ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠪᠥᠬᠥ᠌ ᠤᠯᠤᠰ᠎ᠤᠨ 5440 ᠭᠠᠷᠤᠶ ᠲᠣᠮᠣ ᠬᠡᠯᠪᠡᠷᠢ᠎ᠶ᠋ᠢᠨ ᠠᠵᠢᠯᠯᠠᠭ᠎ᠠ ᠠᠮᠤᠷ ᠲᠦᠪᠱᠢᠨ ᠤᠷᠤᠭ᠍ᠰᠢᠲᠠᠶ ᠶᠠᠪᠤᠭ᠍ᠳᠠᠪᠠ
2026-02-25 11:37:07
ᠵᠣᠬᠢᠶᠠᠭ᠍ᠴᠢ᠄
ᠱᠢᠶᠦ᠋ᠩ ᠹᠸᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 2 ᠰᠠᠷ᠎ᠠ᠎ᠶ᠋ᠢᠨ 23᠎ᠤ᠋ ᠡᠳᠦᠷ ᠳᠣᠲᠣᠭᠠᠳᠤ᠎ᠶ᠋ᠢ ᠬᠠᠮᠠᠭᠠᠯᠠᠬᠤ ᠶᠠᠮᠤᠨ ᠡᠴᠡ ᠣᠢᠯᠠᠭᠠᠭ᠍ᠰᠠᠨ᠎ᠢᠶᠡᠷ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠪᠥᠬᠥ᠌ ᠤᠯᠤᠰ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠠᠮᠤᠷ᠎ᠢ ᠬᠠᠮᠠᠭᠠᠯᠠᠬᠤ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠪᠡᠨ ᠪᠥᠬᠥ᠌ ᠲᠠᠯ᠎ᠠ᠎ᠪᠠᠷ ᠴᠢᠩᠭᠠᠳᠭᠠᠵᠤ᠂ ᠠᠷᠠᠳ ᠣᠯᠠᠨ᠎ᠤ ᠠᠮᠤᠷ ᠠᠮᠤᠭᠤᠯᠠᠩ ᠥᠯᠵᠡᠶ ᠪᠡᠯᠭᠡ᠎ᠲᠡᠶ ᠠᠭᠤᠷ ᠠᠮᠢᠰᠭᠤᠯ᠎ᠤᠨ ᠳᠤᠮᠳᠠ ᠴᠠᠭᠠᠨ ᠰᠠᠷ᠎ᠠ᠎ᠪᠠᠨ ᠪᠠᠶᠠᠷ ᠬᠥᠷ᠎ᠲᠡᠶ ᠥᠩᠭᠡᠷᠡᠭᠦᠯᠬᠦ᠌᠎ᠶ᠋ᠢ ᠦᠨᠡᠨ ᠬᠦ᠌ ᠪᠠᠲᠤᠯᠠᠵᠠᠢ᠃ 2 ᠰᠠᠷ᠎ᠠ᠎ᠶ᠋ᠢᠨ 23 ᠎ᠤ᠋ ᠡᠳᠦᠷ᠎ᠦᠨ 17 ᠴᠠᠭ ᠪᠣᠯᠲᠠᠯ᠎ᠠ᠂ ᠪᠥᠬᠥ᠌ ᠤᠯᠤᠰ᠎ᠤᠨ ᠡᠷᠡᠭᠦᠦ᠍᠎ᠶ᠋ᠢᠨ ᠬᠡᠷᠡᠭ᠎ᠦᠨ ᠴᠠᠬᠳᠠᠭᠤᠯ᠎ᠤᠨ ᠪᠠᠢᠳᠠᠯ ᠠᠳᠠᠯᠢ ᠬᠤᠭᠤᠴᠠᠭᠠᠨ᠎ᠤ᠎ᠬᠢ᠎ᠡᠴᠡ 12.1% ᠎ᠪᠠᠷ ᠪᠠᠭᠤᠷᠠᠵᠤ᠂ 5440 ᠭᠠᠷᠤᠶ ᠲᠣᠮᠣ ᠬᠡᠯᠪᠡᠷᠢ᠎ᠶ᠋ᠢᠨ ᠠᠵᠢᠯᠯᠠᠭ᠎ᠠ ᠠᠮᠤᠷ ᠲᠦᠪᠱᠢᠨ ᠤᠷᠤᠭ᠍ᠰᠢᠲᠠᠶ ᠶᠠᠪᠤᠭ᠍ᠳᠠᠵᠤ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠪᠠᠢᠳᠠᠯ ᠲᠣᠭ᠍ᠲᠠᠭᠤᠨ ᠪᠥᠭᠡᠳ ᠡᠮᠬᠢ ᠵᠢᠷᠤᠮ᠎ᠲᠠᠶ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠡᠮᠬᠢ ᠳᠢᠭ᠌ᠯᠢᠮ᠎ᠲᠠᠶ ᠪᠠᠢᠪᠠ᠃

ᠪᠠᠶᠠᠷ᠎ᠤᠨ ᠡᠳᠦᠷ᠎ᠦᠨ ᠬᠤᠭᠤᠴᠠᠭᠠᠨ᠎ᠳᠤ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ ᠵᠣᠬᠢᠶᠠᠨ ᠪᠠᠢᠭᠤᠯᠵᠤ ᠤᠳᠤᠷᠢᠳᠭᠤ ᠪᠠ ᠨᠢᠭᠡᠳᠦᠯᠲᠡᠶ ᠲᠥᠯᠥᠪᠵᠢᠬᠦᠯᠦᠨ ᠵᠢᠯᠣᠭᠣᠳᠭᠤ᠎ᠪᠠᠨ ᠴᠢᠩᠭᠠᠳᠭᠠᠵᠤ᠂ ᠡᠳᠦᠷ ᠪᠦᠷᠢ ᠪᠥᠬᠥ᠌ ᠤᠯᠤᠰ᠎ᠤᠨ ᠨᠡᠢᠭᠡᠮ᠎ᠦᠨ ᠲᠠᠯ᠎ᠠ᠎ᠶ᠋ᠢᠨ ᠪᠠᠢᠳᠠᠯ᠎ᠢ ᠲᠣᠬᠢᠷᠠᠭᠤᠯᠪᠠ᠃ ᠡᠯ᠎ᠡ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠪᠦᠬᠦᠯᠢ ᠴᠣᠭ᠍ᠴᠠ᠎ᠶ᠋ᠢᠨ ᠰᠡᠷᠭᠡᠢᠯᠡᠨ ᠡᠵᠡᠮᠳᠡᠬᠦ᠌ ᠠᠵᠢᠯ᠎ᠢ ᠪᠥᠬᠥ᠌ ᠲᠠᠯ᠎ᠠ᠎ᠪᠠᠷ ᠴᠢᠩᠭᠠᠳᠭᠠᠵᠤ᠂ ᠲᠦᠷᠭᠡᠨ ᠲᠤᠰᠭᠠᠯ ᠭᠠᠷᠭᠠᠬᠤ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠴᠠᠭ᠍ᠳᠠᠭᠠᠨ᠎ᠤ ᠬᠦᠴᠦᠨ᠎ᠢ ᠱᠢᠨᠵᠢᠯᠡᠬᠦ᠌ ᠤᠬᠠᠭᠠᠨᠴᠢ ᠪᠠᠷ ᠲᠣᠬᠢᠷᠠᠭᠤᠯᠤᠨ ᠪᠠᠢᠷᠢᠯᠠᠭᠤᠯᠵᠤ᠂ ᠵᠢᠵᠢᠭᠦᠷᠯᠡᠨ ᠰᠠᠬᠢᠬᠤ ᠴᠡᠭ᠎ᠢ 2.9 ᠲᠦᠮᠡ ᠲᠣᠬᠢᠷᠠᠭᠤᠯᠤᠨ᠂ ᠴᠠᠭ᠍ᠳᠠᠭᠠᠨ᠎ᠤ ᠬᠦᠴᠦᠨ᠎ᠢ ᠡᠳᠦᠷ ᠪᠦᠷᠢ ᠳᠤᠮᠳᠠᠴᠢ᠎ᠪᠠᠷ 48 ᠲᠦᠮᠡᠨ ᠬᠥᠮᠦᠨ ᠤᠳᠠᠭ᠎ᠠ ᠣᠷᠣᠭᠤᠯᠵᠤ᠂ ᠬᠥᠭ᠌ᠵᠢᠶᠡᠨ ᠨᠠᠷᠭᠢᠶᠠᠨᠲᠠᠶ ᠬᠤᠳᠠᠯᠳᠤᠭᠠᠨ᠎ᠤ ᠲᠣᠭᠣᠷᠢᠭ᠂ ᠬᠣᠲᠠ᠎ᠶ᠋ᠢᠨ ᠠᠭᠤᠳᠠᠮ ᠲᠠᠯᠠᠪᠠᠶ᠂ ᠵᠠᠮ ᠬᠠᠷᠢᠯᠴᠠᠭᠠᠨ᠎ᠤ ᠬᠦᠶ᠋ᠰᠦ ᠵᠡᠷᠭᠡ ᠭᠤᠤᠯᠳᠠᠯᠭ᠎ᠠ᠎ᠲᠠᠶ ᠣᠷᠣᠨ ᠪᠠᠢᠷᠢ ᠪᠠ ᠬᠥᠮᠦᠨ ᠬᠠᠷ᠎ᠠ ᠨᠢᠭ᠍ᠲᠠᠷᠠᠭ᠍ᠰᠠᠨ ᠲᠠᠯᠠᠪᠤᠷ ᠭᠠᠵᠠᠷ᠎ᠲᠤ ᠲᠣᠭᠣᠷᠢᠨ ᠴᠠᠭ᠍ᠳᠠᠵᠤ ᠰᠡᠷᠭᠡᠢᠯᠡᠨ ᠡᠵᠡᠮᠳᠡᠬᠦ᠌ ᠪᠠᠨ ᠦᠨᠡᠨ ᠬᠦ᠌ ᠴᠢᠩᠭᠠᠳᠭᠠᠵᠤ᠂ ᠪᠠᠶᠠᠷ᠎ᠤᠨ ᠡᠳᠦᠷ ᠠᠮᠠᠷᠬᠠᠨ ᠡᠭᠦᠰᠴᠦ ᠮᠡᠳᠡᠬᠦ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ ᠪᠠ ᠠᠮᠤᠷ ᠲᠦᠪᠱᠢᠨ᠎ᠦ ᠲᠣᠪᠣᠢᠮ᠎ᠠ ᠠᠰᠠᠭᠤᠳᠠᠯ᠎ᠳᠤ ᠴᠣᠬᠢᠯᠲᠠ ᠥᠭ᠌ᠴᠦ ᠴᠡᠭ᠌ᠴᠡᠯᠡᠨ ᠵᠠᠰᠠᠬᠤ᠎ᠶ᠋ᠢ ᠴᠢᠩᠭᠠᠳᠭᠠᠨ᠂ ᠨᠡᠢᠭᠡᠮ᠎ᠦᠨ ᠠᠮᠤᠷ ᠲᠦᠪᠱᠢᠨ᠎ᠦ ᠰᠠᠢᠨ ᠰᠠᠢᠬᠠᠨ ᠡᠮᠬᠢ ᠵᠢᠷᠤᠮ᠎ᠢ ᠬᠠᠮᠠᠭᠠᠯᠠᠪᠠ᠃ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠣᠭᠣᠮᠲᠠ ᠬᠢᠯᠢ᠎ᠶ᠋ᠢᠨ ᠦᠢᠯᠡᠴᠢᠯᠡᠭᠡ ᠬᠠᠮᠢᠶᠠᠷᠤᠯᠲᠠ᠎ᠪᠠᠨ ᠴᠢᠩᠭᠠᠳᠭᠠᠵᠤ᠂ 1640 ᠭᠠᠷᠤᠢ ᠲᠦᠮᠡᠨ ᠬᠥᠮᠦᠨ ᠤᠳᠠᠭ᠎ᠠ᠎ᠶᠢᠨ ᠪᠣᠭᠣᠮᠲᠠ ᠪᠡᠷ ᠰᠠᠭᠠᠳ ᠦᠭᠡᠢ ᠨᠡᠪᠲᠡᠷᠡᠬᠦ᠌ ᠵᠢ ᠪᠠᠲᠤᠯᠠᠪᠠ᠃

ᠡᠯ᠎ᠡ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠴᠠᠭ᠍ᠳᠠᠭᠠᠨ᠎ᠤ ᠬᠦᠴᠦᠨ᠎ᠢ ᠨᠡᠢᠲᠡ 137.7 ᠲᠦᠮᠡᠨ ᠬᠥᠮᠦᠨ ᠤᠳᠠᠭ᠎ᠠ ᠣᠷᠣᠭᠤᠯᠵᠤ᠂ 59.6 ᠲᠦᠮᠡᠨ ᠴᠠᠭ᠍ᠳᠠᠭᠠᠨ᠎ᠤ ᠲᠡᠷᠭᠡ ᠬᠥᠳᠡᠯᠭᠡᠨ᠂ ᠭᠤᠤᠯᠳᠠᠯᠭ᠎ᠠ᠎ᠲᠠᠶ ᠵᠠᠮ᠎ᠢ ᠨᠡᠪᠳᠡᠷᠡᠬᠦᠯᠦᠨ ᠬᠠᠮᠢᠶᠠᠷᠴᠤ᠌ ᠡᠵᠡᠮᠳᠡᠬᠦ᠌᠎ᠶ᠋ᠢ ᠴᠢᠩᠭᠠᠳᠭᠠᠵᠤ᠂ ᠠᠷᠢᠬᠢ ᠤᠤᠭᠤᠭ᠍ᠰᠠᠨ᠎ᠤ ᠳᠠᠷᠠᠭ᠎ᠠ ᠲᠡᠷᠭᠡ ᠵᠢᠯᠣᠭᠣᠳᠤᠭ᠍ᠰᠠᠨ ᠪᠠ ᠰᠣᠭ᠍ᠲᠣᠭᠤ᠎ᠪᠠᠷ ᠲᠡᠷᠭᠡ ᠵᠢᠯᠣᠭᠣᠳᠤᠭ᠍ᠰᠠᠨ ᠵᠡᠷᠭᠡ ᠵᠠᠮ ᠬᠠᠷᠢᠯᠴᠠᠭᠠᠨ᠎ᠤ ᠬᠠᠤᠯᠢ ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠵᠤ᠂ ᠴᠠᠭ ᠠᠭᠤᠷ᠎ᠤᠨ ᠪᠠᠴᠢᠮ ᠪᠠᠢᠳᠠᠯ᠎ᠢ ᠠᠷᠭᠠᠴᠠᠭᠠᠬᠤ ᠵᠢᠯᠣᠭᠣᠳᠣᠯᠭ᠎ᠠ ᠪᠠ ᠠᠮᠤᠷ ᠲᠦᠪᠱᠢᠨ᠎ᠦ ᠰᠠᠨᠠᠭᠤᠯᠤᠮᠵᠢ᠎ᠶ᠋ᠢ ᠴᠢᠩᠭᠠᠳᠭᠠᠵᠤ᠂ ᠪᠥᠬᠥ᠌ ᠤᠯᠤᠰ᠎ᠤᠨ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠪᠠᠢᠳᠠᠯ᠎ᠤᠨ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠪᠠ᠃ ᠲᠡᠮᠦᠷ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠯ᠎ᠡ ᠵᠦᠶ᠋ᠯ᠎ᠦᠨ ᠲᠡᠭᠡᠭᠡᠪᠦᠷᠢ᠎ᠶ᠋ᠢᠨ ᠠᠮᠤᠷ ᠲᠦᠪᠱᠢᠨ᠎ᠦ ᠠᠷᠭ᠎ᠠ ᠬᠡᠮᠵᠢᠶ᠎ᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠬᠦᠴᠦᠲᠡᠶ ᠠᠳᠭᠤᠵᠤ᠂ ᠲᠡᠮᠦᠷ ᠵᠠᠮ ᠪᠣᠯᠤᠨ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠠᠶᠠᠨᠴᠢᠳ᠎ᠤᠨ ᠠᠮᠤᠷ ᠲᠦᠪᠱᠢᠨ᠎ᠢᠶᠡᠷ ᠭᠠᠳᠠᠭ᠍ᠰᠢ ᠭᠠᠷᠬᠤ᠎ᠶ᠋ᠢ ᠪᠠᠲᠤᠯᠠᠪᠠ᠃

ᠰᠦᠮ᠎ᠡ ᠬᠡᠢᠳ᠎ᠦᠨ ᠴᠤᠭ᠍ᠯᠠᠭᠠᠨ ᠳ᠋ᠧᠩ᠎ᠦᠨ ᠴᠤᠭ᠍ᠯᠠᠭᠠᠨ᠂ ᠠᠷᠠᠳ᠎ᠤᠨ ᠵᠠᠩ ᠦᠶ᠋ᠯᠡ᠎ᠶ᠋ᠢᠨ ᠰᠣᠶᠣᠯ ᠵᠡᠷᠭᠡ ᠲᠣᠮᠣ ᠬᠡᠯᠪᠡᠷᠢ᠎ᠶ᠋ᠢᠨ ᠠᠵᠢᠯᠯᠠᠭ᠎ᠠ ᠲᠥᠪᠯᠡᠷᠡᠭ᠌ᠰᠡᠨ᠂ ᠡᠯ᠎ᠡ ᠭᠠᠵᠠᠷ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠳᠦ ᠵᠢᠭᠤᠯᠴᠢᠯᠠᠭᠰᠡᠳ ᠲᠥᠪᠯᠡᠷᠡᠭ᠌ᠰᠡᠨ ᠵᠡᠷᠭᠡ ᠪᠠᠢᠳᠠᠯ᠎ᠳᠤ ᠴᠢᠭ᠌ᠯᠡᠭᠦᠯᠦᠨ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠠᠮᠤᠷ ᠲᠦᠪᠱᠢᠨ᠎ᠦ ᠬᠡᠮ ᠰᠤᠭᠤᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠢᠳᠡᠪᠬᠢᠲᠡᠶ ᠥᠷᠨᠢᠭᠦᠯᠵᠦ᠍᠂ ᠠᠮᠤᠷ ᠲᠦᠪᠱᠢᠨ᠎ᠦ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠱᠠᠯᠠᠪᠳᠠᠨ ᠪᠣᠳᠠᠲᠠᠢᠵᠢᠭᠤᠯᠵᠤ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠵᠢᠭᠤᠯᠴᠢᠯᠠᠭ᠍ᠰᠡᠳ᠎ᠤᠨ ᠠᠮᠤᠷ ᠲᠦᠪᠱᠢᠨ ᠪᠥᠭᠡᠳ ᠡᠮᠬᠢ ᠵᠢᠷᠤᠮ᠎ᠲᠠᠶ ᠵᠢᠭᠤᠯᠴᠢᠯᠠᠬᠤ᠎ᠶ᠋ᠢ ᠦᠨᠡᠨ ᠬᠦ᠌ ᠪᠠᠲᠤᠯᠠᠪᠠ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 2 ᠰᠠᠷ᠎ᠠ᠎ᠶ᠋ᠢᠨ 23᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号