ᠮᠠᠨ ᠤ᠋ ᠤᠷᠤᠨ ᠤ᠋ 3 ᠲᠦᠷᠦᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠲᠥᠪ ᠲᠧᠯᠸᠢᠰ ᠤ᠋ᠨ ᠦᠳᠡᠱᠢᠯᠡᠭᠡ ᠳ᠋ᠦ ᠲᠤᠭᠯᠠᠯ᠎ᠠ
2026-02-26 10:05:54
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

2026 ᠣᠨ ᠤ᠋ ᠴᠠᠭᠠᠨ ᠰᠠᠷ᠎ᠠ ᠶ᠋ᠢᠨ ᠬᠤᠭᠤᠴᠠᠭᠠᠨ ᠳ᠋ᠦ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠤ᠋ᠨ ᠰᠣᠩᠭᠣᠨ ᠲᠠᠨᠢᠯᠴᠠᠭᠤᠯᠤᠭ᠍ᠰᠠᠨ ᠤᠯᠠᠨ ᠤᠯᠤᠰ ᠤ᠋ᠨ ᠬᠤᠯᠪᠤᠭᠠᠳᠦ ᠪᠠᠢᠭᠤᠯᠭ᠎ᠠ ᠶ᠋ᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤ᠋ᠨ ᠵᠤᠬᠢᠶᠠᠨ ᠪᠠᠢᠭᠤᠯᠤᠯᠳᠠ ᠶ᠋ᠢᠨ ᠬᠥᠮᠦᠨ ᠲᠥᠷᠥᠯᠬᠢᠲᠡᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ᠎ᠪᠤᠯᠬᠤ ᠮᠣᠩᠭᠣᠯ ᠦᠨᠳᠦᠰᠦᠲᠡᠨ ᠤ᠋ ᠬᠥᠭᠡᠮᠡᠢ᠂ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ ᠪᠤᠯᠬᠤ ᠰᠠᠪᠬᠠᠨ ᠪᠥᠵᠢᠭ ᠪᠠ ᠮᠣᠷᠢᠨ ᠬᠤᠭᠤᠷ ᠢ᠋ 2026 ᠣᠨ ᠤ᠋ ᠲᠥᠪ ᠲᠧᠯᠸᠢᠰ ᠤ᠋ᠨ ᠨᠢᠭᠡᠳᠦᠭᠡᠷ ᠰᠤᠪᠠᠭ ᠤ᠋ᠨ 《2026 ᠣᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠳᠡᠱᠢᠯᠡᠭᠡ》 ᠳ᠋ᠤ ᠲᠤᠭᠯᠠᠵᠠᠢ᠃

ᠥᠪᠥᠷ ᠮᠣᠩᠭᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪᠯᠡᠨ ᠤᠯᠠᠮᠵᠢᠯᠠᠭ᠍ᠴᠢᠳ ᠡᠨᠡ ᠬᠦ᠌ ᠤᠯᠤᠰ ᠤ᠋ᠨ ᠳᠡᠰ ᠤ᠋ᠨ ᠰᠣᠶᠣᠯ ᠤ᠋ᠨ ᠦᠪᠡᠳᠡᠭ᠌ᠰᠢ ᠴᠤᠭᠯᠠᠭᠠᠨ ᠲᠠᠬᠡᠷ᠎ᠠ ᠭᠣᠴᠣ ᠰᠠᠢᠬᠠᠨ ᠤᠷ᠎ᠠ ᠮᠡᠷᠭᠡᠵᠢᠯ ᠪᠣᠯᠤᠨ ᠣᠷᠭᠢᠯᠤᠮ᠎ᠠ ᠬᠠᠯᠠᠭᠤᠨ ᠰᠡᠳᠭᠢᠯᠭᠡ ᠪᠡᠷ ᠪᠦᠬᠦ᠌ ᠤᠯᠤᠰ ᠤ᠋ᠨ ᠦᠵᠡᠭ᠌ᠴᠢᠳ ᠲᠦ᠍ ᠲᠠᠯ᠎ᠠ ᠨᠤᠲᠤᠭ ᠤ᠋ᠨ ᠥᠪᠡᠷᠮᠢᠴᠡ ᠣᠨᠴᠠᠯᠢᠭ ᠲᠠᠶ ᠤᠷᠠᠨ ᠰᠠᠢᠬᠠᠨ ᠤ᠋ ᠲᠣᠭ᠍ᠯᠠᠯᠲᠠ ᠵᠢ ᠰᠤᠨᠢᠷᠬᠠᠭᠤᠯᠵᠦ᠂ ᠥᠪᠥᠷ ᠮᠣᠩᠭᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠤᠳᠬ᠎ᠠ ᠠᠭᠤᠯᠬᠤᠨ ᠪᠠ ᠥᠷᠨᠢᠭᠦᠨ ᠪᠠᠳᠠᠷᠠᠩᠭᠤᠢ ᠠᠮᠢᠵᠢᠷᠠᠯ ᠤ᠋ᠨ ᠬᠦᠴᠦᠨ ᠢ᠋ ᠪᠦᠷᠢᠨ ᠬᠠᠷᠠᠭᠤᠯᠵᠦ᠂ ᠴᠠᠭᠠᠨ ᠰᠠᠷ᠎ᠠ ᠶ᠋ᠢᠨ ᠠᠮᠠᠷᠠᠯᠳᠠ ᠳ᠋ᠤ ᠪᠠᠶᠠᠷ ᠪᠠᠶᠠᠰᠤᠯ ᠨᠡᠮᠡᠭᠰᠡᠨ ᠢ᠋ᠶ᠋ᠡᠷ ᠪᠠᠷᠠᠬᠤ ᠥᠬᠡᠶ ᠪᠥᠬᠥ᠌ ᠤᠯᠤᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠳᠡᠯᠭᠡᠷᠡᠭᠦᠯᠬᠦ᠌ ᠪᠠᠢᠷᠢᠱᠢᠯ ᠳ᠋ᠦ ᠰᠠᠨᠠᠭᠠᠴᠢᠯᠠᠭ᠎ᠠ ᠡᠴᠡ ᠪᠠᠨ ᠠᠭᠤᠰᠤᠯᠴᠠᠭ᠍ᠰᠠᠨ ᠪᠠᠢᠨ᠎ᠠ᠃ ᠪᠣᠳᠠᠰ ᠤ᠋ᠨ ᠪᠤᠰᠤ ᠰᠣᠶᠣᠯ ᠤ᠋ᠨ ᠦᠪᠯᠡᠨ ᠤᠯᠠᠮᠵᠢᠯᠠᠭ᠍ᠴᠢ ᠪᠣᠯᠤᠨ ᠲᠣᠭ᠍ᠯᠠᠯᠲᠠ ᠶ᠋ᠢᠨ ᠪᠦᠯᠬᠦᠮ  ᠰᠡᠳᠭᠢᠯ ᠨᠢᠭᠡᠳᠦᠨ ᠬᠠᠮᠵᠢᠯᠴᠠᠵᠤ᠂ ᠡᠯ᠎ᠡ ᠲᠦᠷᠦᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ 《ᠤᠷ᠎ᠠ ᠮᠡᠷᠭᠡᠵᠢᠯ ᠨᠢ ᠤᠷᠠᠨ ᠨᠠᠷᠢᠯᠢᠭ᠂ ᠦᠨᠦᠷ ᠠᠮᠲᠠ ᠨᠢ ᠥᠪᠡᠷᠮᠢᠴᠡ》ᠤᠷᠠᠯᠢᠭ ᠤ᠋ᠨ ᠣᠨᠴᠠᠯᠢᠭ ᠢ᠋ ᠢᠯᠡᠷᠡᠬᠦᠯᠦᠨ᠂ ᠪᠦᠬᠦ ᠤᠯᠤᠰ ᠤ᠋ᠨ ᠦᠵᠡᠭ᠌ᠴᠢᠳ ᠲᠦ᠍ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠦᠯᠦᠬᠡᠯᠡᠬᠦ ᠴᠢᠨᠠᠷᠳᠠᠢ ᠲᠦᠷᠦᠯ ᠵᠦᠢᠯ ᠤ᠋ᠨ ᠠᠮᠢᠵᠢᠷᠠᠯ ᠤ᠋ᠨ ᠬᠦᠴᠦᠨ ᠢ᠋ ᠦᠨᠡᠨ ᠬᠦ᠌ ᠮᠡᠳᠡᠷᠡᠭᠦᠯᠵᠦ᠍᠂ ᠤᠯᠠᠮᠵᠢᠯᠠᠯᠲᠤ ᠰᠣᠶᠣᠯ ᠪᠣᠯᠤᠨ ᠴᠠᠭᠠᠨ ᠰᠠᠷ᠎ᠠ ᠶ᠋ᠢᠨ ᠠᠭᠤᠷ ᠠᠮᠢᠰᠭᠤᠯ ᠤ᠋ᠨ ᠪᠦᠷᠢᠨ ᠪᠦᠲᠦᠨ ᠵᠣᠬᠢᠴᠠᠯ ᠢ᠋ ᠦᠵᠡᠬᠦᠯᠵᠦ᠂ ᠥᠪᠥᠷ ᠮᠣᠩᠭᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠳᠡᠯᠭᠡᠷᠡᠭᠦᠯᠬᠦ᠌ ᠠᠵᠢᠯ ᠢ᠋ ᠭᠦᠨᠵᠡᠭᠡᠶ ᠥᠷᠨᠢᠭᠦᠯᠦᠭ᠌ᠰᠡᠨ ᠴᠢᠬᠤᠯᠠ ᠦᠷ᠎ᠡ ᠪᠦᠲᠦᠭᠡᠯ ᠢ᠋ ᠳᠡᠯᠬᠡᠨ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠦᠯᠦᠬᠡᠯᠡᠬᠦ ᠴᠢᠨᠠᠷᠳᠠᠢ ᠲᠥᠷᠥᠯ ᠵᠦᠶ᠋ᠯ ᠎ᠢ  ᠦᠪᠯᠡᠨ ᠤᠯᠠᠮᠵᠢᠯᠠᠬᠤ ᠳ᠋ᠦ ᠡᠷᠬᠢᠮ ᠨᠠᠨᠳᠢᠨ ᠲᠤᠷᠱᠢᠯᠭ᠎ᠠ ᠬᠠᠩᠭᠠᠵᠦ᠂ ᠥᠪᠥᠷ ᠮᠣᠩᠭᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠨᠠᠩ ᠥᠷᠭᠡᠨ ᠠᠭᠤᠳᠠᠮ ᠲᠠᠪᠴᠠᠩ ᠳ᠋ᠦ ᠭᠠᠷᠬᠤ ᠳ᠋ᠦ ᠪᠠᠲᠤ ᠰᠠᠭᠤᠷᠢ  ᠲᠠᠯᠪᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号