ᠳᠡᠭᠡᠷ᠎ᠡ ᠬᠠᠭᠠᠰ ᠵᠢᠯ᠎ᠤᠨ ᠴᠡᠷᠢᠭ ᠡᠯᠰᠡᠬᠦ ᠠᠵᠢᠯ ᠡᠬᠢᠯᠡᠪᠡ!
2026-02-25 16:19:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠡᠨᠡ ᠵᠢᠯ᠎ᠦᠨ ᠳᠡᠭᠡᠷ᠎ᠡ ᠬᠠᠭᠠᠰ ᠵᠢᠯ᠎ᠦᠨ ᠴᠡᠷᠢᠭ ᠡᠯᠰᠡᠬᠦ ᠠᠵᠢᠯ 2 ᠰᠠᠷ᠎ᠠ᠎ᠶᠢᠨ 24᠎ᠦ ᠡᠳᠦᠷ ᠡᠬᠢᠯᠡᠪᠡ᠃

ᠴᠡᠷᠢᠭ ᠡᠯᠰᠡᠬᠦ ᠴᠠᠭ᠄

ᠳᠡᠭᠡᠷ᠎ᠡ ᠬᠠᠭᠠᠰ ᠵᠢᠯ᠎ᠦᠨ ᠴᠡᠷᠢᠭ ᠡᠯᠰᠡᠬᠦ ᠠᠵᠢᠯ 2 ᠰᠠᠷ᠎ᠠ᠎ᠶᠢᠨ 24᠎ᠦ ᠡᠳᠦᠷ ᠡᠬᠢᠯᠡᠵᠦ᠂ 3 ᠰᠠᠷ᠎ᠠ᠎ᠶᠢᠨ 31᠎ᠦ ᠡᠳᠦᠷ ᠳᠠᠭᠤᠰᠤᠨ᠎ᠠ;

ᠳᠣᠣᠷ᠎ᠠ ᠬᠠᠭᠠᠰ ᠵᠢᠯ᠎ᠦᠨ ᠴᠡᠷᠢᠭ ᠡᠯᠰᠡᠬᠦ ᠠᠵᠢᠯ 8 ᠰᠠᠷ᠎ᠠ᠎ᠶᠢᠨ 15᠎ᠤ ᠡᠳᠦᠷ ᠡᠬᠢᠯᠡᠵᠦ᠂ 9 ᠰᠠᠷ᠎ᠠ᠎ᠶᠢᠨ 30᠎ᠤ ᠡᠳᠦᠷ ᠳᠠᠭᠤᠰᠤᠨ᠎ᠠ᠃

ᠡᠯᠰᠡᠬᠦ ᠡᠲᠡᠭᠡᠳ᠄

ᠣᠶᠤᠲᠠᠨ᠎ᠢᠶᠠᠷ ᠭᠣᠣᠯᠳᠠᠯᠭ᠎ᠠ ᠪᠣᠯᠭᠠᠵᠤ᠂ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ ᠲᠡᠭᠦᠰᠦᠭᠰᠡᠳ᠎ᠢ ᠡᠯᠰᠡᠬᠦ᠎ᠶᠢ ᠳᠣᠪᠣᠶ᠋ᠢᠯᠭᠠᠨ᠎ᠠ᠃

ᠡᠯᠰᠡᠬᠦ ᠡᠮᠡᠭᠲᠡᠢ ᠴᠡᠷᠢᠭ ᠨᠢ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠲᠡᠭᠦᠰᠬᠦ ᠰᠤᠷᠤᠭ᠍ᠴᠢ᠂ ᠡᠩ᠎ᠦᠨ ᠶᠡᠬᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠪᠦᠬᠦᠯᠢ ᠡᠳᠦᠷ᠎ᠦᠨ ᠳᠦᠷᠢᠮᠲᠦ ᠲᠡᠭᠦᠰᠦᠭᠰᠡᠨ ᠰᠤᠷᠤᠭ᠍ᠴᠢ ᠵᠢᠴᠢ ᠰᠤᠷᠭᠠᠭᠤᠯᠢ᠎ᠳᠤ ᠪᠠᠢᠭ᠎ᠠ ᠰᠤᠷᠤᠭ᠍ᠴᠢ ᠪᠣᠯᠣᠨ᠎ᠠ᠃

ᠡᠯᠰᠡᠬᠦ ᠨᠠᠰᠤ᠄

ᠡᠷᠡᠭᠲᠡᠢ ᠴᠡᠷᠢᠭ ᠪᠤᠯ 2026 ᠣᠨ᠎ᠳᠤ ᠪᠦᠬᠦᠯᠢ 18 ᠡᠴᠠ 22 ᠨᠠᠰᠤ ᠬᠦᠷᠴᠦ᠂ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠵᠢᠩᠬᠢᠨᠢ ᠠᠩᠭᠢ ᠪᠠ ᠲᠤᠰᠬᠠᠢ ᠮᠡᠷᠭᠡᠵᠢᠯ᠎ᠦᠨ ᠠᠩᠭᠢ᠎ᠡᠴᠠ ᠲᠡᠭᠦᠰᠦᠭᠰᠡᠳ ᠪᠠ ᠲᠡᠭᠦᠰᠬᠦ ᠨᠥᠬᠥᠴᠡᠯ᠎ᠳᠦ ᠨᠡᠢᠴᠡᠭᠰᠡᠨ ᠲᠡᠭᠦᠰᠬᠦ ᠠᠩᠭᠢ᠎ᠶᠢᠨ ᠰᠣᠷᠣᠭ᠍ᠴᠢ ᠵᠢ ᠪᠦᠬᠦᠯᠢ 24 ᠨᠠᠰᠤ ᠪᠣᠯᠲᠠᠯ᠎ᠠ ᠠᠭᠤᠵᠢᠭᠤ ᠲᠠᠯᠪᠢᠵᠤ᠂ ᠠᠰᠫᠢᠷᠠᠨᠲ ᠲᠡᠭᠦᠰᠦᠭᠰᠡᠨ ᠰᠣᠷᠣᠭ᠍ᠴᠢ ᠵᠢᠴᠢ ᠰᠤᠷᠭᠠᠭᠤᠯᠢ᠎ᠳᠤ ᠪᠠᠢᠭ᠎ᠠ ᠰᠣᠷᠣᠭ᠍ᠴᠢ᠎ᠶᠢ ᠪᠦᠬᠦᠯᠢ 26 ᠨᠠᠰᠤ ᠪᠣᠯᠲᠠᠯ᠎ᠠ ᠠᠭᠤᠵᠢᠭᠤ ᠲᠠᠯᠪᠢᠵᠤ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠰᠣᠶᠣᠯ᠎ᠤᠨ ᠬᠢᠷᠢ ᠬᠡᠮᠵᠢᠶ᠎ᠡ᠎ᠲᠠᠢ ᠡᠷᠡᠭᠲᠡᠢ ᠵᠢ ᠪᠦᠬᠦᠯᠢ 20 ᠨᠠᠰᠤ᠎ᠡᠴᠠ ᠳᠠᠪᠠᠭᠤᠯᠬᠤ ᠦᠭᠡᠢ;

ᠡᠮᠡᠭᠲᠡᠢ ᠴᠡᠷᠢᠭ ᠪᠣᠯ 2026 ᠣᠨ᠎ᠳᠤ ᠪᠦᠬᠦᠯᠢ 18᠎ᠡᠴᠠ 22 ᠨᠠᠰᠤ ᠬᠦᠷᠴᠦ᠂ ᠪᠦᠬᠦᠯᠢ ᠡᠳᠦᠷ᠎ᠦᠨ ᠳᠦᠷᠢᠮᠲᠦ ᠰᠤᠳᠤᠯᠬᠤ ᠰᠣᠷᠣᠭ᠍ᠴᠢ ᠵᠢᠴᠢ ᠰᠤᠷᠭᠠᠭᠤᠯᠢ᠎ᠳᠤ ᠪᠠᠢᠭ᠎ᠠ ᠰᠣᠷᠣᠭ᠍ᠴᠢ᠎ᠶᠢ ᠪᠦᠬᠦᠯᠢ 26 ᠨᠠᠰᠤ ᠪᠣᠯᠲᠠᠯ᠎ᠠ ᠠᠭᠤᠵᠢᠭᠤ ᠲᠠᠯᠪᠢᠵᠤ᠂ ᠳᠡᠭᠡᠷ᠎ᠡ ᠬᠠᠭᠠᠰ ᠵᠢᠯ᠎ᠳᠦ ᠡᠯᠰᠡᠬᠦ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠪᠦᠬᠦᠯᠢ ᠡᠳᠦᠷ᠎ᠦᠨ ᠳᠦᠷᠢᠮᠲᠦ ᠵᠢᠩᠬᠢᠨᠢ ᠠᠩᠭᠢ ᠪᠠ ᠲᠤᠰᠬᠠᠢ ᠮᠡᠷᠭᠡᠵᠢᠯ᠎ᠦᠨ ᠠᠩᠭᠢ᠎ᠡᠴᠠ ᠲᠡᠭᠦᠰᠦᠭᠰᠡᠳ᠎ᠢ ᠪᠦᠬᠦᠯᠢ 23 ᠨᠠᠰᠤ ᠪᠣᠯᠲᠠᠯ᠎ᠠ ᠠᠭᠤᠵᠢᠭᠤ ᠲᠠᠯᠪᠢᠨ᠎ᠠ᠃

ᠦᠷᠡᠭᠳᠡᠭᠰᠡᠨ ᠪᠠᠭᠠᠲᠤᠷ᠂ ᠠᠯᠪᠠᠨ ᠶᠠᠪᠤᠳᠠᠯ᠎ᠢᠶᠠᠷ ᠪᠡᠶ᠎ᠡ ᠦᠷᠡᠭᠳᠡᠭᠰᠡᠨ ᠴᠡᠷᠢᠭ᠂ ᠡᠪᠡᠳᠴᠢᠨ᠎ᠢᠶᠡᠷ ᠨᠠᠰᠤ ᠪᠠᠷᠠᠭᠰᠠᠨ ᠴᠡᠷᠢᠭ ᠬᠥᠮᠥᠨ᠎ᠦ ᠦᠷ᠎ᠡ ᠬᠡᠦᠬᠡᠳ᠂ ᠠᠬ᠎ᠠ ᠳᠡᠭᠦᠦ ᠡᠭᠡᠴᠢ ᠥᠬᠢᠨ ᠳᠡᠭᠦᠦ ᠪᠣᠯᠣᠨ ᠠᠯᠪᠠ ᠬᠠᠭᠠᠵᠤ ᠪᠠᠢᠭ᠎ᠠ ᠴᠡᠷᠢᠭ ᠬᠥᠮᠥᠨ᠎ᠦ ᠦᠷ᠎ᠡ ᠬᠡᠦᠬᠡᠳ᠂ ᠠᠶᠤᠯ ᠭᠠᠮᠰᠢᠭ᠋᠎ᠠᠴᠠ ᠠᠪᠤᠷᠠᠬᠤ ᠪᠠ ᠭᠠᠮᠰᠢᠭ᠍ᠳᠠᠭᠰᠠᠨ ᠣᠷᠣᠨ᠎ᠢ ᠰᠡᠷᠭᠦᠭᠡᠨ ᠲᠠᠬᠢᠨ ᠪᠠᠶ᠋ᠢᠭᠤᠯᠬᠤ ᠳᠤᠮᠳᠠ ᠲᠣᠪᠣᠢᠮ᠎ᠠ ᠢᠯᠡᠷᠡᠯ᠎ᠲᠠᠢ ᠰᠢᠯᠢᠳᠡᠭ ᠵᠠᠯᠠᠭᠤᠴᠤᠳ ᠨᠥᠬᠥᠴᠡᠯ᠎ᠳᠦ ᠨᠡᠢᠴᠡᠪᠡᠯ ᠡᠩ ᠲᠡᠷᠢᠭᠦᠨ᠎ᠳᠦ ᠴᠡᠷᠢᠭ᠎ᠲᠦ ᠣᠷᠣᠬᠤ᠎ᠶᠢ ᠵᠥᠪᠰᠢᠶᠡᠷᠡᠬᠦ ᠬᠡᠷᠡᠭᠲᠡᠢ᠃ ᠬᠣᠣᠰ ᠬᠡᠯᠡ ᠮᠡᠳᠡᠬᠦ᠂ ᠰᠣᠶᠣᠯ᠎ᠤᠨ ᠬᠢᠷᠢ ᠬᠡᠮᠵᠢᠶ᠎ᠡ᠎ᠪᠡᠷ ᠨᠡᠯᠢᠶᠡᠳ ᠥᠨᠳᠥᠷ᠂ ᠶᠡᠷᠦᠩᠬᠡᠢᠯᠡᠭᠰᠡᠨ ᠬᠡᠪ ᠴᠢᠨᠠᠷ᠎ᠢᠶᠠᠷ ᠰᠠᠢᠨ ᠵᠠᠯᠠᠭᠤᠴᠤᠳ᠎ᠢ ᠢᠯᠡᠭᠦᠬᠡᠨ ᠡᠯᠰᠡᠨ᠎ᠠ᠃ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠳᠤ ᠠᠬᠠᠮᠠᠳ ᠤᠯᠠᠭᠠᠨ ᠴᠡᠷᠢᠭ᠂ ᠠᠬᠠᠮᠠᠳ ᠴᠡᠷᠢᠭ᠎ᠡᠴᠡ ᠬᠠᠯᠠᠭᠳᠠᠭᠰᠠᠳ᠎ᠤᠨ ᠬᠣᠢᠴᠢ ᠦᠶ᠎ᠡ᠎ᠶᠢ ᠴᠡᠷᠢᠭ᠎ᠲᠦ ᠢᠯᠡᠭᠦᠬᠡᠨ ᠡᠯᠰᠡᠨ᠎ᠡ ᠃

ᠰᠤᠷᠭᠠᠭᠤᠯᠢ ᠵᠢᠨ ᠨᠠᠰᠤᠨ᠎ᠤ ᠵᠠᠯᠠᠭᠤᠴᠤᠳ ᠡᠷᠦᠬᠡ ᠠᠮᠠ᠎ᠶᠢᠨ ᠪᠠᠢᠭ᠎ᠠ ᠭᠠᠵᠠᠷ᠎ᠲᠠᠭᠠᠨ ᠴᠡᠷᠢᠭ᠎ᠲᠦ ᠡᠯᠰᠡᠬᠦ᠎ᠳᠦ ᠤᠷᠤᠯᠴᠠᠪᠠᠯ ᠵᠣᠬᠢᠨ᠎ᠠ᠂ ᠪᠠᠢᠩᠭᠤ ᠰᠠᠭᠤᠭ᠎ᠠ ᠭᠠᠵᠠᠷ ᠪᠣᠯᠣᠨ ᠡᠷᠦᠬᠡ ᠠᠮᠠ᠎ᠶᠢᠨ ᠪᠠᠢᠭ᠎ᠠ ᠭᠠᠵᠠᠷ ᠨᠢ ᠢᠵᠢᠯ ᠪᠢᠰᠢ ᠮᠥᠷᠲᠡᠭᠡᠨ ᠲᠤᠬᠠᠢ᠎ᠶᠢᠨ ᠭᠠᠵᠠᠷ᠎ᠤᠨ ᠣᠷᠣᠰᠢᠨ ᠰᠠᠭᠤᠬᠤ ᠦᠨᠡᠮᠯᠡᠯ᠎ᠢ 3 ᠵᠢᠯ᠎ᠡᠴᠡ ᠳᠡᠭᠡᠭᠰᠢ ᠣᠯᠣᠭᠰᠠᠨ ᠪᠠᠢᠪᠠᠯ᠂ ᠪᠠᠢᠩᠭᠤ ᠰᠠᠭᠤᠭ᠎ᠠ ᠭᠠᠵᠠᠷ᠎ᠲᠠᠭᠠᠨ ᠤᠷᠤᠯᠴᠠᠵᠦ ᠪᠣᠯᠣᠨ᠎ᠠ᠃ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠲᠤᠰ ᠵᠢᠯ᠎ᠦᠨ ᠲᠡᠭᠦᠰᠬᠦ ᠰᠤᠷᠤᠭᠴᠢ ᠪᠣᠯᠣᠨ ᠰᠤᠷᠭᠠᠭᠤᠯᠢ᠎ᠳᠤ ᠪᠠᠢᠭ᠎ᠠ ᠰᠤᠷᠤᠭ᠍ᠴᠢ ᠰᠤᠷᠭᠠᠭᠤᠯᠢ᠎ᠶᠢᠨ ᠪᠠᠢᠭ᠎ᠠ ᠭᠠᠵᠠᠷ᠎ᠲᠠᠭᠠᠨ ᠪᠤᠶᠤ ᠡᠷᠦᠬᠡ ᠠᠮᠠ᠎ᠶᠢᠨ ᠪᠠᠢᠭ᠎ᠠ ᠭᠠᠵᠠᠷ᠎ᠲᠠᠭᠠᠨ ᠤᠷᠤᠯᠴᠠᠵᠦ ᠪᠣᠯᠣᠨ᠎ᠠ᠂ ᠶᠡᠬᠡ ᠰᠤᠷᠭᠠᠭᠤᠯᠢ᠎ᠶᠢᠨ ᠰᠢᠨ᠎ᠡ ᠤᠶᠤᠲᠠᠨ ᠰᠤᠷᠭᠠᠭᠤᠯᠢ᠎ᠳᠤ ᠣᠷᠣᠬᠤ᠎ᠠᠴᠠ ᠡᠮᠦᠨᠡᠬᠢ ᠡᠷᠦᠬᠡ ᠠᠮᠠ᠎ᠶᠢᠨ ᠪᠠᠢᠭ᠎ᠠ ᠭᠠᠵᠠᠷ᠎ᠲᠠᠭᠠᠨ ᠤᠷᠤᠯᠴᠠᠬᠤ ᠬᠡᠷᠡᠭᠲᠡᠢ᠃

《ᠳᠤᠮᠳᠠᠳᠤ ᠤᠯᠤᠰ᠎ᠤᠨ ᠴᠡᠷᠢᠭ ᠡᠯᠰᠡᠬᠦ ᠰᠦᠯᠵᠢᠶ᠎ᠡ》 (http://www.gfbzb.gov.cn/)᠎ᠳᠤ ᠭᠠᠷᠴᠤ ᠨᠡᠷ᠎ᠡ ᠮᠡᠳᠡᠭᠦᠯᠦᠨ᠎ᠡ᠃

ᠢᠷᠡᠯᠲᠡ᠄ ᠲᠠᠯ᠎ᠠ ᠨᠤᠲᠤᠭ᠎ᠤᠨ ᠡᠭᠦᠯᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号