ᠭᠠᠳᠠᠭᠠᠳᠤ ᠭᠡᠯᠡᠨ᠎ᠤ ᠬᠡᠪ ᠪᠤᠯᠪᠠᠰᠤᠷᠠᠯ᠎ᠤᠨ ᠤᠷᠤᠯᠳᠤᠭᠠᠨ ᠎ᠤ ᠥᠪᠦᠷ ᠮᠤᠩᠭᠤᠯ᠎ᠤᠨ ᠤᠷᠤᠯᠳᠤᠭᠠᠨ᠎ᠤ ᠲᠤᠭᠤᠷᠢᠭ᠎ᠲᠦ 1000 ᠭᠠᠷᠤᠢ ᠤᠷᠤᠯᠴᠠᠭᠴᠢ ᠦᠷᠢᠰᠦᠯᠳᠦᠪᠡ
2026-02-26 10:49:34
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠬᠤᠷᠢᠨ ᠬᠤᠶᠠᠳᠤᠭᠠᠷ ᠬᠤᠭᠤᠴᠠᠭᠠᠨ᠎ᠤ 《ᠭᠠᠳᠠᠭᠠᠳᠤ ᠬᠡᠯᠡᠨ᠎ᠤ ᠵᠢᠭᠠᠨ ᠰᠤᠷᠭᠠᠯᠳᠠ ᠪᠠ ᠰᠤᠳᠤᠯᠭᠠᠨ ᠎ᠤ ᠬᠡᠪᠯᠡᠯ᠎ᠤᠨ ᠬᠤᠷᠢᠶ᠎ᠠ ᠬᠤᠨᠳᠠᠭᠠᠲᠤ》ᠪᠥᠬᠥ ᠤᠯᠤᠰ᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠭᠠᠳᠠᠭᠠᠳᠤ ᠬᠡᠯᠡᠨ ᠎ᠦ  ᠬᠡᠪ ᠪᠣᠯᠪᠠᠰᠤᠷᠠᠯ ᠎ᠤᠨ ᠤᠷᠤᠯᠳᠤᠭᠠᠨ ᠎ᠤ ᠥᠪᠥᠷ ᠮᠣᠩᠭᠣᠯ ᠎ᠤᠨ ᠤᠷᠤᠯᠳᠤᠭᠠᠨ ᠎ᠤ ᠳᠤᠭᠤᠷᠢᠭ ᠎ᠤᠨ ᠰᠢᠢᠳᠪᠦᠷᠢᠲᠦ ᠤᠷᠤᠯᠳᠤᠭᠠᠨ ᠶᠠᠪᠤᠭᠳᠠᠪᠠ᠃ ᠤᠷᠤᠯᠳᠤᠭᠠᠨ ᠢ᠋ ᠪᠡᠭᠡᠵᠢᠩ᠎ᠦᠨ ᠭᠠᠳᠠᠭᠠᠳᠤ ᠬᠡᠯᠡᠨ᠎ᠦ ᠶᠡᠬᠡ ᠰᠤᠷᠭᠠᠭᠤᠯᠢ ᠠ᠋ᠴᠠ ᠭᠣᠣᠯᠯᠠᠨ ᠡᠷᠭᠢᠯᠡᠵᠦ᠂ ᠭᠠᠳᠠᠭᠠᠳᠤ ᠬᠡᠯᠡᠨ ᠎ᠦ ᠵᠢᠭᠠᠨ ᠰᠤᠷᠭᠠᠯᠲᠠ ᠪᠠ ᠰᠤᠳᠤᠯᠭᠠᠨ ᠎ᠤ ᠬᠡᠪᠯᠡᠯ᠎ᠦᠨ ᠬᠣᠷᠢᠶ᠎ᠠ ᠠ᠋ᠴᠠ ᠳᠠᠭᠠᠭᠠᠴᠢᠯᠠᠨ ᠡᠷᠭᠢᠯᠡᠵᠡᠢ᠃ ᠲᠤᠰ ᠤᠷᠤᠯᠳᠤᠭᠠᠨ ᠪᠤᠯ ᠰᠤᠷᠭᠠᠨ ᠬᠥᠮᠦᠵᠢᠯ᠎ᠦᠨ ᠶᠠᠮᠤᠨ᠎ᠤ ᠪᠥᠬᠥ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ ᠲᠸ᠋ ᠵᠤᠷᠢᠭᠤᠯᠤᠭᠰᠠᠨ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠳᠠᠢ ᠭᠠᠳᠠᠭᠠᠳᠤ ᠬᠡᠯᠡᠨ᠎ᠦ ᠤᠷᠤᠯᠳᠤᠭᠠᠨ ᠪᠣᠯᠣᠨ᠎ᠠ᠃ ᠥᠪᠥᠷ ᠮᠣᠩᠭᠣᠯ ᠎ᠤᠨ ᠤᠷᠤᠯᠳᠤᠭᠠᠨ ᠎ᠤ ᠲᠣᠭᠣᠷᠢᠭ᠋᠎ᠤᠨ 1000 ᠭᠠᠷᠤᠢ ᠤᠷᠤᠯᠴᠠᠭᠴᠢ ᠵᠡᠭᠦᠨ ᠪᠠᠷᠠᠭᠤᠨ ᠬᠣᠶᠠᠷ ᠤᠷᠤᠯᠳᠤᠭᠠᠨ ᠎ᠤ ᠲᠣᠭᠣᠷᠢᠭ᠋ ᠬᠤᠪᠢᠶᠠᠨ ᠬᠤᠷᠴᠡ ᠰᠢᠷᠦᠬᠦᠨ ᠥᠷᠢᠰᠦᠯᠳᠦᠵᠤ᠂  ᠭᠠᠳᠠᠭᠠᠳᠤ ᠬᠡᠯᠡ᠎ᠪᠡᠷ ᠬᠥᠭᠥᠷᠭᠡ ᠪᠣᠯᠭᠠᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ ᠎ᠤᠨ ᠬᠡᠯᠡᠨ ᠎ᠦ ᠪᠣᠯᠪᠠᠰᠤᠷᠠᠯ ᠪᠠ ᠠᠪᠢᠶᠠᠰ ᠴᠢᠳᠠᠪᠤᠷᠢ᠎ᠶᠢ ᠳᠡᠯᠭᠡᠨ ᠦᠵᠡᠭᠦᠯᠪᠡ᠃

ᠪᠠᠷᠠᠭᠤᠨ ᠬᠡᠰᠡᠭ᠎ᠤᠨ ᠤᠷᠤᠯᠳᠤᠭᠠᠨ᠎ᠨᠢ ᠬᠥᠬᠡᠬᠣᠲᠠ᠎ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ᠎ᠳᠤ ᠶᠠᠪᠤᠭᠳᠠᠵᠤ᠂ ᠵᠡᠭᠦᠨ ᠬᠡᠰᠡᠭ᠎ᠤᠨ ᠤᠷᠤᠯᠳᠤᠭᠠᠨ᠎ᠨᠢ ᠤᠯᠠᠭᠠᠨᠬᠠᠳᠠ ᠬᠤᠳᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠎ᠳᠤ ᠶᠠᠪᠤᠭᠳᠠᠵᠤ᠂ ᠪᠦᠬᠦ ᠣᠷᠣᠨ᠎ᠤ ᠡᠯ᠎ᠡ ᠭᠠᠵᠠᠷ ᠎ᠤᠨ  ᠣᠷᠣᠯᠴᠠᠭᠰᠠᠳ᠎ᠲᠤ ᠡᠷᠬᠡ ᠲᠡᠭᠰᠢ᠎ᠪᠡᠷ ᠤᠷᠤᠯᠳᠤᠬᠤ᠂ ᠬᠠᠷᠢᠯᠴᠠᠨ ᠰᠤᠯᠢᠯᠴᠠᠬᠤ ᠪᠠ ᠰᠤᠷᠤᠯᠴᠠᠬᠤ ᠲᠠᠪᠴᠠᠩ᠎ᠢ ᠪᠠᠢᠭᠤᠯᠵᠤ ᠥᠭᠴᠡᠢ᠃ ᠤᠢᠯᠠᠭᠠᠭᠰᠠᠨ ᠵᠢᠡᠷ᠂ ᠲᠣᠰ ᠬᠤᠭᠤᠴᠠᠭᠠᠨ ᠎ᠤ ᠤᠷᠤᠯᠳᠤᠭᠠᠨ ᠎ᠤ ᠥᠪᠥᠷ ᠮᠣᠩᠭᠣᠯ ᠎ᠤᠨ ᠤᠷᠤᠯᠳᠤᠭᠠᠨ ᠎ᠤ ᠲᠣᠭᠣᠷᠢᠭ᠋᠎ᠲᠤ  ᠨᠡᠢᠳᠡ 3 ᠲᠦᠮᠡ ᠭᠠᠷᠤᠢ ᠰᠣᠷᠣᠭ᠍ᠴᠢ ᠨᠡᠷ᠎ᠡ ᠮᠡᠳᠡᠬᠦᠯᠵᠦ᠂ ᠰᠦᠯᠵᠢᠶᠡᠨ ᠳᠡᠭᠡᠷᠡᠬᠢ ᠨᠤᠭᠤᠯᠤᠭ᠎ᠠ ᠤᠷᠤᠯᠳᠤᠭᠠᠨ ᠎ᠤ ᠰᠢᠯᠭᠠᠷᠠᠭᠤᠯᠤᠯᠲᠠ᠎ᠪᠠᠷ ᠳᠡᠮᠵᠢᠨ 1890 ᠤᠷᠤᠯᠴᠠᠭᠴᠢ ᠰᠢᠢᠳᠪᠦᠷᠢᠲᠦ ᠤᠷᠤᠯᠳᠤᠭᠠᠨ ᠎ᠳ᠋ᠤ ᠲᠠᠰ ᠳᠡᠪᠰᠢᠭᠰᠡᠨ ᠪᠠᠢᠨ᠎ᠠ᠃

ᠥᠪᠥᠷ ᠮᠣᠩᠭᠣᠯ ᠎ᠤᠨ ᠤᠷᠤᠯᠳᠤᠭᠠᠨ᠎ᠤ ᠲᠣᠭᠣᠷᠢᠭ᠋᠎ᠤᠨ ᠵᠣᠬᠢᠶᠠᠨ ᠪᠠᠶ᠋ᠢᠭᠤᠯᠬᠤ ᠺᠣᠮᠢᠰ᠎ᠤᠨ ᠬᠠᠷᠢᠭᠤᠴᠠᠯᠭᠠᠲᠠᠨ ᠴᠢ ᡁᠢ ᠷᠦᠩ᠄ 《ᠲᠤᠰ ᠬᠤᠭᠤᠴᠠᠭᠠᠨ ᠎ᠤ ᠤᠷᠤᠯᠳᠤᠭᠠᠨ᠎ᠳᠤ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠣᠨ ᠭᠠᠳᠠᠭᠠᠳᠤ ᠬᠡᠯᠡᠨ᠎ᠦ ᠤᠷᠤᠯᠳᠤᠭᠠᠨ᠎ᠢ ᠭᠦᠨᠵᠡᠭᠡᠢ ᠤᠶᠠᠯᠳᠤᠭᠤᠯᠵᠤ᠂ ᠤᠷᠤᠯᠴᠠᠭᠴᠢ ᠵᠢᠨ ᠭᠠᠳᠠᠭᠠᠳᠤ ᠬᠡᠯᠡᠨ ᠎ᠦ ᠢᠯᠡᠳᠬᠡᠬᠦ ᠴᠢᠳᠠᠪᠤᠷᠢ ᠎ᠶᠢ ᠰᠢᠯᠭᠠᠵᠤ᠂ ᠨᠡᠩ ᠴᠤ᠌ ᠥᠷᠭᠡᠨ ᠤᠯᠠᠨ ᠳᠤᠮᠳᠠᠳᠤ ᠰᠤᠷᠭᠠᠭᠤᠯᠢ ᠎ᠶᠢᠨ ᠰᠤᠷᠤᠭ᠍ᠴᠢᠳ᠎ᠤᠨ ᠰᠣᠶᠣᠯ ᠎ᠤᠨ ᠢᠲᠡᠭᠡᠯ᠎ᠢᠶᠡᠨ ᠪᠠᠳᠤᠳᠬᠠᠵᠤ᠂ ᠭᠠᠳᠠᠭᠠᠳᠤ ᠬᠡᠯᠡ ᠎ᠪᠡᠷ ᠳᠤᠮᠳᠠᠳᠤ ᠤᠯᠤᠰ᠎ᠤᠨ ᠦᠯᠢᠭᠡᠷ ᠎ᠢ ᠰᠠᠢᠳᠤᠷ ᠶᠠᠷᠢᠬᠤ᠎ᠶᠢ ᠬᠦᠳᠦᠯᠦᠨ ᠵᠢᠯᠤᠭᠤᠳᠴᠤ᠂ ᠪᠦᠬᠦ ᠣᠷᠣᠨ ᠎ᠤ ᠭᠠᠳᠠᠭᠠᠳᠤ ᠬᠡᠯᠡᠨ ᠎ᠦ ᠰᠠᠭᠤᠷᠢ ᠰᠤᠷᠭᠠᠨ ᠬᠥᠮᠦᠵᠢᠯ ᠎ᠦᠨ ᠵᠢᠭᠠᠨ ᠰᠤᠷᠭᠠᠯᠲᠠ ᠎ᠶᠢᠨ ᠲᠦᠪᠰᠢᠨ᠎ᠢ ᠳᠡᠭᠡᠭᠰᠢᠯᠡᠭᠦᠯᠬᠦ᠎ᠳᠦ ᠬᠦᠴᠦ ᠨᠡᠮᠡᠷᠢᠯᠡᠵᠡᠢ》 ᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号