《ᠴᠠᠭᠠᠨ ᠰᠠᠷ᠎ᠠ ᠎ᠶᠢᠨ ᠠᠩᠬᠠᠳᠤᠭᠠᠷ ᠬᠤᠷᠠᠯ》 ᠡᠴᠡ ᠥᠪᠥᠷ ᠮᠣᠩᠭᠣᠯ ᠎ᠤᠨ ᠢᠲᠡᠭᠡᠯ ᠵᠣᠷᠢᠭ᠋ ᠡᠷᠴᠢ ᠵᠣᠷᠢᠭ᠋ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠋᠎ᠢ ᠬᠠᠷᠠᠬᠤᠢ
2026-02-25 15:50:28
ᠵᠣᠬᠢᠶᠠᠭ᠍ᠴᠢ᠄
ᠠᠯᠳᠠᠠᠠᠤᠳᠤ ᠰᠤᠷᠭᠤᠭ ᠪᠠᠶᠠᠰᠤᠯ
ᠣᠩᠱᠢᠭ᠍ᠰᠠᠨ ᠣᠳᠠᠭ᠎ᠠ᠄
★★★☆☆

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠬᠦ᠂ ᠰᠢᠨ᠎ᠡ ᠵᠠᠮ᠎ᠢ ᠲᠦᠷᠬᠡᠨ ᠨᠡᠭᠡᠭᠡᠬᠦ ᠵᠠᠩᠭᠢᠯᠠᠭ᠎ᠠ᠎ᠶᠢᠨ ᠬᠤᠭᠤᠴᠠᠭ᠎ᠠ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠣᠰᠣᠭᠠᠷ᠂ ᠥᠪᠥᠷ ᠮᠣᠩᠭᠣᠯ ᠤᠨᠢᠨ ᠳᠡᠭᠡᠷ᠎ᠡ ᠨᠢ ᠬᠦᠴᠦᠯᠡᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠠᠢ ᠭᠦᠨᠵᠡᠭᠡᠢ ᠵᠣᠯᠭᠠᠭᠤᠯᠵᠤ᠂ ᠠᠵᠤ ᠠᠬᠤᠢ᠎ᠶᠢᠨ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠬᠦ ᠪᠠ ᠲᠣᠭ᠎ᠠ ᠬᠡᠮᠵᠢᠶ᠎ᠡ᠎ᠶᠢ ᠵᠣᠬᠢᠰᠲᠠᠢ ᠨᠡᠮᠡᠭᠳᠡᠭᠦᠯᠬᠦ᠎ᠶᠢ ᠴᠢᠷᠮᠠᠢᠨ ᠪᠡᠶᠡᠯᠡᠭᠦᠯᠬᠦ ᠪᠤᠯᠤᠨ᠎ᠠ᠃

ᠪᠣᠳᠠᠲᠤ ᠴᠣᠭᠴᠠ᠎ᠶᠢᠨ ᠠᠵᠤ ᠠᠬᠤᠢ᠎ᠶᠢᠨ ᠰᠠᠭᠤᠷᠢ᠎ᠶᠢ ᠪᠡᠬᠢᠵᠢᠭᠦᠯᠵᠦ ᠣᠳᠣᠬᠢᠴᠢᠯᠠᠭᠰᠠᠨ  ᠠᠵᠤ  ᠦᠢᠯᠡᠰ᠎ᠦᠨ ᠰᠢᠰᠲᠧᠮ᠎ᠢ ᠪᠠᠢᠭᠤᠯᠤᠨ᠎ᠠ

ᠪᠣᠳᠠᠲᠤ ᠴᠣᠭᠴᠠ᠎ᠶᠢᠨ ᠠᠵᠤ ᠠᠬᠤᠢ᠎ᠶᠢᠨ ᠲᠠᠯ᠎ᠠ᠎ᠪᠠᠷ᠂ ᠥᠪᠥᠷ ᠮᠣᠩᠭᠣᠯ ᠤᠯᠠᠮᠵᠢᠯᠠᠯᠲᠤ ᠠᠵᠤ ᠦᠢᠯᠡᠰ᠎ᠢ ᠲᠡᠰ ᠳᠡᠪᠰᠢᠭᠦᠯᠬᠦ ᠪᠠ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠣᠢᠵᠢᠭᠤᠯᠬᠤ᠎ᠪᠠᠷ ᠬᠣᠣᠰ ᠬᠥᠳᠡᠯᠭᠡᠭᠦᠷ ᠪᠣᠯᠭᠠᠬᠤ᠎ᠶᠢ ᠪᠠᠷᠢᠮᠲᠠᠯᠠᠨ᠎ᠡ᠃ ᠨᠢᠭᠡ ᠲᠠᠯ᠎ᠠ᠎ᠪᠠᠷ ᠠᠵᠤ ᠦᠢᠯᠡᠳᠪᠦᠷᠢ᠎ᠶᠢᠨ ᠲᠥᠬᠦᠭᠡᠷᠦᠮᠵᠢ᠎ᠶᠢᠨ ᠰᠢᠨᠡᠴᠢᠯᠡᠯᠲᠡ ᠪᠣᠯᠣᠨ ᠮᠡᠷᠭᠡᠵᠢᠯ᠎ᠦᠨ ᠥᠭᠡᠷᠡᠴᠢᠯᠡᠯᠲᠡ᠎ᠶᠢᠨ ᠢᠨᠵᠧᠨᠧᠷᠢᠩ᠎ᠢ ᠬᠡᠷᠡᠭᠵᠢᠭᠦᠯᠵᠦ᠂ 50 ᠣᠶᠤᠨᠲᠤ ᠦᠢᠯᠡᠳᠪᠦᠷᠢ᠂ 90 ᠪᠣᠬᠢᠷᠲᠤᠯ ᠦᠭᠡᠢ ᠦᠢᠯᠡᠳᠪᠦᠷᠢ᠎ᠶᠢ ᠪᠠᠢᠭᠤᠯᠵᠤ᠂ ᠰᠦ᠎ᠶᠢᠨ ᠦᠢᠯᠡᠰ᠂ ᠬᠣᠪᠣᠷ ᠰᠢᠷᠣᠢ᠂ ᠭᠡᠷᠡᠯᠴᠢ ᠴᠡᠨᠡᠭ ᠵᠡᠷᠭᠡ ᠮᠢᠩᠭᠠᠨ ᠳ᠋ᠦᠩᠰᠢᠭᠤᠷ᠎ᠤᠨ ᠳᠡᠰ᠎ᠤᠨ ᠣᠨᠴᠠᠯᠢᠭ᠍ᠲᠤ ᠠᠵᠤ ᠦᠢᠯᠡᠰ᠎ᠦᠨ ᠬᠡᠯᠬᠢᠶ᠎ᠡ᠎ᠶᠢ ᠬᠦᠴᠦᠷᠬᠡᠭᠵᠢᠭᠦᠯᠵᠦ᠂ ᠪᠤᠭᠤᠲᠤ᠂ ᠣᠷᠳᠣᠰ᠂ ᠤᠯᠠᠭᠠᠨᠬᠠᠳᠠ ᠵᠡᠷᠭᠡ ᠭᠠᠵᠠᠷ᠎ᠤᠨ ᠣᠨᠴᠠᠯᠢᠭ᠍ᠲᠤ ᠠᠵᠤ ᠦᠢᠯᠡᠰ᠎ᠦᠨ ᠰᠠᠭᠤᠷᠢᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠵᠤ᠂ ᠤᠯᠠᠮᠵᠢᠯᠠᠯᠲᠤ ᠳᠠᠪᠠᠭᠤᠯᠢᠭ᠋ ᠠᠵᠤ ᠦᠢᠯᠡᠰ᠎ᠦᠨ ᠰᠢᠨ᠎ᠡ ᠠᠮᠢᠵᠢᠷᠠᠯ᠎ᠤᠨ ᠬᠦᠴᠦᠨ᠎ᠢ ᠬᠦᠭᠵᠢᠭᠡᠨ᠎ᠡ᠃


b5c693c30ce420389ac0264899978f54.jpg


ᠨᠦᠭᠦᠭᠡ ᠲᠠᠯ᠎ᠠ᠎ᠪᠠᠷ ᠪᠣᠬᠢᠷᠲᠤᠯ ᠦᠭᠡᠢ ᠪᠣᠳᠣᠯᠲᠠ᠎ᠶᠢᠨ ᠬᠦᠴᠦᠨ᠂ ᠰᠢᠨ᠎ᠡ ᠡᠨᠧᠷᠭᠢ᠎ᠶᠢᠨ ᠲᠣᠨᠣᠭᠯᠠᠯ᠂ ᠤᠢᠷ᠎ᠠ ᠣᠭᠲᠠᠷᠭᠤᠢ᠎ᠶᠢᠨ ᠠᠵᠤ ᠠᠬᠤᠢ ᠵᠡᠷᠭᠡ ᠰᠢᠨ᠎ᠡ ᠤᠷᠤᠯᠳᠤᠭᠠᠨ᠎ᠤ ᠵᠠᠮ᠎ᠢ ᠪᠠᠢᠷᠢᠰᠢᠭᠤᠯᠵᠤ᠂ ᠪᠦᠬᠦ ᠤᠯᠤᠰ᠎ᠤᠨ ᠲᠡᠷᠢᠭᠦᠨ᠎ᠦ ᠲᠣᠭᠠᠴᠢᠯᠠᠭᠰᠠᠨ ᠠᠵᠤ ᠦᠢᠯᠡᠰ᠎ᠦᠨ ᠲᠥᠪᠯᠡᠷᠡᠯ᠎ᠦᠨ ᠣᠷᠣᠨ ᠪᠣᠯᠣᠨ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠰᠠᠭᠤᠷᠢᠨ᠎ᠢ ᠪᠠᠢᠭᠤᠯᠵᠤ᠂ ᠠᠮᠢᠳᠤ ᠪᠣᠳᠠᠰ᠎ᠤᠨ ᠦᠢᠯᠡᠳᠬᠡᠯ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠢ ᠵᠡᠷᠭᠡ ᠪᠡᠷ ᠬᠥᠭᠵᠢᠭᠦᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠨᠠᠢᠳᠠᠪᠤᠷᠢᠵᠢᠭᠤᠯᠬᠤ᠎ᠶᠢ ᠠᠬᠢᠭᠤᠯᠤᠨ᠎ᠠ᠃ ᠡᠭᠦᠨ᠎ᠦ ᠬᠠᠮᠳᠦ ᠪᠠᠷᠠᠭᠠᠨ᠎ᠤ ᠭᠦᠢᠯᠭᠡᠭᠡᠨ᠎ᠦ ᠬᠦᠢᠰᠦ ᠪᠣᠯᠣᠨ ᠬᠦᠢᠲᠡᠨ ᠬᠡᠯᠬᠢᠶ᠎ᠡ᠎ᠶᠢᠨ ᠰᠠᠭᠤᠷᠢᠨ᠎ᠢ ᠲᠡᠰ ᠳᠡᠪᠰᠢᠭᠦᠯᠵᠦ᠂ ᠦᠢᠯᠡᠴᠢᠯᠡᠭᠡᠨ᠎ᠦ ᠦᠢᠯᠡᠰ ᠪᠣᠯᠣᠨ ᠦᠢᠯᠡᠳᠬᠦ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠦᠨ᠎ᠡ᠃


d4f1e168f94da9e41f6a40cb9417768e.jpg


ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠵᠢᠨ ᠭᠣᠣᠯᠯᠠᠬᠤ ᠦᠢᠯᠡᠳᠦᠯ᠎ᠢ ᠴᠢᠩᠭᠠᠳᠬᠠᠵᠦ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠤᠢᠵᠢᠭᠤᠯᠤᠨ᠎ᠠ

ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠲᠠᠯ᠎ᠠ᠎ᠪᠠᠷ᠂ ᠥᠪᠥᠷ ᠮᠣᠩᠭᠣᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ᠎ᠪᠠᠨ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠰᠬᠠᠢ ᠲᠥᠷᠥᠯ᠎ᠦᠨ ᠪᠡᠯᠡ ᠮᠥᠩᠭᠥ᠎ᠶᠢ ᠳᠠᠬᠢᠨ᠎ᠢᠶᠠᠷ ᠨᠡᠮᠡᠭᠳᠡᠭᠦᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢᠨ ᠰᠠᠭᠤᠷᠢ ᠮᠥᠩᠭᠥ ᠪᠠᠢᠭᠤᠯᠵᠤ᠂ ᠰᠢᠨ᠎ᠡ ᠡᠨᠧᠷᠭᠢ᠂ ᠬᠣᠪᠣᠷ ᠰᠢᠷᠣᠢ᠂ ᠰᠦ᠎ᠶᠢᠨ ᠦᠢᠯᠡᠰ ᠵᠡᠷᠭᠡ ᠬᠦᠷᠢᠶᠡᠨ᠎ᠳᠡᠬᠢ ᠰᠢᠪᠲᠤᠯᠤᠯᠲᠠ᠎ᠶᠢᠨ ᠵᠠᠩᠭᠢᠯᠠᠭ᠎ᠠ᠎ᠶᠢᠨ ᠮᠡᠷᠭᠡᠵᠢᠯ᠎ᠳᠦ ᠠᠩᠬᠠᠷᠤᠯ᠎ᠢᠶᠠᠨ ᠲᠥᠪᠯᠡᠷᠡᠭᠦᠯᠤᠨ᠎ᠠ᠃


283a0290eb40ec153a6919a76e326874.jpg


ᠤᠯᠤᠰ᠎ᠤᠨ ᠲᠠᠰ᠎ᠤᠨ ᠰᠢᠨ᠎ᠡ᠎ᠶᠢ ᠡᠭᠦᠳᠬᠦ ᠲᠠᠪᠴᠠᠩ᠎ᠢ ᠨᠠᠢᠳᠠᠪᠤᠷᠢᠵᠢᠭᠤᠯᠬᠤ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠵᠤ᠂ ᠠᠵᠤ ᠠᠬᠤᠢᠯᠠᠯ᠎ᠢᠶᠠᠷ ᠭᠣᠣᠯᠯᠠᠭᠤᠯᠤᠭᠰᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠢ ᠠᠭᠤᠰᠤᠯᠴᠠᠭᠤᠯᠬᠤ ᠲᠣᠭᠲᠠᠴᠠ᠎ᠶᠢ ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠲᠤᠬᠠᠢ᠎ᠵᠢᠨ ᠭᠠᠵᠠᠷ᠎ᠲᠠᠭᠠᠨ ᠤᠨᠳᠤᠤᠰᠢᠭᠤᠯᠬᠤ᠎ᠵᠢ ᠠᠬᠢᠭᠤᠯᠤᠨ᠎ᠠ᠃ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠵᠦ᠂ ᠳᠡᠭᠡᠳᠦ ᠰᠤᠷᠭᠠᠭᠤᠯᠢ᠎ᠶᠢᠨ 《ᠬᠣᠣᠰ ᠲᠡᠷᠢᠭᠦᠨ ᠵᠡᠷᠭᠡ》 ᠵᠢᠨ ᠪᠠᠢᠭᠤᠯᠤᠯᠲᠠ᠎ᠶᠢ ᠲᠦᠷᠭᠡᠳᠬᠡᠵᠦ᠂ ᠰᠢᠨ᠎ᠡ᠎ᠶᠢ ᠡᠭᠦᠳᠬᠦ ᠬᠥᠭᠵᠢᠯᠲᠡ᠎ᠳᠦ ᠪᠠᠲᠤ ᠪᠡᠬᠢ ᠴᠢᠳᠠᠪᠤᠷᠢᠲᠠᠨ᠎ᠤ ᠲᠦᠰᠢᠭ ᠲᠤᠯᠭᠠᠭᠤᠷᠢ ᠬᠠᠩᠭᠠᠨ᠎ᠠ᠃


0e14d9d167d9ec79ab6bdd015f37a3c8.jpg


ᠳᠣᠲᠣᠭᠠᠳᠤ ᠬᠡᠷᠡᠭᠴᠡᠭᠡ᠎ᠶᠢ ᠬᠦᠴᠦᠯᠡᠨ ᠥᠷᠭᠡᠳᠬᠡᠵᠦ ᠴᠢᠨᠠᠷ ᠰᠠᠢᠲᠠᠢ ᠬᠥᠭᠵᠢᠯᠲᠡ᠎ᠶᠢᠨ ᠳᠣᠲᠣᠭᠠᠳᠤ ᠬᠥᠳᠡᠯᠭᠡᠬᠦ ᠬᠦᠴᠦᠨ᠎ᠢ ᠪᠠᠳᠠᠷᠠᠭᠤᠯᠤᠨ᠎ᠠ

ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠬᠦᠷᠢᠶᠡᠨ᠎ᠳᠦ᠂ ᠥᠪᠥᠷ ᠮᠣᠩᠭᠣᠯ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠬᠡᠷᠡᠭᠯᠡᠭᠡ᠎ᠶᠢ ᠬᠥᠭᠵᠢᠭᠡᠨ᠂ ᠪᠡᠯᠡ ᠣᠷᠣᠭᠤᠯᠤᠯᠲᠠ᠎ᠶᠢ ᠥᠷᠭᠡᠳᠬᠡᠵᠦ᠂ ᠨᠠᠷᠢᠯᠢᠭ᠋ ᠣᠨᠣᠴᠠᠲᠠᠢ᠎ᠪᠠᠷ ᠠᠷᠠᠯᠵᠢᠶᠠᠴᠢᠨ ᠤᠷᠢᠨ᠎ᠠ᠃


e3336e28229df2b77234614cc7107867.jpg


ᠬᠡᠷᠡᠭᠯᠡᠭᠡᠨ᠎ᠦ ᠦᠵᠦᠭᠦᠷᠯᠢᠭ᠎ᠲᠦ ᠠᠮᠠᠷᠠᠯᠲᠠ᠎ᠶᠢᠨ ᠡᠳᠦᠷ᠎ᠦᠨ ᠠᠵᠤ ᠠᠬᠤᠢ᠂ ᠰᠥᠨᠢ᠎ᠶᠢᠨ ᠬᠡᠷᠡᠭᠯᠡᠭᠡ ᠵᠡᠷᠭᠡ ᠰᠢᠨ᠎ᠡ ᠠᠬᠤᠢ ᠪᠠᠢᠳᠠᠯ᠎ᠢ ᠪᠣᠶ ᠪᠣᠯᠭᠠᠵᠤ᠂ ᠣᠯᠠᠨ ᠡᠰᠢᠲᠦ ᠬᠡᠷᠡᠭᠯᠡᠭᠡᠨ᠎ᠦ ᠡᠵᠡᠩᠨᠡᠯᠲᠡ᠎ᠶᠢᠨ ᠬᠡᠯᠪᠡᠷᠢ ᠵᠢ ᠪᠣᠶ ᠪᠣᠯᠭᠠᠨ᠎ᠠ; ᠪᠡᠯᠡ ᠣᠷᠣᠭᠤᠯᠤᠯᠲᠠ᠎ᠶᠢᠨ ᠦᠵᠦᠭᠦᠷᠯᠢᠭ᠎ᠲᠦ ᠲᠦᠷᠭᠡᠨ᠎ᠤ ᠲᠡᠮᠦᠷ ᠵᠠᠮ᠂ ᠨᠢᠰᠬᠡᠯ᠎ᠦᠨ ᠪᠠᠭᠤᠳᠠᠯ᠂ ᠴᠤᠤᠯ ᠭᠣᠣᠯ᠎ᠤᠨ ᠤᠰᠤ᠎ᠵᠢ ᠳᠠᠳᠠᠨ ᠯᠢᠶᠣᠤᠾᠧ ᠭᠣᠣᠯ᠎ᠳᠤ ᠤᠷᠤᠭᠤᠯᠬᠤ ᠵᠡᠷᠭᠡ ᠴᠢᠬᠤᠯᠠ ᠶᠡᠬᠡ ᠢᠨᠵᠧᠨᠧᠷᠢᠩ᠎ᠢ ᠠᠬᠢᠭᠤᠯᠵᠤ᠂ ᠵᠠᠮ ᠬᠠᠷᠢᠯᠴᠠᠭ᠎ᠠ ᠤᠰᠤᠨ ᠠᠰᠢᠭ᠍ᠯᠠᠯᠲᠠ᠎ᠶᠢᠨ ᠲᠣᠣᠷ᠎ᠢ ᠲᠡᠭᠦᠯᠳᠡᠷᠵᠢᠭᠦᠯᠬᠦ᠎ᠶᠢᠨ ᠬᠠᠮᠲᠤ ᠠᠷᠠᠳ᠎ᠤᠨ ᠪᠡᠯᠡ ᠣᠷᠣᠭᠤᠯᠤᠯᠲᠠ᠎ᠶᠢᠨ ᠠᠷᠭ᠎ᠠ ᠵᠠᠮ᠎ᠢ ᠥᠷᠭᠡᠳᠬᠡᠨ᠂ ᠠᠷᠠᠳ᠎ᠤᠨ ᠬᠥᠷᠥᠩᠭᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ; ᠠᠷᠠᠯᠵᠢᠶᠠᠴᠢᠨ ᠤᠷᠢᠬᠤ ᠦᠵᠦᠭᠦᠷᠯᠢᠭ᠎ᠲᠦ ᠳᠡᠭᠡᠳᠦ ᠲᠡᠰ᠎ᠤᠨ ᠬᠠᠪᠰᠤᠷᠤᠨ ᠠᠬᠢᠭᠤᠯᠬᠤ ᠠᠵᠢᠯᠯᠠᠭ᠎ᠠ᠎ᠶᠢ ᠡᠷᠬᠢᠯᠡᠵᠦ᠂ ᠲᠦᠷᠦᠯ ᠵᠦᠢᠯ᠎ᠢ ᠣᠷᠣᠭᠤᠯᠤᠨ ᠠᠪᠴᠢᠷᠠᠵᠤ ᠪᠦᠳᠦᠭᠡᠨ ᠪᠠᠢᠭᠤᠯᠵᠦ ᠦᠢᠯᠡᠳᠪᠦᠷᠢᠯᠡᠯ᠎ᠤᠨ ᠪᠠᠷᠢᠮᠵᠢᠶ᠎ᠡ ᠳ᠋ᠦ ᠬᠦᠷᠭᠡᠬᠦ ᠵᠢ ᠠᠬᠢᠭᠤᠯᠵᠤ᠂ ᠳᠣᠲᠣᠭᠠᠳᠤ ᠬᠡᠷᠡᠭᠴᠡᠭᠡ᠎ᠪᠡᠷ ᠳᠠᠢᠴᠢᠯᠠᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠦᠷᠢᠯᠳᠦᠭᠦᠯᠦᠨ᠎ᠡ᠃


1c1d48519169088ad938580ac14be149.jpg


ᠭᠣᠣᠯᠳᠠᠯᠭ᠎ᠠ ᠲᠠᠢ ᠬᠦᠷᠢᠶᠡᠨ᠎ᠳᠡᠬᠢ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠦᠭᠵᠢᠭᠡᠨ᠎ᠡ

ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠲᠠᠯ᠎ᠠ᠎ᠪᠠᠷ᠂ ᠥᠪᠥᠷ ᠮᠣᠩᠭᠣᠯ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠶᠠᠪᠤᠴᠠ᠎ᠶᠢ ᠴᠣᠮᠬᠠᠳᠬᠠᠵᠤ᠂ ᠵᠠᠬ᠎ᠠ ᠳᠡᠯᠭᠡᠭᠦᠷ᠎ᠦᠨ ᠰᠠᠮᠠᠭᠤᠨ ᠦᠵᠡᠭᠳᠡᠯ᠎ᠢ ᠴᠡᠭᠴᠡᠯᠡᠨ ᠵᠠᠰᠠᠵᠤ᠂ ᠠᠵᠤ ᠠᠬᠤᠢᠯᠠᠯ᠎ᠢᠶᠠᠷ ᠭᠣᠣᠯᠯᠠᠭᠤᠯᠤᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠬᠢᠨᠠᠨ ᠬᠡᠮᠵᠢᠬᠦ ᠰᠢᠰᠲ᠋ᠸᠮ᠎ᠢ ᠪᠠᠢᠭᠤᠯᠤᠨ᠎ᠠ᠃


934272cc696e86263de5fb668d715be0.jpg


ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢ ᠱᠠᠲᠤᠯᠢᠬ ᠪᠣᠢᠵᠢᠭᠤᠯᠬᠤ ᠲᠥᠯᠥᠪᠯᠡᠭᠡ᠎ᠶᠢ ᠬᠡᠷᠡᠭᠵᠢᠭᠦᠯᠵᠦ᠂ ᠠᠵᠤ ᠠᠬᠤᠢᠯᠠᠯ᠎ᠤᠨ ᠡᠵᠡᠩᠨᠡᠯᠲᠡ᠎ᠶᠢᠨ ᠥᠪᠡᠷ᠎ᠦᠨ ᠦᠷᠳᠡᠭ᠎ᠢ ᠪᠠᠭᠤᠷᠠᠭᠤᠯᠵᠤ᠂ ᠬᠤᠳᠠᠯᠳᠤᠭᠠᠴᠢᠨ᠎ᠢ ᠬᠦᠨᠳᠦᠳᠬᠡᠵᠦ ᠬᠤᠳᠠᠯᠳᠤᠭ᠎ᠠ᠎ᠶᠢ ᠴᠢᠬᠤᠯᠠᠴᠢᠯᠠᠬᠤ᠂ ᠰᠠᠨᠠᠭ᠎ᠠ ᠠᠮᠤᠷ ᠬᠥᠭᠵᠢᠬᠦ ᠰᠠᠢᠨ ᠰᠠᠢᠬᠠᠨ ᠠᠮᠢ ᠠᠬᠤᠢ᠎ᠶᠢ ᠪᠦᠬᠦ ᠬᠦᠴᠦᠨ᠎ᠢᠶᠡᠷ ᠪᠤᠢ ᠪᠣᠯᠭᠠᠨ᠎ᠠ᠃


a9ef63a8d3d9a0004e0568b4b5e8de0b.jpg


ᠰᠡᠳᠬᠢᠯ᠎ᠢᠶᠡᠨ ᠨᠢᠭᠡᠳᠬᠡᠨ ᠬᠦᠴᠦᠨ᠎ᠢᠶᠡᠨ ᠬᠠᠮᠲᠤᠳᠬᠠᠵᠤ᠂ ᠪᠣᠳᠠᠲᠠᠢ ᠠᠵᠢᠯᠯᠠᠵᠤ ᠪᠠᠲᠤ ᠦᠢᠯᠡᠳᠦᠯᠭᠡᠵᠢᠭᠦᠯᠦᠨ᠎ᠡ᠃ ᠥᠪᠥᠷ ᠮᠣᠩᠭᠣᠯ ᠴᠢᠬᠤᠯᠠ ᠶᠡᠬᠡ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠪᠠᠷ ᠭᠣᠣᠯ ᠬᠥᠳᠡᠯᠭᠡᠭᠦᠷ ᠪᠣᠯᠭᠠᠵᠤ᠂ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠥᠳᠡᠯᠭᠡᠬᠦ ᠬᠦᠴᠦᠨ᠎ᠢ ᠬᠥᠭᠵᠢᠭᠡᠵᠦ᠂ ᠬᠥᠭᠵᠢᠯᠲᠡ ᠪᠣᠯᠣᠨ ᠠᠮᠤᠷ ᠲᠦᠪᠰᠢᠨ ᠎ᠢ ᠨᠢᠭᠡᠳᠦᠯᠲᠡᠢ ᠲᠥᠯᠥᠪᠵᠢᠭᠦᠯᠵᠦ᠂ ᠪᠦᠬᠦ ᠬᠦᠴᠦᠨ᠎ᠢᠶᠡᠷ᠎ᠢᠶᠡᠨ ᠠᠵᠢᠯ ᠣᠯᠭᠣᠯᠲᠠ᠎ᠶᠢ ᠲᠣᠭᠲᠠᠪᠤᠷᠢᠵᠢᠭᠤᠯᠵᠤ᠂ ᠠᠵᠤ ᠠᠬᠤᠢᠯᠠᠯ᠎ᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠵᠤ᠂ ᠵᠢᠱ᠌ᠢᠯᠲᠡ᠎ᠶᠢ ᠲᠣᠭᠲᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠲᠡ᠎ᠶᠢ ᠴᠢᠷᠮᠠᠢᠨ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠡ᠃


c57d031437299015bb7275e7995c1c6c.jpg


ᠵᠢᠷᠤᠭ᠎ᠢ ᠲᠤᠪᠴᠢᠳᠠᠵᠤ ᠨᠠᠷᠢᠨ ᠠᠭᠤᠯᠭ᠎ᠠ ᠵᠢ ᠦᠵᠡᠭᠡᠷᠡᠢ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号