ᠲᠦᠷᠦᠬᠦᠬᠡᠨ᠂ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ᠎ᠶᠢᠨ ᠲᠢᠩᠬᠢᠮ 2026 ᠣᠨ ᠤ ᠠᠩᠬᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠡᠩᠨᠡᠭᠡ᠎ᠶᠢᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ 《ᠶᠡᠬᠡ ᠬᠢᠴᠢᠶᠡᠯ᠎ᠦᠨ ᠲᠠᠩᠬᠢᠮ 》 ᠢ᠋ ᠡᠷᠭᠢᠯᠡᠵᠦ᠂ ᠥᠪᠥᠷ ᠮᠣᠩᠭᠣᠯ᠎ᠤᠨ ᠨᠡᠢᠭᠡᠮ ᠵᠢᠷᠤᠮ ᠤᠨ ᠳᠡᠭᠡᠳᠦ ᠰᠤᠷᠭᠠᠭᠤᠯᠢ ᠵᠢᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠵᠣᠣ ᠵᠢᠩ ᠬᠤᠸᠠ ᠫᠷᠤᠹᠧᠰᠰᠤᠷ ᠢ ᠤᠷᠢᠵᠤ ᠲᠤᠰᠬᠠᠢ ᠰᠡᠳᠦᠪ᠎ᠢᠶᠡᠷ ᠬᠢᠴᠢᠶᠡᠯ ᠳᠠᠢᠯᠤᠮᠵᠢ ᠬᠢᠯᠭᠡᠪᠡ᠃
ᠵᠤᠤ ᠵᠢᠩ ᠬᠤᠸᠠ ᠫᠷᠤᠹᠸᠰᠰᠤᠷ ᠭᠣᠣᠯᠳᠠᠭᠤ ᠨᠢᠭᠡᠳᠦᠮᠡᠯ ᠹᠷᠣᠨᠲ᠎ᠤᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ ᠢ ᠨᠠᠢᠳᠠᠪᠤᠷᠢᠵᠢᠭᠤᠯᠬᠤ ᠶᠢᠨ ᠴᠢᠬᠤᠯᠠ ᠠᠴᠢ ᠬᠣᠯᠪᠣᠭᠳᠠᠯ᠂ ᠨᠢᠭᠡᠳᠦᠮᠡᠯ ᠹᠷᠣᠨᠲ᠎ᠤᠨ ᠠᠵᠢᠯ ᠤᠨ ᠬᠠᠷᠢᠭᠤᠴᠠᠯᠭ᠎ᠠ᠎ᠶᠢᠨ ᠳᠦᠷᠢᠮ᠎ᠢ ᠨᠠᠢᠳᠠᠪᠤᠷᠢᠵᠢᠭᠤᠯᠬᠤ ᠪᠣᠳᠠᠲᠠᠢ ᠱᠠᠭᠠᠷᠳᠠᠯᠭ᠎ᠠ᠎ᠶᠢ ᠪᠦᠬᠦ ᠲᠠᠯ᠎ᠠ ᠪᠠᠷ ᠡᠵᠡᠮᠳᠡᠵᠦ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠂ ᠨᠢᠭᠡᠳᠦᠮᠡᠯ ᠹᠷᠣᠨᠲ ᠤᠨ ᠠᠵᠢᠯ᠎ᠤᠨ ᠬᠠᠷᠢᠭᠤᠴᠠᠯᠭ᠎ᠠ ᠶᠢᠨ ᠳᠦᠷᠢᠮ᠎ᠢ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠰᠢᠰᠲᠸᠮ ᠲᠠᠢ ᠠᠬᠢᠭᠤᠯᠬᠤ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠢ᠋ᠢᠨ ᠲᠦᠷᠢᠮ ᠢ᠋ ᠨᠠᠢᠳᠠᠪᠤᠷᠢᠵᠢᠭᠤᠯᠬᠤ᠎ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ᠎ᠶᠢ ᠴᠢᠩᠭᠠᠳᠬᠠᠬᠤ ᠢᠯᠡ ᠲᠣᠳᠣ᠌ ᠤᠳᠤᠷᠢᠳᠤᠮᠵᠢ᠎ᠶᠢ ᠪᠤᠢ ᠪᠣᠯᠭᠠᠬᠤ᠎ᠶᠢ ᠪᠠᠷᠢᠮᠲᠠᠯᠠᠬᠤ ᠵᠡᠷᠭᠡ ᠲᠦᠷᠪᠡᠨ ᠲᠠᠯ᠎ᠠ ᠡᠴᠡ ᠭᠦᠨᠵᠡᠭᠡᠢ ᠲᠣᠳᠣᠷᠬᠠᠢᠯᠠᠨ ᠲᠠᠢᠯᠪᠤᠷᠢᠯᠠᠪᠠ᠃ ᠬᠢᠴᠢᠶᠡᠯ᠎ᠤᠨ ᠯᠣᠭᠢᠭ᠋ ᠨᠢ ᠲᠣᠳᠣᠷᠬᠠᠢ᠂ ᠠᠭᠤᠯᠤᠭᠳᠠᠬᠤᠨ ᠨᠢ ᠪᠠᠶᠠᠯᠢᠭ᠋ ᠪᠠᠢᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠲᠠᠢᠯᠪᠤᠷᠢᠯᠠᠭᠰᠠᠨ ᠪᠥᠭᠡᠳ ᠨᠢᠭᠡᠳᠦᠮᠡᠯ ᠹᠷᠣᠨᠲ᠎ᠤᠨ ᠠᠵᠢᠯ᠎ᠤᠨ ᠲᠦᠷᠦ᠎ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠷᠢᠨ ᠨᠢᠮᠪᠠᠢ ᠡᠮᠬᠢᠯᠡᠵᠦ᠂ ᠨᠡᠩ ᠴᠤ᠌ ᠬᠠᠤᠯᠢ ᠴᠠᠭᠠᠵᠠ᠎ᠶᠢᠨ ᠵᠠᠰᠠᠭ ᠵᠠᠬᠢᠷᠭᠠᠨ ᠤ ᠠᠵᠢᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠤᠭᠰᠠᠨ ᠦᠢᠯᠡᠳᠦᠯᠭᠡ ᠶᠢᠨ ᠵᠢᠯᠣᠭᠣᠳᠤᠯᠭ᠎ᠠ᠎ᠲᠠᠢ ᠪᠠᠢᠵᠤ᠂ ᠠᠵᠢᠯ᠎ᠤᠨ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠠᠵᠢᠯ᠎ᠤᠨ ᠰᠡᠳᠬᠢᠴᠡ᠎ᠶᠢ ᠤᠯᠠᠮ ᠨᠢᠭᠡ ᠠᠯᠬᠤᠮ ᠲᠣᠳᠣᠷᠬᠠᠢ ᠪᠣᠯᠭᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号