ᠣᠢᠷ᠎ᠠ ᠳ᠋ᠤ᠌᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ ᠬᠥᠬᠡᠬᠣᠲᠠ ᠭᠣᠣᠯᠳᠠᠯᠭ᠎ᠠ ᠲᠠᠢ ᠬᠥᠮᠦᠰ ᠲᠦ᠍ ᠬᠠᠨᠳᠤᠭᠤᠯᠤᠭᠰᠠᠨ ᠰᠦᠢᠳᠬᠡᠯ ᠬᠤᠷᠢᠶᠠᠬᠤ ᠦᠭᠡᠢ ᠲᠠᠭᠰᠢᠭᠤᠷ ᠤ᠋ᠨ ᠸᠠᠺᠼᠢᠨ ᠤ᠋ ᠳᠠᠷᠢᠯᠭ᠎ᠠ ᠵᠢᠨ ᠠᠵᠢᠯ ᠢ᠋ ᠡᠬᠢᠯᠡᠭᠦᠯᠪᠡ᠃
ᠰᠤᠷᠪᠤᠯᠵᠢᠯᠠᠭᠴᠢ ᠬᠥᠬᠡᠬᠣᠲᠠ ᠵᠢᠨ ᠭᠡᠮ ᠬᠢᠵᠢᠭ ᠢ᠋ ᠰᠡᠷᠭᠡᠢᠯᠡᠨ ᠡᠵᠡᠮᠳᠡᠬᠦ ᠲᠥᠪ ᠡᠴᠡ ᠣᠢᠯᠠᠭᠠᠭᠰᠠᠨ ᠵᠢᠠᠷ᠂ ᠲᠤᠰ ᠤᠳᠠᠭ᠎ᠠ ᠵᠢᠨ ᠰᠦᠢᠳᠬᠡᠯ ᠬᠤᠷᠢᠶᠠᠬᠤ ᠦᠭᠡᠢ ᠪᠡᠷ ᠳᠠᠭᠰᠢᠭᠤᠷ ᠤ᠋ᠨ ᠸᠠᠺᠼᠢᠨ ᠤ᠋ ᠳᠠᠷᠢᠯᠭ᠎ᠠ ᠳᠠᠷᠢᠵᠤ ᠪᠤᠯᠬᠤ ᠭᠣᠣᠯᠳᠠᠯᠭ᠎ᠠ ᠲᠠᠢ ᠬᠥᠮᠦᠰ ᠭᠡᠪᠠᠯ ᠨᠠᠰᠤᠵᠢᠯ ᠤ᠋ᠨ ᠠᠰᠠᠷᠠᠮᠵᠢ ᠵᠢᠨ ᠪᠠᠢᠭᠤᠯᠤᠮᠵᠢ ᠵᠢᠨ ᠨᠠᠰᠤᠲᠠᠢᠴᠤᠳ ᠵᠢᠴᠢ ᠠᠵᠢᠯᠲᠠᠨ ᠠᠵᠢᠯᠴᠢᠨ᠂ ᠪᠦᠬᠦᠯᠢ 60 ᠨᠠᠰᠤᠨ ᠡᠴᠡ ᠳᠡᠭᠡᠭᠰᠢᠬᠢ ᠨᠠᠰᠤᠲᠠᠢᠴᠤᠳ ᠪᠠ ᠳᠤᠮᠳᠠᠳᠤ ᠪᠠᠭ᠎ᠠ ᠰᠤᠷᠭᠠᠭᠤᠯᠢ ᠵᠢᠨ ᠪᠠᠭᠰᠢ ᠰᠤᠷᠤᠬᠴᠢ ᠠᠵᠢᠯᠲᠠᠨᠢ ᠪᠠᠭᠳᠠᠭᠠᠵᠤ ᠪᠤᠢ᠃ ᠳᠡᠭᠡᠷ᠎ᠡ ᠳᠤᠷᠠᠳᠤᠭᠰᠠᠨ ᠬᠥᠮᠦᠰ ᠤ᠋ᠨ ᠲᠠᠷᠢᠯᠭ᠎ᠠ ᠬᠢᠬᠦ ᠵᠢ ᠪᠠᠲᠤᠯᠠᠭᠰᠠᠨ ᠰᠠᠭᠤᠷᠢᠨ ᠲᠡᠭᠡᠷ᠎ᠡ ᠬᠡᠷᠪᠡ ᠦᠯᠡᠭᠦᠳᠡᠭᠰᠡᠨ ᠪᠠᠢᠪᠠᠯ ᠪᠠᠢᠳᠠᠯ ᠢ᠋ ᠦᠵᠡᠵᠦ ᠪᠠᠢᠭᠠᠳ ᠳᠠᠷᠢᠯᠭ᠎ᠠ ᠲᠠᠷᠢᠬᠤ ᠬᠡᠪᠴᠢᠶ᠎ᠡ ᠪᠡᠨ ᠵᠣᠬᠢᠰᠲᠠᠢ ᠥᠷᠭᠡᠳᠬᠡᠨ᠎ᠡ᠃ ᠨᠠᠷᠢᠨ ᠪᠠᠢᠳᠠᠯ ᠢ᠋ ᠨᠢ ᠤᠢᠯᠠᠭᠠᠬᠤ ᠭᠡᠪᠡᠯ ᠡᠯ᠎ᠡ ᠲᠠᠷᠢᠯᠭ᠎ᠠ ᠵᠢᠨ ᠭᠠᠵᠠᠷ ᠡᠴᠡ ᠠᠰᠠᠭᠤᠨ ᠯᠠᠪᠯᠠᠵᠤ ᠪᠤᠯᠤᠨ᠎ᠠ᠃ ᠸᠠᠺᠼᠢᠨ ᠤ᠋ ᠳᠠᠷᠢᠯᠭ᠎ᠠ ᠵᠢᠨ ᠲᠣᠭ᠎ᠠ ᠬᠡᠮᠵᠢᠶ᠎ᠡ ᠬᠢᠵᠠᠭᠠᠷ ᠲᠠᠢ ᠪᠤᠯᠬᠤᠷ ᠲᠠᠷᠢᠯᠭ᠎ᠠ ᠬᠢᠬᠦ ᠳ᠋ᠦ᠍ 《ᠤᠷᠢᠳ ᠵᠢᠡᠷ ᠬᠦᠷᠪᠡᠯ ᠤᠷᠢᠳ ᠵᠢᠡᠷ ᠡᠳ᠋ᠯᠡᠵᠤ᠂ ᠳᠠᠭᠤᠰᠳᠠᠯ᠎ᠠ ᠳᠠᠷᠢᠬᠤ》 ᠵᠠᠷᠴᠢᠮ ᠢ᠋ ᠵᠢᠷᠤᠮᠯᠠᠨ᠎ᠠ᠃
ᠲᠠᠷᠢᠯᠭ᠎ᠠ ᠬᠢᠬᠦ ᠳ᠋ᠦ᠍ 《ᠪᠠᠢᠳᠠᠯᠢ ᠮᠡᠳᠡᠬᠦ᠂ ᠵᠥᠪᠰᠢᠶᠡᠷᠡᠬᠦ᠂ ᠰᠠᠢᠨ ᠳᠤᠷ᠎ᠠ ᠵᠢᠨ ᠦᠨ᠎ᠡ ᠲᠦᠯᠦᠪᠦᠷᠢ ᠦᠭᠡᠢ》 ᠪᠠᠢᠬᠤ ᠵᠠᠷᠴᠢᠮ ᠢ᠋ ᠵᠢᠷᠤᠮᠯᠠᠵᠤ᠂ ᠸᠠᠺᠼᠢᠨ ᠤ᠋ ᠳᠠᠷᠢᠯᠭ᠎ᠠ ᠵᠢᠨ ᠰᠦᠢᠳᠬᠡᠯ ᠬᠤᠷᠢᠶᠠᠬᠤ ᠦᠭᠡᠢ ᠪᠤᠯᠪᠠᠴᠦ ᠲᠠᠷᠢᠯᠭ᠎ᠠ ᠬᠢᠯᠭᠡᠭᠴᠢ ᠨᠢ ᠲᠤᠬᠠᠢ ᠵᠢᠨ ᠲᠠᠯᠠᠪᠠᠢ ᠳ᠋ᠤ᠌ 20 ᠲᠥᠭᠥᠷᠢᠭ ᠤ᠋ᠨ ᠲᠠᠷᠢᠯᠭ᠎ᠠ ᠬᠢᠬᠦ ᠦᠢᠯᠡᠴᠢᠯᠡᠭᠡᠨ ᠤ᠋ ᠰᠦᠢᠳᠬᠡᠯ ᠳᠤᠰᠢᠶᠠᠬᠤ ᠴᠢᠬᠤᠯᠠᠳᠠᠢ᠃ ᠣᠢᠷ᠎ᠠ ᠵᠢᠨ ᠡᠳᠦᠷ ᠡᠴᠡ ᠡᠬᠢᠯᠡᠨ ᠬᠦᠬᠡᠬᠤᠳᠠ ᠵᠢᠨ ᠨᠥᠬᠥᠴᠡᠯ ᠳ᠋ᠦ᠍ ᠨᠡᠢᠴᠡᠭᠰᠡᠨ ᠬᠥᠮᠦᠰ ᠬᠣᠯᠪᠣᠭᠳᠠᠯ ᠪᠦᠬᠦᠢ ᠪᠡᠶ᠎ᠡ ᠵᠢᠨ ᠦᠨᠡᠮᠯᠡᠯ ᠵᠢᠡᠨ ᠠᠪᠴᠤ᠂ ᠪᠦᠬᠦ ᠬᠣᠲᠠ ᠵᠢᠨ ᠡᠯ᠎ᠡ ᠤᠷᠢᠳᠴᠢᠯᠠᠨ ᠰᠡᠷᠭᠡᠢᠯᠡᠬᠦ ᠲᠠᠷᠢᠯᠭ᠎ᠠ ᠵᠢᠨ ᠡᠭᠦᠳᠡᠨ ᠡᠮᠨᠡᠯᠭᠡ ᠳ᠋ᠦ᠍ ᠰᠠᠢᠨ ᠳᠤᠷ᠎ᠠ ᠡᠴᠡ ᠪᠠᠨ ᠲᠠᠷᠢᠯᠭ᠎ᠠ ᠬᠢᠯᠭᠡᠵᠤ ᠪᠤᠯᠤᠨ᠎ᠡ᠃