ᠬᠥᠬᠡᠬᠣᠲᠠ ᠪᠣᠭᠣᠮᠲᠠ 《ᠲᠤᠮᠳᠠ ᠵᠠᠮ》 ᠎ᠤ᠋ᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠴᠢᠨᠠᠷ ᠰᠠᠢᠲᠠᠢ ᠠᠶᠠᠯᠠᠯ᠎ᠳᠦ ᠢᠳᠡᠪᠬᠢᠳᠡᠢ ᠦᠢᠯᠡᠴᠢᠯᠡᠵᠦ ᠪᠤᠢ
2026-02-25 17:17:31
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

2025 ᠤᠨ᠎ᠳᠤ 《ᠳᠤᠮᠳᠠ ᠵᠠᠮ 》᠎ᠢᠶᠡᠷ ᠦᠡᠭᠭᠡᠷᠡᠭᠰᠡᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠠᠡᠭᠬ᠎ᠠ ᠤᠳᠠᠭ᠎ᠠ 3900 ᠴᠤᠪᠤᠭ᠎ᠠ ᠵᠢ ᠲᠠᠪᠠᠵᠤ᠂ 45.41 ᠲᠦᠮᠡᠨ ᠪᠠᠷᠢᠮᠵᠢᠶᠠᠳᠤ ᠴᠢᠡᠭᠭᠡᠯᠢᠭ ᠵᠦᠭᠡᠭᠡᠪᠤᠷᠢᠯᠡᠵᠤ᠂ ᠠᠳᠠᠯᠢ ᠬᠤᠭᠤᠴᠠᠭᠠᠨ᠎ᠤ ᠬᠢ ᠡᠴᠡ ᠲᠤᠰ ᠲᠤᠰ 17.6%᠂ 16.8% ᠪᠡᠷ ᠨᠡᠮᠡᠭᠳᠡᠪᠡ᠃

2025 ᠣᠨ᠎ᠳᠤ᠂ ᠬᠦᠬᠡᠬᠤᠳᠠ ᠪᠤᠭᠤᠮᠳᠠ ᠥᠪᠡᠷᠲᠡᠭᠡᠨ ᠵᠠᠰᠠᠬᠤ ᠣᠷᠣᠨ᠎ᠤ ᠵᠢᠱᠢᠶᠠᠨ᠎ᠤ ᠭᠠᠯᠲᠤ ᠲᠡᠷᠭᠡ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ ᠪᠣᠯᠤᠨ ᠬᠠᠷᠢᠶ᠎ᠠ ᠣᠷᠣᠨ᠎ᠤ ᠲᠤᠬᠠᠢᠯᠠᠭ᠍ᠰᠠᠨ ᠠᠵᠢᠯ᠎ᠤᠨ ᠪᠣᠳᠠᠲᠤ ᠪᠠᠢᠳᠠᠯ᠎ᠲᠠᠶ᠎ᠪᠠᠨᠤᠶᠠᠯᠳᠤᠭᠤᠯᠵᠤ᠂ ᠵᠢᠱᠢᠶᠠᠨ᠎ᠤ ᠭᠠᠯᠲᠤ ᠲᠡᠷᠭᠡ᠎ᠶ᠋ᠢᠨ ᠲᠤᠬᠠᠢᠯᠠᠭ᠍ᠰᠠᠨ ᠠᠵᠢᠯ᠎ᠢ ᠥᠷᠭᠡᠳᠭᠡᠬᠦ᠌᠂ ᠪᠣᠭᠣᠮᠲᠠ᠎ᠪᠠᠷ ᠥᠩᠭᠡᠷᠡᠬᠦ᠌ ᠶᠠᠪᠤᠴᠠ᠎ᠶ᠋ᠢ ᠱᠢᠯᠢᠳᠡᠭ᠌ᠵᠢᠭᠦᠯᠬᠦ᠌᠂ ᠲᠥᠬᠥᠭᠡᠷᠦᠮᠵᠢ᠎ᠶ᠋ᠢᠨ ᠪᠠᠲᠤᠯᠠᠭ᠎ᠠ᠎ᠶ᠋ᠢ ᠴᠢᠩᠭᠠᠳᠭᠠᠬᠤ ᠵᠡᠷᠭᠡ᠎ᠶ᠋ᠢᠨ ᠲᠣᠭᠣᠷᠢᠨ᠎ᠳᠤ᠂ 11 ᠵᠤᠷᠪᠤᠰ ᠳᠡᠮᠵᠢᠬᠦ᠌ ᠠᠷᠭ᠎ᠠ ᠬᠡᠮᠵᠢᠶ᠎ᠡ᠎ᠶ᠋ᠢ ᠲᠣᠭ᠍ᠲᠠᠭᠠᠪᠠ᠃ ᠡᠨᠡ ᠨᠢ ᠵᠢᠱᠢᠶᠠᠨ᠎ᠤ ᠭᠠᠯᠲᠤ ᠲᠡᠷᠭᠡ᠎ᠶ᠋ᠢᠨ ᠪᠣᠭᠣᠮᠲᠠ ᠥᠩᠭᠡᠷᠡᠬᠦ᠌ ᠲᠦᠭ᠌ᠵᠢᠷᠡᠯ᠎ᠦᠨ ᠴᠡᠭ᠎ᠢ ᠤᠯᠠᠮ ᠰᠢᠯᠤᠭᠤᠳᠬᠠᠵᠤ᠂ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠥᠪᠡᠷ᠎ᠦᠨ ᠥᠷᠲᠡᠭ᠎ᠢ ᠪᠠᠭᠤᠷᠠᠭᠤᠯᠵᠤ᠂ ᠵᠢᠱᠢᠶᠠᠨ᠎ᠤ ᠭᠠᠯᠲᠤ ᠲᠡᠷᠭᠡ᠎ᠶ᠋ᠢᠨ ᠵᠠᠮ ᠱᠤᠭᠤᠮ᠎ᠤᠨ ᠬᠠᠮᠤᠷᠬᠤ ᠬᠡᠪᠴᠢᠶ᠎ᠠ ᠵᠢ  ᠨᠠᠩ  ᠥᠷᠭᠡᠳᠭᠡᠵᠤ᠂ ᠪᠠᠷᠠᠭᠠᠨ ᠎ᠤ ᠲᠥᠷᠥᠯ ᠵᠦᠶ᠋ᠯ ᠎ᠢ ᠪᠦᠷᠢᠨᠰᠢᠬᠦᠯᠵᠤ᠂ ᠨᠡᠪᠲᠡᠷᠡᠬᠦ᠌ ᠦᠷ᠎ᠡ ᠪᠦᠲᠦᠮᠵᠢ ᠵᠢ ᠲᠡᠭᠡᠭᠰᠢᠯᠡᠬᠦᠯᠬᠦ᠎ᠳᠤ ᠬᠦᠴᠦᠨ ᠨᠡᠮᠡᠷᠢᠯᠡᠭᠰᠡᠨ ᠪᠠᠢᠨ᠎ᠠ᠃ ᠣᠳᠣᠬᠠᠨ᠎ᠳᠤ 《ᠳᠤᠮᠳᠠ ᠵᠠᠮ 》 ᠎ᠤ᠋ᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠵᠢᠨ ᠨᠡᠪᠳᠡᠷᠡᠬᠦ ᠵᠠᠮ  ᠱᠤᠭᠤᠮ 75 ᠵᠤᠷᠪᠤᠰ᠎ᠲᠤ ᠬᠦᠷᠴᠦ᠍᠂  ᠭᠸᠷᠮᠡᠨ ᠵᠡᠷᠭᠡ 10 ᠭᠠᠷᠤᠢ  ᠤᠯᠤᠰ᠎ᠤᠨ 70 ᠭᠠᠷᠤᠢ ᠬᠦᠢᠰᠤ  ᠦᠷᠳᠡᠭᠡ ᠵᠢ  ᠬᠠᠮᠤᠷᠴᠠᠢ᠃

ᠬᠦᠬᠡᠬᠤᠳᠠ ᠪᠤᠭᠤᠮᠳᠠ 24 ᠴᠠᠭ᠎ᠢᠶᠠᠷ ᠪᠣᠭᠣᠮᠲᠠ ᠥᠩᠭᠡᠷᠡᠬᠦ᠌᠎ᠶ᠋ᠢ ᠪᠠᠳᠤᠯᠠᠵᠤ᠂ 《ᠲᠤᠰᠬᠠᠢ ᠴᠤᠡᠭᠬᠤᠪᠴᠢ + ᠲᠤᠰᠬᠠᠢ ᠬᠦᠮᠤᠨ ᠲᠤᠰᠬᠠᠢ ᠠᠵᠢᠯ᠎ᠤᠨ ᠪᠠᠢᠷᠢ 》 ᠵᠢ ᠲᠤᠬᠢᠷᠠᠭᠤᠯᠵᠤ᠂ ᠲᠡᠭᠡᠭᠡᠪᠤᠷᠢ ᠵᠢᠨ ᠪᠠᠭᠠᠵᠢ ᠬᠡᠷᠡᠭᠰᠡᠯ ᠎ᠢ ᠭᠤᠶᠤᠴᠢᠯᠠᠨ ᠮᠡᠳᠡᠬᠦᠯᠬᠦ᠂  ᠵᠠᠬᠢᠶᠠᠯᠠᠭ᠎ᠠ ᠵᠢᠨ ᠬᠠᠭᠤᠳᠠᠰᠤ ᠵᠢ  ᠬᠢᠨᠠᠨ ᠪᠠᠢᠴᠠᠭᠠᠬᠤ᠂ ᠪᠠᠷᠠᠭ᠎ᠠ ᠲᠡᠭᠡᠭᠡᠪᠤᠷᠢᠯᠡᠨ ᠶᠠᠪᠤᠭᠤᠯᠬᠤ ᠵᠡᠷᠭᠡ ᠶᠠᠪᠤᠴᠠ ᠵᠢ ᠨᠡᠢᠳᠭᠡᠨ  ᠬᠦᠢᠴᠡᠳᠭᠡᠵᠤ᠂ ᠴᠠᠭ ᠲᠤᠬᠠᠢ᠎ᠳᠤᠨᠢ ᠯᠠᠪᠯᠠᠨ ᠠᠰᠠᠭᠤᠬᠤ ᠵᠢᠯᠤᠭᠤᠳᠤᠯᠭ᠎ᠠ ᠬᠠᠡᠭᠭᠠᠵᠤ᠂ ᠳᠤᠮᠳᠠᠳᠤ  ᠧᠦ᠋ᠷᠣᠫᠠ ᠎ᠶ᠋ᠢᠨ ᠵᠢᠱᠢᠶᠠᠨ ᠎ᠤ ᠭᠠᠯᠲᠤ ᠲᠡᠷᠭᠡ ᠵᠢᠨ 《 ᠲᠠᠷᠤᠢ  ᠪᠠᠢᠴᠠᠭᠠᠵᠤ  ᠲᠠᠷᠤᠢ  ᠶᠠᠪᠤᠭᠤᠯᠬᠤ》 ᠵᠢ ᠪᠠᠳᠤᠯᠠᠬᠰᠠᠨ ᠪᠠᠢᠨ᠎ᠠ᠃

ᠤᠯᠠᠭᠠᠨᠴᠠᠪ ᠬᠣᠲᠠ ᠎ᠶ᠋ᠢᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ  ᠲᠡᠷᠭᠡ᠎ᠶ᠋ᠢᠨ ᠬᠦᠶ᠋ᠰᠦ ᠥᠷᠲᠡᠭᠡ ᠴᠡᠭ᠎ᠦᠨ ᠪᠥᠲᠥᠭᠡᠨ ᠪᠠᠢᠭᠤᠯᠤᠯᠲᠠ᠎ᠶ᠋ᠢ ᠳᠡᠮᠵᠢᠵᠦ᠍᠂ ᠴᠡᠭ᠎ᠡᠴᠡ ᠴᠡᠭ᠎ᠲᠦ ᠣᠨᠣᠪᠴᠢᠲᠠᠶ᠎ᠪᠠᠷ ᠲᠥᠷᠥ᠎ᠶ᠋ᠢᠨ ᠪᠣᠳᠣᠯᠭ᠎ᠠ᠎ᠶ᠋ᠢᠨ ᠬᠠᠷᠢᠭᠤᠯᠲᠠ ᠥᠭ᠌ᠬᠦ ᠪᠠ ᠲᠤᠬᠠᠢᠯᠠᠭ᠍ᠰᠠᠨ ᠠᠵᠢᠯ᠎ᠤᠨ ᠵᠢᠯᠣᠭᠣᠳᠣᠯᠭ᠎ᠠ ᠬᠠᠡᠭᠭᠠᠵᠠᠢ᠃ ᠣᠳᠣᠬᠠᠨ᠎ᠳᠤ ᠨᠡᠢᠲᠡ 5 ᠲᠡᠮᠦᠷ ᠵᠠᠮ᠎ᠤᠨ ᠲᠥᠷᠥᠯ᠎ᠦᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠲᠠᠯᠠᠪᠤᠷ ᠭᠠᠵᠠᠷ᠎ᠢ ᠳᠡᠩᠰᠡᠯᠡᠨ ᠲᠡᠮᠳᠡᠭ᠌ᠯᠡᠵᠤ᠂ ᠪᠤᠭᠤᠮᠳᠠ ᠰᠢᠯᠵᠢᠬᠦᠯᠬᠦ᠂ ᠲᠤᠬᠠᠢᠯᠠᠬᠰᠠᠨ ᠠᠵᠢᠯ᠎ᠢ  ᠪᠠᠢᠴᠠᠭᠠᠨ ᠰᠢᠯᠭᠠᠬᠤ᠎ᠳᠤ ᠤᠷᠤᠰᠢᠵᠤ ᠪᠠᠢᠬᠤ ᠬᠦᠴᠢᠷ ᠠᠰᠠᠭᠤᠳᠠᠯ᠎ᠢ ᠲᠦᠢᠯᠪᠤᠷᠢᠳᠠᠢ ᠰᠢᠢᠳᠪᠤᠷᠢᠯᠡᠵᠤ᠂ 《ᠬᠦᠢᠰᠤ ᠦᠷᠳᠡᠭᠡ + ᠰᠠᠭᠤᠷᠢᠨ》 ᠤ᠋ ᠵᠠᠬᠪᠤᠷ᠎ᠤᠨ ᠪᠦᠷᠢᠯᠳᠤᠬᠦ᠎ᠳᠤ ᠬᠦᠴᠤᠨ ᠨᠡᠮᠡᠷᠢᠯᠡᠪᠡ᠃

ᠬᠦᠬᠡᠬᠤᠳᠠ ᠪᠤᠭᠤᠮᠳᠠ ᠲᠤᠬᠠᠢᠯᠠᠭ᠍ᠰᠠᠨ ᠠᠵᠢᠯ᠎ᠤᠨ ᠪᠠᠲᠤᠯᠠᠭ᠎ᠠ᠎ᠶ᠋ᠢᠨ ᠳᠤᠭᠤᠢᠯᠠᠩ ᠪᠠᠢᠭᠤᠯᠵᠤ᠂ ᠪᠣᠭᠣᠮᠲᠠ᠎ᠪᠠᠷ ᠥᠩᠭᠡᠷᠡᠬᠦ᠌ ᠪᠠᠢᠳᠠᠯ᠎ᠢ ᠴᠠᠭ ᠲᠤᠬᠠᠶ᠎ᠳᠤᠨᠢ ᠳᠠᠭᠠᠨ ᠡᠵᠡᠮᠰᠢᠵᠤ᠂ ᠲᠡᠮᠤᠷ ᠵᠠᠮ᠎ᠤᠨ ᠰᠠᠯᠠᠭ᠎ᠠ ᠮᠦᠴᠢᠷ ᠯᠤᠬᠡ ᠬᠦᠨᠵᠠᠭᠡᠢ ᠬᠠᠮᠳᠤᠷᠠᠨ ᠠᠵᠢᠯᠯᠠᠬᠤ ᠲᠤᠬᠳᠠᠴᠠ ᠵᠢ ᠪᠠᠢᠭᠤᠯᠵᠤ᠂ 《ᠲᠡᠮᠤᠷ ᠵᠠᠮ᠎ᠤᠨ ᠲᠦᠷᠭᠡᠨ ᠨᠡᠪᠳᠡᠷᠡᠬᠦ 》 ᠵᠠᠬᠪᠤᠷ᠎ᠢ ᠪᠦᠬᠦ ᠬᠦᠴᠤᠨ ᠵᠢᠡᠷ ᠠᠬᠢᠭᠤᠯᠵᠤ᠂ 2025 ᠤᠨ᠎ᠳᠤ ᠲᠤᠰ ᠵᠠᠬᠪᠤᠷ᠎ᠤᠨ ᠬᠡᠷᠡᠭᠯᠡᠭᠡᠨ᠎ᠤ ᠨᠤᠷᠮ᠎ᠠ 81.7%᠎ᠳᠤ ᠬᠦᠷᠴᠤ᠂  ᠪᠦᠬᠦ ᠤᠯᠤᠰ᠎ᠤᠨ  ᠲᠤᠮᠳᠠᠴᠢ  ᠲᠦᠪᠰᠢᠨ ᠡᠴᠡ ᠳᠠᠪᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号