2025 ᠣᠨ᠎ᠳᠤ ᠥᠪᠥᠷ ᠮᠣᠩᠭᠣᠯ᠎ᠤᠨ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠤ ᠠᠵᠢᠯ ᠲᠤᠪᠤᠢᠮ᠎ᠠ ᠠᠮᠵᠢᠯᠲᠠ ᠤᠯᠵᠠᠢ
2026-02-25 16:18:47
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

2025 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ ᠎ᠦ ᠠᠵᠢᠯ ᠨᠠᠮ᠎ᠤᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠣᠳᠬᠤ᠎ᠶᠢ ᠪᠠᠷᠢᠮᠲᠠᠯᠠᠵᠤ᠂ ᠶᠡᠬᠡ ᠲᠠᠯ᠎ᠠ᠎ᠳᠤ ᠦᠢᠯᠡᠴᠢᠯᠡᠬᠦ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠰᠢᠰᠲᠧᠮ᠎ᠤᠨ ᠪᠠᠢᠭᠤᠯᠤᠯᠲᠠ ᠵᠢᠴᠢ ᠠᠯᠪᠠᠨ ᠭᠡᠷᠡᠴᠢᠯᠡᠭᠡ ᠬᠢᠬᠦ᠂ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ ᠬᠢᠬᠦ᠂ ᠬᠥᠨᠳᠡᠯᠡᠨ᠎ᠡᠴᠡ ᠲᠠᠰᠤᠯᠬᠤ ᠵᠡᠷᠭᠡ ᠡᠯ᠎ᠡ ᠵᠦᠢᠯ᠎ᠦᠨ ᠠᠵᠢᠯ᠎ᠢ ᠬᠠᠤᠯᠢ᠎ᠪᠠᠷ ᠵᠠᠰᠠᠬᠤ ᠪᠠᠢᠭᠤᠯᠤᠯᠲᠠ ᠯᠤᠭ᠎ᠠ ᠭᠦᠨᠵᠡᠭᠡᠢ ᠠᠭᠤᠰᠤᠯᠴᠠᠭᠤᠯᠤᠨ᠂ ᠬᠠᠮᠲᠤ ᠪᠠᠷ  ᠬᠠᠮᠵᠢᠯᠴᠠᠨ ᠤᠷᠤᠭᠰᠢᠯᠠᠬᠤ᠎ᠶᠢ ᠠᠬᠢᠭᠤᠯᠪᠠ᠃

ᠤᠢᠯᠠᠭᠠᠬᠰᠠᠨ ᠢ᠋ᠢᠡᠷ᠂ 《ᠠᠷᠪᠠᠨ ᠳᠥᠷᠪᠡᠳᠦᠭᠡᠷ  ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠡᠭᠦᠯ ᠬᠤᠷᠢᠶᠠᠬᠤ ᠵᠠᠩᠭᠢᠯᠠᠭ᠎ᠠ᠎ᠶᠢᠨ ᠴᠡᠭ᠎ᠲᠠᠢ ᠨᠢᠭ᠍ᠲᠠ ᠤᠶᠠᠯᠳᠤᠭᠤᠯᠤᠨ᠂ 129 ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢ ᠪᠥᠬᠥ ᠲᠠᠯ᠎ᠠ᠎ᠪᠠᠷ ᠡᠮᠬᠢᠯᠡᠨ ᠳᠢᠭᠯᠡᠬᠦ᠎ᠶᠢᠨ ᠬᠠᠮᠲᠤ ᠪᠡᠶᠡᠯᠡᠭᠦᠯᠵᠦ᠂ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡ᠎ᠶᠢ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠯᠦ᠍ᠭᠡ ᠠᠳᠠᠯᠢ ᠳᠠᠪᠲᠠᠮᠵᠢ ᠲᠠᠢ ᠪᠣᠯᠭᠠᠬᠤ᠎ᠶᠢ ᠠᠬᠢᠭᠤᠯᠪᠠ᠃ 《30 ᠮᠢᠨᠦ᠋ᠲ᠎ᠦᠨ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠲᠤᠭᠤᠷᠢᠭ》 ᠤ᠋ᠨ ᠪᠠᠢᠭᠤᠯᠤᠯᠲᠠ᠎ᠶᠢ ᠭᠦᠨᠵᠡᠭᠡᠢᠷᠡᠭᠦᠯᠵᠦ᠂ 《ᠪᠥᠬᠥ ᠣᠷᠣᠨ᠎ᠤ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠰᠢᠰᠲᠧᠮ᠎ᠤᠨ ᠪᠠᠢᠭᠤᠯᠤᠯᠲᠠ᠎ᠶᠢ ᠴᠢᠨᠠᠬᠰᠢᠲᠠ ᠴᠢᠩᠭᠠᠳᠬᠠᠬᠤ ᠲᠤᠬᠠᠢ ᠰᠠᠨᠠᠯ》 ᠢ᠋ ᠨᠡᠢᠲᠡᠯᠡᠪᠡ᠃ 2025 ᠤᠨ᠎ᠳᠤ ᠳᠥᠷᠪᠡᠨ ᠱᠠᠲᠤᠨ᠎ᠤ ᠪᠣᠳᠠᠲᠤ ᠴᠣᠭᠴᠠ᠎ᠶᠢᠨ ᠲᠠᠪᠴᠠᠩ᠎ᠤᠨ ᠬᠠᠩᠭᠠᠭᠰᠠᠨ ᠬᠠᠤᠯᠢ ᠴᠠᠭᠠᠵᠠ᠎ᠶᠢᠨ ᠦᠢᠯᠡᠴᠢᠯᠡᠭᠡ ᠨᠡᠶ᠋ᠢᠲᠡ 6 ᠲᠦᠮᠡ᠎ᠶᠢ ᠳᠠᠪᠠᠵᠤ᠂ ᠡᠭᠦᠨ᠎ᠳᠦ ᠬᠠᠤᠯᠢ ᠴᠠᠭᠠᠵᠠ᠎ᠶᠢᠨ ᠵᠥᠪᠯᠡᠯᠭᠡ 5.5 ᠲᠦᠮᠡ ᠭᠠᠷᠤᠢ ᠪᠠᠢᠵᠤ᠂ ᠠᠵᠢᠯ ᠶᠠᠪᠤᠳᠠᠯ ᠭᠦᠢᠴᠡᠳᠬᠡᠬᠦ  ᠦᠢᠯᠡᠴᠢᠯᠡᠭᠡ  4800 ᠰᠢᠬᠠᠮ ᠪᠤᠢ᠃

ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ᠂ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢ ᠬᠠᠮᠠᠭᠠᠯᠠᠬᠤ ᠬᠠᠤᠯᠢ ᠴᠠᠭᠠᠵᠠ᠎ᠶᠢᠨ ᠦᠢᠯᠡᠴᠢᠯᠡᠭᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢᠨ ᠬᠥᠨᠳᠡᠯᠡᠨ᠎ᠡᠴᠡ ᠲᠠᠰᠤᠯᠬᠤ ᠠᠵᠢᠯ 2025 ᠣᠨ᠎ᠤ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢ ᠬᠠᠮᠠᠭᠠᠯᠠᠬᠤ ᠠᠷᠪᠠᠨ ᠶᠡᠬᠡ ᠨᠡᠢᠲᠡᠯᠢᠭ ᠬᠡᠷᠡᠭ᠎ᠤᠨ ᠵᠢᠱ᠌ᠢᠶ᠎ᠡ ᠪᠡᠷ ᠰᠤᠩᠭᠤᠬᠲᠠᠪᠠ; 《ᠠᠯᠪᠠᠨ ᠭᠡᠷᠡᠴᠢᠯᠡᠭᠡ ᠢ᠋ᠢᠨ ᠵᠢᠷᠤᠮᠵᠢᠯ ᠲᠠᠢ ᠴᠢᠨᠠᠷ ᠰᠠᠢᠲᠠᠢ》 ᠲᠤᠰᠬᠠᠢ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠬᠣᠯᠪᠣᠭᠳᠠᠯ ᠪᠦᠬᠦᠢ ᠲᠤᠷᠰᠢᠯᠭ᠎ᠠ ᠠᠷᠭ᠎ᠠ ᠬᠢᠳᠡᠯ᠎ᠢ 《ᠳᠤᠮᠳᠠᠳᠤ ᠤᠯᠤᠰ᠎ᠤᠨ ᠤᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠰᠢᠰᠲᠧᠮ᠎ᠦᠨ ᠪᠠᠢᠭᠤᠯᠤᠯᠲᠠ᠎ᠶᠢᠨ ᠮᠡᠳᠡᠭᠦᠯᠦᠯᠲᠡ》᠎ᠳ᠋ᠤ ᠪᠢᠴᠢᠨ ᠣᠷᠣᠭᠤᠯᠵᠦ᠂ ᠦᠪᠦᠷ ᠮᠤᠩᠭᠤᠯ᠎ᠤᠨ 7 ᠬᠠᠮᠲᠤ ᠨᠡᠢᠳᠡ᠂ 14 ᠬᠤᠪᠢ ᠬᠥᠮᠥᠨ ᠬᠠᠤᠯᠢ ᠴᠠᠭᠠᠵᠠ ᠢ᠋ᠢᠨ ᠶᠠᠮᠤᠨ᠎ᠤ 《ᠠᠯᠪᠠᠨ ᠭᠡᠷᠡᠴᠢᠯᠡᠭᠡ ᠢ᠋ᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ  ᠭᠤᠷᠪᠠᠨ ᠵᠢᠯ᠎ᠦᠨ ᠠᠵᠢᠯᠯᠠᠭ᠎ᠠ》 ᠳ᠋ᠡᠬᠢ ᠢᠯᠡᠷᠡᠯ ᠢ᠋ᠢᠡᠷ ᠲᠤᠪᠤᠢᠮ᠎ᠠ ᠬᠠᠮᠲᠦ ᠨᠡᠢᠳᠡ ᠪᠠ ᠬᠤᠪᠢ ᠬᠦᠮᠦᠨ ᠢ᠋ᠢᠡᠷ ᠰᠠᠢᠰᠢᠶᠠᠭᠳᠠᠪᠠ; 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠬᠢᠨᠠᠨ ᠲᠣᠭᠲᠠᠭᠠᠯᠲᠠ᠎ᠶᠢᠨ ᠬᠠᠮᠢᠶᠠᠷᠤᠯᠲᠠ᠎ᠶᠢᠨ ᠳᠦᠷᠢᠮ》 ᠢ᠋ ᠬᠢᠨᠠᠨ ᠵᠥᠪᠯᠡᠵᠦ ᠪᠠᠲᠤᠯᠠᠬᠤ᠎ᠶᠢ ᠠᠬᠢᠭᠤᠯᠵᠤ᠂ ᠪᠥᠬᠥ ᠬᠡᠯᠬᠢᠶᠡᠵᠢᠭᠰᠡᠨ ᠬᠢᠨᠠᠨ ᠬᠠᠮᠢᠶᠠᠷᠤᠯᠲᠠ᠎ᠶᠢᠨ ᠰᠢᠰᠲᠸᠮ ᠢ᠋ ᠪᠠᠢᠭᠤᠯᠪᠠ᠃ 2 ᠵᠦᠢᠯ᠎ᠦᠨ ᠣᠷᠣᠨ ᠨᠤᠲᠤᠭ᠎ᠤᠨ ᠪᠠᠷᠢᠮᠵᠢᠶ᠎ᠠ᠎ᠶᠢ ᠲᠣᠭᠲᠠᠭᠠᠵᠤ᠂ ᠲᠤᠬᠠᠢᠯᠠᠭᠰᠠᠨ ᠠᠵᠢᠯ᠎ᠤᠨ ᠬᠦᠷᠢᠶᠡᠨ᠎ᠳᠡᠬᠢ ᠬᠣᠭᠣᠰᠤᠨ᠎ᠢ ᠨᠥᠬᠥᠪᠦᠷᠢᠯᠡᠪᠡ᠃ ᠪᠥᠬᠥ ᠣᠷᠣᠨ᠎ᠤ ᠬᠢᠨᠠᠨ ᠲᠣᠭᠲᠠᠭᠠᠯᠲᠠ᠎ᠶᠢᠨ ᠪᠢᠴᠢᠭ ᠬᠠᠷ᠎ᠠ᠎ᠶᠢ ᠲᠥᠪᠯᠡᠷᠡᠭᠦᠯᠦᠨ ᠦᠨᠡᠯᠡᠨ ᠪᠠᠢᠴᠠᠭᠠᠬᠤ᠎ᠶᠢ ᠠᠩᠬ᠎ᠠ ᠤᠳᠠᠭ᠎ᠠ ᠥᠷᠨᠢᠭᠦᠯᠵᠦ᠂ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ 《ᠬᠣᠶᠠᠷ᠎ᠢ ᠰᠤᠭᠤᠴᠢᠵᠦ᠂ ᠨᠢᠭᠡ᠎ᠶᠢ ᠢᠯᠡ ᠪᠣᠯᠭᠠᠬᠤ》 ᠬᠢᠨᠠᠯᠲᠠ ᠲᠠᠯᠪᠢᠵᠤ ᠪᠠᠢᠴᠠᠭᠠᠬᠤ᠎ᠶᠢ ᠬᠡᠷᠡᠭᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号