠵᠢᠶᠠᠴᠢᠨ ᠤᠷᠢᠵᠤ ᠪᠡᠯᠡ ᠮᠦᠨᠭᠬᠦ ᠤᠷᠤᠭᠤᠯᠤᠨ ᠠᠪᠴᠢᠷᠠᠬᠤ ᠠᠵᠢᠯ ᠪᠦᠬᠦ᠌ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ᠎ᠳᠦ ᠦᠵᠡᠭᠦᠯᠬᠦ᠌ ᠲᠤᠯᠭᠠᠭᠤᠷᠢᠯᠠᠬᠤ ᠦᠢᠯᠡᠳᠦᠯ ᠡᠳᠦᠷ ᠢᠷᠡᠬᠦᠶ᠎ᠡ ᠴᠢᠩᠭᠠᠷᠠᠪᠠ᠃ 2023 ᠣᠨ᠎ᠠᠴᠠ ᠨᠠᠭᠠᠰᠢ ᠠᠷᠠᠯᠵᠢᠶᠠᠴᠢᠨ ᠤᠷᠢᠵᠤ  ᠪᠠᠯᠠ  ᠮᠦᠨᠭᠬᠦ  ᠤᠷᠤᠭᠤᠯᠤᠨ ᠠᠪᠴᠢᠷᠠᠬᠤ ᠲᠥᠷᠥᠯ ᠵᠦᠶ᠋ᠯ᠎ᠢᠶᠡᠷ ᠪᠦᠷᠢᠯᠳᠦᠭ᠌ᠰᠡᠨ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠪᠥᠬᠥ᠌ ᠣᠷᠣᠨ᠎ᠤ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠳᠠᠬᠢ ᠡᠵᠡᠯᠡᠬᠦ᠌ ᠬᠠᠷᠢᠴᠠᠯ 60%᠎ᠶ᠋ᠢ ᠳᠠᠪᠠᠪᠠ᠃ 2025 ᠣᠨ᠎ᠤ ᠲᠦᠷᠦᠬᠦᠦ 11 ᠰᠠᠷ᠎ᠠ ᠳ᠋ᠤ᠌᠂ ᠠᠷᠠᠯᠵᠢᠶᠠᠴᠢᠨ ᠤᠷᠢᠵᠤ ᠪᠠᠯᠠ ᠮᠦᠨᠭᠬᠦ ᠤᠷᠤᠭᠤᠯᠤᠨ ᠠᠪᠴᠢᠷᠠᠬᠤ  ᠲᠣᠭ᠍ᠲᠠᠮᠠᠯ  ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠤᠷᠤᠭᠤᠯᠤᠨ ᠠᠪᠴᠢᠷᠠᠭᠰᠠᠨ ᠪᠠᠯᠠ ᠮᠥᠩᠭᠥ᠌ ᠠᠳᠠᠯᠢ ᠬᠤᠭᠤᠴᠠᠭᠠᠨ᠎ᠤ᠎ᠬᠢ᠎ᠡᠴᠡ 5.9% ᠎ᠪᠠᠷ ᠨᠡᠮᠡᠭ᠌ᠳᠡᠵᠦ᠍᠂ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ ᠎ᠶ᠋ᠢᠨ ᠨᠡᠮᠡᠭ᠌ᠳᠡᠯ ᠎ᠦᠨ ᠬᠤᠷᠳᠤᠴᠠ᠎ᠠᠴᠠ ᠵᠠᠭᠤᠨ ᠤ᠋ ᠬᠠᠷᠢᠴᠠᠯ ᠢ᠋ᠢᠡᠷ 2.4ᠬᠤᠪᠢ ᠲᠠᠪᠠᠵᠤ᠂ ᠪᠥᠬᠥ᠌ ᠣᠷᠣᠨ᠎ᠤ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠨᠡᠮᠡᠭ᠌ᠳᠡᠯ᠎ᠢ ᠳᠠᠢᠴᠢᠯᠠᠬᠤ᠎ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃

2026 ᠣᠨ᠎ᠳᠤ ᠦᠪᠤᠷ ᠮᠤᠨᠭᠭᠤᠯ ᠱᠢᠨ᠎ᠡ ᠨᠢᠬᠡᠨ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠂ ᠠᠮᠢᠳᠤ ᠪᠣᠳᠠᠰ᠎ᠤᠨ ᠦᠶ᠋ᠯᠡᠳᠭᠡᠯ᠂ ᠱᠢᠨ᠎ᠡ ᠡᠨᠧᠷᠭᠢ᠂ ᠵᠣᠬᠢᠶᠠᠮᠠᠯ ᠣᠶᠤᠨ ᠴᠢᠳᠠᠪᠤᠷᠢ᠂ ᠪᠣᠬᠢᠷᠲᠤᠯ ᠥᠬᠡᠶ ᠪᠤᠳᠤᠯᠳᠡ ᠢ᠋ᠢᠨ ᠴᠢᠳᠠᠪᠤᠷᠢ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ ᠪᠠ ᠢᠷᠡᠭᠡᠳᠦᠶ᠎ᠶ᠋ᠢᠨ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠯᠵᠢᠶᠠᠴᠢᠨ ᠤᠷᠢᠵᠤ ᠪᠠᠯᠠ ᠮᠦᠨᠭᠬᠦ ᠤᠷᠤᠭᠤᠯᠤᠨ ᠠᠪᠴᠢᠷᠠᠬᠤ ᠶᠠᠰᠤ ᠴᠢᠨᠠᠷ ᠎ᠢ ᠳᠡᠭᠡᠭ᠌ᠰᠢᠯᠡᠭᠦᠯᠦᠨ ᠦᠷ᠎ᠡ ᠠᠱᠢᠭ ᠎ᠢ ᠨᠡᠮᠡᠭ᠌ᠳᠡᠭᠦᠯᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠪᠤᠯᠤᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号