ᠰᠤᠷᠪᠤᠯᠵᠢᠯᠠᠭ᠍ᠴᠢ ᠳᠤᠮᠳᠠᠳᠤ ᠤᠯᠤᠰ᠎ᠤᠨ
ᠲᠡᠮᠦᠷ ᠵᠠᠮ᠎ᠤᠨ ᠪᠦᠯᠦᠭᠯᠡᠯ᠎ᠦᠨ ᠬᠢᠵᠠᠭᠠᠷᠲᠤ ᠺᠣᠮᠫᠠᠨᠢᠡᠴᠠ ᠣᠢᠯᠠᠭᠠᠭᠰᠠᠨ᠎ᠢᠶᠠᠷ᠂ ᠴᠠᠭᠠᠨ ᠰᠠᠷ᠎ᠠ᠎ᠶᠢᠨ
ᠠᠮᠠᠷᠠᠯᠲᠠ (ᠯᠠ ᠰᠠᠷ᠎ᠠ᠎ᠶᠢᠨ ᠬᠣᠷᠢᠨ ᠨᠠᠢ᠍ᠮᠠᠨ᠎ᠠᠴᠠ ᠴᠠᠭᠠᠨ ᠰᠠᠷ᠎ᠠ᠎ᠶᠢᠨ ᠰᠢᠨ᠎ᠡ᠎ᠶᠢᠨ ᠲᠤᠯᠤᠭᠠᠨ) ᠶᠢᠨᠬᠤᠭᠤᠴᠠᠭᠠᠨᠳᠤ᠂
ᠰᠠᠳᠤᠨ᠎ᠢᠶᠠᠨ ᠡᠷᠭᠢᠬᠦ ᠤᠷᠤᠰᠬᠠᠯ᠂ ᠬᠥᠯᠥᠰᠦᠨ ᠠᠵᠢᠯ ᠬᠢᠭᠰᠡᠳ᠎ᠤᠨ ᠤᠷᠤᠰᠬᠠᠯ᠂ ᠵᠢᠭᠤᠯᠴᠢᠳ᠎ᠤᠨ ᠤᠷᠤᠰᠬᠠᠯ
ᠲᠡᠮᠦᠷ ᠵᠠᠮ᠎ᠤᠨ ᠬᠦᠷᠢᠶᠡᠨ᠎ᠳᠤ ᠰᠣᠯᠪᠢᠴᠠᠨ ᠳᠠᠪᠬᠤᠴᠠᠵᠤ᠂ ᠠᠶᠠᠨᠴᠢᠳ᠎ᠤᠨ ᠤᠷᠤᠰᠬᠠᠯ ᠳᠡᠭᠡᠳᠦ
ᠬᠡᠮᠵᠢᠶᠡᠨ᠎ᠤ ᠡᠷᠭᠢᠯᠲᠡ ᠪᠠᠨ ᠪᠠᠲᠤᠯᠠᠵᠤ᠂ ᠪᠥᠬᠥ ᠤᠯᠤᠰ᠎ᠤᠨ ᠲᠡᠮᠦᠷ ᠵᠠᠮ᠎ᠤᠨ ᠬᠢᠨ ᠠᠶᠠᠨᠴᠢᠳ᠎ᠢ ᠨᠡᠶ᠋ᠢᠲᠡ
1.21 ᠳ᠋ᠦᠩᠰᠢᠭᠤᠷ ᠬᠥᠮᠥᠨ ᠤᠳᠠᠭ᠎ᠠ ᠵᠦᠭᠡᠭᠡᠪᠦᠷᠢᠯᠡᠵᠦ᠂ ᠡᠳᠦᠷ ᠪᠦᠷᠢ ᠳᠤᠮᠳᠠᠴᠢ᠎ᠪᠠᠷ 1341 ᠲᠦᠮᠡᠨ ᠬᠥᠮᠥᠨ
ᠤᠳᠠᠭ᠎ᠠ ᠬᠦᠷᠴᠤ᠂ ᠨᠢᠳᠤᠨᠤᠨ᠎ᠤ ᠴᠠᠭᠠᠨ ᠰᠠᠷ᠎ᠠ᠎ᠶᠢᠨ ᠵᠦᠭᠡᠭᠡᠪᠦᠷᠢ᠎ᠶᠢᠨ ᠠᠳᠠᠯᠢ ᠬᠤᠭᠤᠴᠠᠭᠠᠨ᠎ᠤ ᠬᠢ᠎ᠡᠴᠡ
11.5%᠎ᠪᠠᠷ ᠨᠡᠮᠡᠭᠳᠡᠪᠡ᠃ ᠡᠭᠦᠨ᠎ᠳᠦ᠂ 2 ᠰᠠᠷ᠎ᠠ᠎ᠶᠢᠨ 23᠎ᠤ ᠡᠳᠦᠷ (ᠴᠠᠭᠠᠨ ᠰᠠᠷ᠎ᠠ᠎ᠶᠢᠨ ᠰᠢᠨ᠎ᠡ᠎ᠶᠢᠨ
ᠳᠣᠯᠣᠭᠠᠨ) ᠠᠶᠠᠨᠴᠢᠳ᠎ᠤᠨ ᠲᠣᠭ᠎ᠠ 1873.3 ᠲᠦᠮᠡᠨ ᠬᠥᠮᠥᠨ ᠤᠳᠠᠭ᠎ᠠ᠎ᠳᠤ ᠬᠦᠷᠴᠦ᠂ ᠴᠠᠭᠠᠨ ᠰᠠᠷ᠎ᠠ᠎ᠶᠢᠨ ᠵᠦᠭᠡᠭᠡᠪᠦᠷᠢ᠎ᠶᠢᠨ
ᠭᠠᠭᠴᠠ ᠡᠳᠦᠷ᠎ᠦᠨ ᠠᠶᠠᠨᠴᠢᠳ᠎ᠤᠨ ᠲᠣᠭᠠᠨ᠎ᠤ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠡᠢ᠃
ᠴᠠᠭᠠᠨ ᠰᠠᠷ᠎ᠠ᠎ᠶᠢᠨ ᠠᠮᠠᠷᠠᠯᠲᠠ᠎ᠶᠢᠨ
ᠬᠤᠭᠤᠴᠠᠭᠠᠨ᠎ᠳᠤ᠂ ᠲᠡᠮᠦᠷ ᠵᠠᠮ᠎ᠤᠨ ᠰᠠᠯᠠᠭ᠎ᠠ ᠮᠥᠴᠢᠷ ᠡᠳᠦᠷ ᠳᠤᠮᠳᠠᠴᠢ᠎ᠪᠠᠷ 12380 ᠠᠶᠠᠨᠴᠢᠳ᠎ᠤᠨ ᠭᠠᠯᠲᠤ
ᠲᠡᠷᠭᠡ ᠶᠠᠪᠤᠭᠤᠯᠵᠤ᠂ ᠴᠠᠭᠠᠨ ᠰᠠᠷ᠎ᠠ᠎ᠠᠴᠠ ᠡᠮᠦᠨᠡᠬᠢ ᠠᠶᠠᠨᠴᠢᠳ᠎ᠤᠨ ᠣᠷᠭᠢᠯ᠎ᠤᠨ ᠬᠤᠭᠤᠴᠠᠭᠠᠨ᠎ᠳᠤ ᠪᠡᠭᠡᠵᠢᠩ
ᠭᠤᠸᠠᠩᠵᠧᠦ᠂ ᠪᠡᠭᠡᠵᠢᠩ ᠱᠠᠩᠬᠠᠢ᠂ ᠱᠠᠩᠬᠠᠢ ᠺᠦᠨᠮᠢᠩ᠂ ᠪᠡᠭᠡᠵᠢᠩ ᠬᠠᠷᠪᠢᠨ ᠵᠡᠷᠭᠡ ᠲᠦᠷᠭᠡᠨ᠎ᠤ ᠲᠡᠮᠦᠷ ᠵᠠᠮ᠎ᠤᠨ
ᠭᠣᠣᠯ ᠱᠤᠭᠤᠮ᠎ᠳᠤ ᠨᠢᠭᠡ ᠡᠳᠦᠷ᠎ᠲᠦ ᠰᠥᠨᠢ᠎ᠶᠢᠨ ᠡᠭᠡᠯᠵᠢ ᠵᠢᠨ ᠲᠦᠷᠭᠡᠨ᠎ᠤ ᠭᠠᠯᠲᠤ ᠲᠡᠷᠭᠡ ᠵᠢ 1000 ᠡᠭᠡᠯᠵᠢ
ᠨᠡᠮᠡᠵᠦ ᠲᠤᠬᠢᠷᠠᠭᠤᠯᠤᠨ᠂ ᠬᠠᠯᠠᠮᠰᠢᠯ ᠴᠢᠭᠯᠡᠯ ᠪᠠ ᠬᠡᠰᠡᠭ ᠭᠠᠵᠠᠷ᠎ᠤᠨ ᠬᠣᠭᠣᠷᠣᠨᠳᠤ ᠲᠦᠷ ᠴᠠᠭ᠎ᠤᠨ ᠠᠶᠠᠨᠴᠢᠳ᠎ᠤᠨ
ᠭᠠᠯᠲᠤ ᠲᠡᠷᠭᠡ᠎ᠶᠢ ᠴᠠᠭ ᠲᠤᠬᠠᠢ ᠳ᠋ᠤᠨᠢ ᠨᠡᠮᠡᠵᠦ᠂ ᠨᠢᠭᠡ ᠡᠳᠦᠷ᠎ᠲᠦ ᠬᠠᠮᠤᠭ᠎ᠤᠨ ᠠᠷᠪᠢᠨ ᠳ᠋ᠠᠭᠠᠨ 2314 ᠴᠤᠪᠤᠭ᠎ᠠ
ᠨᠡᠮᠡᠵᠦ ᠶᠠᠪᠤᠭᠤᠯᠪᠠ᠃
ᠡᠨᠡ ᠵᠢᠯ᠎ᠦᠨ ᠴᠠᠭᠠᠨ ᠰᠠᠷ᠎ᠠ᠎ᠶᠢᠨ ᠵᠥᠭᠡᠭᠡᠪᠦᠷᠢ᠎ᠳᠦ᠂
ᠲᠡᠮᠦᠷ ᠵᠠᠮ᠎ᠤᠨ ᠰᠠᠯᠠᠭ᠎ᠠ ᠮᠥᠴᠢᠷ ᠨᠠᠩ ᠣᠨᠣᠪᠴᠢᠲᠠᠶ ᠪᠢᠯᠧᠲ ᠬᠤᠳᠠᠯᠳᠤᠬᠤ ᠠᠷᠭ᠎ᠠ ᠪᠣᠳᠣᠯᠭ᠎ᠠ᠎ᠶᠢ ᠬᠡᠷᠡᠭᠵᠢᠭᠦᠯᠵᠦ᠂
ᠪᠢᠯᠧᠲ᠎ᠦᠨ ᠲᠣᠭ᠎ᠠ᠎ᠶᠢ ᠬᠥᠳᠡᠯᠦᠩᠭᠦᠢ᠎ᠪᠡᠷ ᠲᠣᠬᠢᠷᠠᠭᠤᠯᠵᠤ᠂ ᠠᠯᠤᠰ ᠵᠠᠮ᠎ᠤᠨ ᠪᠠ ᠣᠢᠷ᠎ᠠ ᠵᠠᠮ᠎ᠤᠨ ᠠᠶᠠᠨᠴᠢᠳ᠎ᠤᠨ
ᠬᠡᠷᠡᠭᠴᠡᠭᠡ᠎ᠶᠢ ᠬᠠᠮᠲᠤ ᠳ᠋ᠤᠨᠢ ᠬᠠᠷᠠᠭᠠᠯᠵᠠᠵᠤ᠂ ᠲᠡᠷᠭᠡᠨ ᠪᠢᠯᠧᠲ᠎ᠢ ᠰᠠᠭᠠᠲᠠᠭᠠᠨ ᠬᠤᠳᠠᠯᠳᠤᠨ ᠠᠪᠬᠤ᠎ᠳᠤ
ᠬᠤᠭᠤᠴᠠᠭ᠎ᠠ ᠬᠢᠵᠠᠭᠠᠷᠯᠠᠨ ᠰᠦᠢᠳᠬᠡᠯ ᠦᠭᠡᠢ᠎ᠪᠡᠷ ᠪᠢᠯᠧᠲ ᠪᠤᠴᠠᠭᠠᠬᠤ᠂ ᠨᠠᠰᠤ ᠠᠬᠢᠭ᠍ᠰᠠᠨ ᠠᠶᠠᠨᠴᠢᠳ᠎ᠤᠨ ᠤᠲᠠᠰᠤ᠎ᠪᠠᠷ
ᠪᠢᠯᠧᠲ ᠵᠠᠬᠢᠶᠠᠯᠠᠬᠤ ᠵᠡᠷᠭᠡ ᠦᠢᠯᠡᠴᠢᠯᠡᠭᠡ ᠬᠠᠩᠭᠠᠵᠤ᠂ ᠪᠢᠯᠧᠲ ᠨᠥᠬᠥᠨ ᠬᠤᠳᠠᠯᠳᠤᠨ ᠠᠪᠬᠤ ᠠᠮᠵᠢᠯᠲᠠ ᠵᠢᠨ
ᠨᠣᠷᠮ᠎ᠠ 70% ᠶ᠋ᠢ ᠳᠠᠪᠠᠵᠤ᠂ ᠬᠠᠯᠠᠮᠰᠢᠯ ᠪᠤᠰᠤ ᠴᠢᠭᠯᠡᠯ᠎ᠦᠨ ᠭᠠᠯᠲᠤ ᠲᠡᠷᠭᠡᠨ᠎ᠤ ᠪᠢᠯᠧᠲ᠎ᠦᠨ ᠦᠨ᠎ᠡ᠎ᠶᠢᠨ
ᠬᠠᠷᠠᠭᠠᠯᠵᠠᠯ᠎ᠤᠨ ᠡᠷᠴᠢᠮ᠎ᠢ ᠴᠢᠩᠭᠠᠷᠠᠭᠤᠯᠵᠤ᠂ ᠬᠠᠮᠤᠭ᠎ᠤᠨ ᠳᠣᠣᠷ᠎ᠠ ᠳ᠋ᠠᠭᠠᠨ 2 ᠨᠤᠭᠤᠯᠤᠭᠰᠠᠨ ᠬᠠᠷᠠᠭᠠᠯᠵᠠᠯ᠎ᠤᠨ
ᠦᠨ᠎ᠡ ᠪᠡᠷ ᠬᠤᠳᠠᠯᠳᠤᠵᠤ᠂ ᠠᠶᠠᠨᠴᠢᠳ᠎ᠲᠤ ᠨᠠᠩ ᠣᠯᠠᠨ ᠪᠣᠳᠠᠲᠤ ᠠᠰᠢᠭ᠋ ᠬᠦᠷᠲᠡᠭᠡᠵᠡᠢ᠃
ᠢᠷᠡᠯᠲᠡ᠄ ᠠᠷᠠᠳ᠎ᠤᠨ ᠡᠳᠦᠷ᠎ᠦᠨ
ᠰᠣᠨᠢᠨ᠎ᠤ ᠰᠢᠯᠵᠢᠶ᠎ᠡ