ᠮᠠᠨ᠎ᠤ ᠤᠷᠤᠨ 3485 ᠲᠦᠮᠡ ᠭᠠᠷᠤᠢ ᠵᠢᠭᠤᠯᠴᠢᠯᠠᠭᠴᠢ ᠵᠢ ᠭᠥᠯᠢᠶᠡᠨ ᠠᠪᠴᠠᠶ
2026-02-26 10:14:36
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭ᠍ᠴᠢ ᠡᠴᠡ ᠥᠯᠢᠭᠡᠷ ᠠᠪᠴᠤ᠌ ᠪᠠᠢᠴᠠᠭᠠᠭ᠍ᠰᠠᠨ ᠪᠠ ᠴᠢᠮᠡᠭᠡ ᠨᠡᠪᠲᠡᠷᠡᠯᠭᠡ ᠶ᠋ᠢᠨ ᠡᠵᠡᠩᠨᠡᠯᠲᠡ ᠶ᠋ᠢᠨ ᠬᠤᠳᠠᠯᠳᠤᠭᠠᠴᠢᠨ ᠤ᠋ ᠲᠣᠭ᠎ᠠ ᠪᠠᠷᠢᠮᠲᠠ ᠵᠢ ᠶᠡᠷᠦᠩᠬᠡᠢᠯᠡᠨ ᠵᠢᠱ᠌ᠢᠵᠦ᠍ ᠪᠤᠳᠤᠭ᠍ᠰᠠᠨ ᠢ᠋ᠶ᠋ᠠᠷ ᠰᠠᠶᠢᠬᠠᠨ ᠦᠩᠬᠡᠷᠡᠭᠰᠡᠨ ᠴᠠᠭᠠᠨ ᠰᠠᠷ᠎ᠠ ᠶ᠋ᠢᠨ ᠠᠮᠠᠷᠠᠯᠲᠠ ᠶ᠋ᠢᠨ ᠬᠤᠭᠤᠴᠠᠭᠠᠨ ᠳ᠋ᠦ ᠮᠠᠨ ᠤ᠋ ᠤᠷᠤᠨ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭ᠍ᠴᠢ ᠵᠢ ᠨᠡᠢᠳᠡ 3485.8 ᠲᠦᠮᠡᠨ ᠬᠥᠮᠦᠨ ᠤᠳᠠᠭ᠎ᠠ ᠭᠥᠯᠢᠶᠡᠨ ᠠᠪᠴᠠᠢ᠂ ᠡᠳᠡᠬᠡᠷ ᠵᠢᠭᠤᠯᠴᠢᠯᠠᠭᠰᠠᠳ ᠤ᠋ᠨ ᠮᠠᠨ ᠤ᠋ ᠤᠷᠤᠨ ᠳ᠋ᠡᠬᠢ ᠬᠡᠷᠡᠭᠯᠡᠬᠡ ᠵᠢᠨ ᠵᠠᠷᠤᠳᠠᠯ ᠨᠢ 244.73 ᠳ᠋ᠦᠩᠱᠢᠭᠤᠷ ᠲᠥᠭᠥᠷᠢᠭ ᠲᠦ᠍ ᠬᠦᠷᠴᠠᠢ᠃

ᠡᠨᠡ ᠵᠢᠯ ᠤ᠋ᠨ ᠴᠠᠭᠠᠨ ᠰᠠᠷ᠎ᠠ ᠶ᠋ᠢᠨ ᠠᠮᠠᠷᠠᠯᠲᠠ ᠶ᠋ᠢᠨ ᠬᠤᠭᠤᠴᠠᠭᠠᠨ ᠳ᠋ᠤ ᠥᠪᠥᠷ ᠮᠣᠩᠭᠣᠯ ᠤ᠋ᠨ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠬᠡᠷᠡᠭ᠌ᠴᠡᠭᠡ ᠱᠠᠭᠠᠷᠳᠠᠯᠭ᠎ᠠ ᠬᠥᠭ᠌ᠵᠢᠩᠭᠦᠶ᠂ ᠬᠠᠩᠭᠠᠯᠭ᠎ᠠ ᠭᠦᠶ᠋ᠴᠡᠳ᠂ ᠪᠠᠲᠤᠯᠠᠭ᠎ᠠ ᠬᠦᠴᠦᠲᠡᠶ ᠪᠠᠢᠵᠤ᠂ ᠵᠢᠭᠤᠯᠴᠢᠯᠠᠯ ᠤ᠋ᠨ ᠠᠵᠢᠯᠯᠠᠭ᠎ᠠ ᠠᠮᠤᠷ ᠲᠦᠪᠱᠢᠨ ᠡᠮᠬᠢ ᠵᠢᠷᠤᠮ ᠲᠠᠶ ᠶᠠᠪᠤᠭᠳᠠᠵᠠᠢ᠃ ᠪᠥᠬᠥ᠌ ᠣᠷᠣᠨ ᠤ᠋ ᠡᠯ᠎ᠠ ᠭᠠᠵᠠᠷ ᠤ᠋ᠨ ᠬᠢᠨ ᠮᠣᠷᠢᠨ ᠵᠢᠯ ᠲᠠᠶ ᠤᠶᠠᠯᠳᠤᠭᠤᠯᠤᠨ ᠴᠠᠭᠠᠨ ᠰᠠᠷ᠎ᠠ ᠶ᠋ᠢᠨ ᠰᠣᠶᠣᠯ ᠤ᠋ᠨ ᠠᠭᠤᠯᠤᠭ᠍ᠳᠠᠬᠤᠨ ᠪᠠ ᠴᠠᠭ ᠦᠶ᠎ᠡ ᠶ᠋ᠢᠨ ᠦᠨ᠎ᠡ ᠥᠷᠲᠡᠭ ᠢ᠋ ᠭᠦᠨᠵᠡᠭᠡᠶ ᠠᠭᠤᠳᠠᠯᠤᠨ ᠲᠠᠢᠯᠪᠤᠷᠢᠯᠠᠵᠤ᠂ ᠰᠣᠶᠣᠯ ᠵᠢᠭᠤᠯᠴᠢᠯᠠᠯ ᠬᠢᠬᠡᠳ ᠠᠷᠠᠯᠵᠢᠶ᠎ᠠ ᠬᠤᠳᠠᠯᠳᠤᠭ᠎ᠠ ᠶ᠋ᠢᠨ ᠠᠭᠤᠰᠤᠯᠴᠠᠯ ᠤ᠋ᠨ ᠱᠢᠨ᠎ᠡ ᠠᠬᠤᠶ ᠪᠠᠢᠳᠠᠯ ᠪᠠ ᠱᠢᠨ᠎ᠡ ᠡᠵᠡᠩᠨᠡᠯᠲᠡ ᠶ᠋ᠢᠨ ᠬᠡᠯᠪᠡᠷᠢ ᠵᠢ ᠪᠣᠶ ᠪᠣᠯᠭᠠᠪᠠ᠃ ᠬᠥᠬᠡᠬᠣᠲᠠ ᠪᠣᠳᠠᠰ ᠤ᠋ᠨ ᠪᠤᠰᠤ ᠰᠣᠶᠣᠯ ᠤ᠋ᠨ ᠥᠪ ᠢ᠋ ᠳᠡᠯᠭᠡᠨ ᠦᠵᠡᠭᠦᠯᠬᠦ᠌᠂ ᠠᠷᠠᠳ ᠤ᠋ᠨ ᠵᠠᠩ ᠦᠢᠯᠡ ᠶ᠋ᠢᠨ ᠦᠵᠡᠬᠦᠯᠬᠡ ᠵᠢ ᠡᠷᠲᠡᠨ ᠤ᠋ ᠬᠣᠲᠠ ᠪᠤᠯᠤᠨ ᠵᠡᠭᠡᠯᠢ ᠭᠤᠳᠤᠮᠵᠢ ᠳ᠋ᠦ ᠠᠭᠤᠰᠤᠯᠴᠠᠭᠤᠯᠤᠨ᠂ ᠬᠣᠲᠠ ᠶ᠋ᠢᠨ ᠠᠷᠠᠳ ᠪᠠ ᠵᠢᠭᠤᠯᠴᠢᠯᠠᠭᠰᠠᠳ ᠲᠦ᠍ ᠪᠣᠳᠠᠰ ᠤ᠋ᠨ ᠪᠤᠰᠤ ᠰᠣᠶᠣᠯ ᠤ᠋ᠨ ᠥᠪ ᠢ᠋ ᠣᠢᠷᠠᠲᠤᠭᠤᠯᠵᠤ᠂ ᠰᠢᠶᠧ ᠴᠧᠩ ᠰᠦᠯᠵᠢᠶ᠎ᠠ ᠶ᠋ᠢᠨ ᠮᠡᠳᠡᠬᠦᠯᠦᠯᠳᠡ ᠵᠢ ᠦᠨᠳᠦᠰᠦᠯᠡᠪᠡᠯ ᠬᠥᠬᠡᠬᠣᠲᠠ ᠨᠢ ᠮᠣᠷᠢᠨ ᠵᠢᠯ ᠤ᠋ᠨ ᠴᠠᠭᠠᠨ ᠰᠠᠷ᠎ᠠ ᠶ᠋ᠢᠨ ᠠᠷᠪᠠᠨ ᠶᠡᠬᠡ 《ᠵᠣᠷᠢᠯᠳᠠᠳᠦ ᠭᠠᠵᠠᠷ》 ᠤ᠋ᠨ ᠨᠢᠭᠡ ᠪᠣᠯᠤᠭᠰᠠᠨ ᠪᠠᠢᠨ᠎ᠠ; ᠪᠤᠭᠤᠲᠤ ᠬᠤᠳᠠ ᠴᠠᠭᠠᠨ ᠰᠠᠷ᠎ᠠ ᠶ᠋ᠢᠨ ᠲᠤᠭᠤᠷᠢᠨ ᠦᠵᠡᠬᠦᠯᠬᠡ ᠭᠠᠷᠭᠠᠵᠤ᠂ ᠬᠤᠳᠠ ᠶ᠋ᠢᠨ ᠠᠷᠠᠳ᠎ᠪᠤᠯᠤᠨ ᠵᠢᠭᠤᠯᠴᠢᠯᠠᠭ᠍ᠰᠠᠳ ᠲᠦ᠍ ᠴᠠᠭᠠᠨ ᠰᠠᠷ᠎ᠠ ᠶ᠋ᠢᠨ ᠦᠨᠦᠷ ᠠᠮᠲᠠ ᠪᠡᠷ ᠥᠳᠭᠡᠨ᠂ ᠭᠣᠢᠳᠠ ᠰᠠᠢᠬᠠᠨ ᠴᠠᠭᠠᠨ ᠰᠠᠷ᠎ᠠ ᠶ᠋ᠢᠨ ᠰᠣᠶᠣᠯ ᠤ᠋ᠨ ᠦᠪᠡᠳᠡᠭ᠌ᠰᠢ ᠨᠠᠢᠷ ᠢ᠋ ᠰᠣᠨᠢᠷᠬᠠᠭᠤᠯᠪᠠ; ᠬᠢᠩᠭᠠᠨ ᠠᠢᠮᠠᠭ ᠤ᠋ᠨ ᠷᠠᠱᠢᠶᠠᠨ ᠬᠤᠳᠠ ᠮᠥᠰᠥ᠍ ᠴᠠᠰᠤᠨ ᠤ᠋ ᠡᠬᠢ ᠪᠠᠶᠠᠯᠢᠭ ᠪᠣᠯᠤᠨ ᠣᠷᠣᠨ ᠪᠦᠰᠡ ᠶ᠋ᠢᠨ ᠰᠣᠶᠣᠯ ᠤ᠋ᠨ ᠠᠭᠤᠯᠤᠭ᠍ᠳᠠᠬᠤᠨ ᠢ᠋ ᠭᠦᠨ ᠠᠭᠤᠳᠠᠯᠤᠨ᠂ 《ᠷᠠᠱᠢᠶᠠᠨ ᠳ᠋ᠤ ᠰᠢᠨᠡᠯᠡᠬᠦ》 ᠱᠢᠷᠢᠰ ᠭᠣᠣᠯ ᠰᠡᠳᠦᠪᠲᠦ ᠠᠵᠢᠯᠯᠠᠭ᠎ᠠ ᠵᠢ ᠨᠠᠷᠢᠨ ᠨᠢᠮᠪᠠᠢ ᠥᠷᠨᠢᠭᠦᠯᠵᠦ᠍᠂ ᠵᠢᠭᠤᠯᠴᠢᠯᠠᠭᠰᠠᠳ ᠲᠦ᠍ ᠰᠠᠷ᠎ᠠ ᠱᠢᠨ᠎ᠡ ᠶ᠋ᠢᠨ ᠦᠪᠡᠳᠡᠭ᠌ᠰᠢ ᠨᠠᠢᠷ ᠢ᠋ ᠬᠦᠷᠳᠡᠬᠡᠪᠡ; ᠬᠥᠯᠥᠨ ᠪᠣᠢᠷ ᠬᠤᠳᠠ ᠴᠠᠭᠠᠨ ᠰᠠᠷ᠎ᠠ ᠶ᠋ᠢᠨ ᠦᠳᠡᠱᠢᠯᠡᠭᠡ ᠳ᠋ᠡᠬᠡᠨ ᠠᠳᠤᠭᠤᠨ ᠰᠣᠶᠣᠯ᠂ ᠪᠣᠳᠠᠰ ᠤ᠋ᠨ ᠪᠤᠰᠤ ᠰᠣᠶᠣᠯ ᠤ᠋ᠨ ᠥᠪ᠂ ᠴᠥᠭᠡᠨ ᠲᠣᠭᠠᠲᠤ ᠦᠨᠳᠦᠰᠦᠲᠡᠨ ᠤ᠋ ᠵᠠᠩ ᠦᠶ᠋ᠯᠡ᠂ ᠮᠥᠰᠥ᠍ ᠴᠠᠰᠤᠨ ᠤ᠋ ᠰᠣᠶᠣᠯ ᠤ᠋ᠨ ᠣᠨᠴᠠᠯᠢᠭ ᠪᠣᠯᠤᠨ ᠮᠤᠷᠢᠨ ᠵᠢᠯ ᠤ᠋ᠨ ᠴᠠᠭᠠᠨ ᠰᠠᠷ᠎ᠠ ᠶ᠋ᠢᠨ ᠭᠤᠤᠯ ᠰᠡᠳᠦᠪ ᠢ᠋ ᠭᠦᠨᠵᠡᠭᠡᠶ ᠠᠭᠤᠰᠤᠯᠴᠠᠭᠤᠯᠵᠤ᠂ ᠤᠯᠠᠨ ᠳ᠋ᠤ ᠤᠷᠠᠨ ᠭᠤᠢᠳᠠ ᠲᠤᠭᠯᠠᠯᠳᠠ ᠵᠢ ᠰᠤᠨᠢᠷᠬᠠᠭᠤᠯᠵᠠᠢ᠃

ᠤᠢᠯᠠᠭᠠᠭᠰᠠᠨ ᠵᠢᠡᠷ᠂ ᠡᠨᠡ ᠵᠢᠯ ᠤ᠋ᠨ ᠴᠠᠭᠠᠨ ᠰᠠᠷ᠎ᠠ ᠶ᠋ᠢᠨ ᠠᠮᠠᠷᠠᠯᠲᠠ ᠶ᠋ᠢᠨ ᠬᠤᠭᠤᠴᠠᠭᠠᠨ ᠳ᠋ᠤ ᠮᠠᠨ ᠤ᠋ ᠣᠷᠣᠨ ᠤ᠋ ᠡᠯ᠎ᠡ ᠭᠠᠵᠠᠷ ᠤ᠋ᠨ ᠬᠢᠨ ᠤᠨᠴᠠᠯᠢᠬ᠍ᠳᠤ ᠰᠣᠶᠣᠯ ᠵᠢᠭᠤᠯᠴᠢᠯᠠᠯ ᠤ᠋ᠨ ᠠᠬᠤᠢ ᠪᠠᠢᠳᠠᠯ ᠢ᠋ ᠪᠤᠢ ᠪᠣᠯᠭᠠᠨ᠂ ᠴᠠᠭᠠᠨ ᠰᠠᠷ᠎ᠠ ᠶ᠋ᠢᠨ ᠵᠢᠭᠤᠯᠴᠢᠯᠠᠯ ᠤ᠋ᠨ ᠤᠯᠠᠨ ᠵᠠᠮ ᠱᠤᠭᠤᠮ ᠢ᠋ ᠬᠣᠯᠪᠣᠵᠤ᠂ ᠲᠦᠷᠪᠡᠨ ᠵᠦᠭ ᠨᠠᠢ᠍ᠮᠠᠨ ᠵᠤᠪᠬᠢᠰ ᠤ᠋ᠨ ᠵᠣᠴᠢᠳ ᠢ᠋ ᠴᠢᠯᠥᠭᠡᠲᠡᠢ ᠵᠢᠭᠤᠯᠴᠢᠯᠠᠭᠤᠯᠪᠠ᠃ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠪᠤᠷᠢᠨ ᠴᠢᠳᠠᠮᠵᠢᠳᠦ ᠺᠠᠷᠲ ᠵᠡᠷᠭᠡ ᠠᠷᠠᠳ ᠲᠦ᠍ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠨᠢ ᠵᠢᠭᠤᠯᠴᠢᠯᠠᠭᠰᠠᠳ ᠤ᠋ᠨ ᠴᠠᠭᠠᠨ ᠰᠠᠷ᠎ᠠ ᠶ᠋ᠢᠨ ᠵᠢᠭᠤᠯᠴᠢᠯᠠᠯ ᠪᠠ ᠬᠡᠷᠡᠭ᠌ᠯᠡᠭᠡ ᠵᠢ ᠶᠡᠬᠡ ᠪᠡᠷ ᠬᠦᠭᠵᠢᠬᠡᠵᠦ᠂ ᠠᠮᠠᠷᠠᠯᠲᠠ ᠶ᠋ᠢᠨ ᠡᠳᠦᠷ ᠤ᠋ᠨ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠢ᠋ ᠬᠥᠭ᠌ᠵᠢᠭᠡᠪᠡ᠃ ᠬᠥᠬᠡᠬᠣᠲᠠ 70 ᠲᠦᠮᠡᠨ ᠲᠥᠭᠥᠷᠢᠭ ᠤ᠋ᠨ ᠢᠳᠡᠭᠡᠨ ᠤᠮᠳᠠᠭᠠᠨ ᠤ᠋ ᠬᠡᠷᠡᠭ᠌ᠯᠡᠭᠡ ᠵᠢᠨ ᠲᠡᠮᠳᠡᠭ᠌ᠲᠦ᠍ ᠲᠠᠷᠬᠠᠭᠠᠨ᠂ 40 ᠭᠠᠷᠤᠶ ᠪᠠᠭᠤᠳᠠᠯ ᠪᠠ ᠦᠵᠡᠮᠵᠢ ᠶ᠋ᠢᠨ ᠣᠷᠣᠨ ᠵᠢᠡᠷ ᠬᠠᠷᠠᠭᠠᠯᠵᠠᠯ ᠦᠵᠡᠬᠦᠯᠵᠦ᠂ 4 ᠭᠤᠤᠯ ᠰᠡᠳᠦᠪᠲᠦ ᠰᠣᠳᠣᠨ ᠵᠠᠮ ᠱᠤᠭᠤᠮ᠎ᠭᠠᠷᠭᠠᠨ᠂ ᠪᠥᠬᠥ᠌ ᠬᠡᠯᠬᠢᠶᠡᠨ ᠤ᠋ ᠪᠥᠬᠥ᠌ ᠲᠠᠯ᠎ᠠ ᠶ᠋ᠢᠨ ᠦᠶ᠋ᠯᠡᠴᠢᠯᠡᠭᠡ ᠵᠢ ᠪᠡᠶᠡᠯᠡᠭᠦᠯᠪᠡ᠃ ᠪᠦᠬᠦ᠌ ᠣᠷᠣᠨ ᠤ᠋ ᠡᠯ᠎ᠡ ᠭᠠᠵᠠᠷ ᠤ᠋ᠨ ᠴᠤᠭ᠍ᠯᠠᠭ᠎ᠠ ᠮᠠᠢᠮᠠᠶ ᠴᠤ᠌ ᠬᠥᠭ᠌ᠵᠢᠶᠡᠨᠲᠡᠶ ᠶᠠᠪᠤᠭ᠍ᠳᠠᠵᠤ᠂ ᠴᠠᠭᠠᠨ ᠰᠠᠷ᠎ᠠ ᠶ᠋ᠢᠨ ᠪᠠᠷᠠᠭᠠᠨ ᠤ᠋ ᠦᠵᠡᠰᠭᠦᠯᠡᠩ ᠤ᠋ᠨ ᠴᠤᠭ᠍ᠯᠠᠭᠠᠨ ᠳᠡᠭᠡᠷ᠎ᠡ ᠴᠠᠭᠠᠨ ᠰᠠᠷ᠎ᠠ ᠶ᠋ᠢᠨ ᠪᠠᠷᠠᠭ᠎ᠠ ᠲᠠᠸᠠᠷ ᠬᠠᠷᠠᠭ᠎ᠠ ᠳᠦᠭᠦᠷᠡᠩ ᠪᠠᠢᠵᠤ᠂ ᠬᠤᠳᠠ ᠶ᠋ᠢᠨ ᠠᠷᠠᠳ᠎ᠪᠤᠯᠤᠨ ᠵᠢᠭᠤᠯᠴᠢᠯᠠᠭᠰᠠᠳ ᠲᠦ᠍ ᠨᠢᠭᠡ ᠦᠷᠳᠡᠬᠡᠴᠢᠯᠡᠭ᠌ᠰᠡᠨ ᠮᠠᠶᠢᠭ ᠤ᠋ᠨ ᠬᠤᠳᠠᠯᠳᠤᠨ ᠠᠪᠬᠤ ᠬᠡᠷᠡᠭ᠌ᠴᠡᠭᠡ ᠵᠢ ᠬᠠᠩᠭᠠᠪᠠ᠃ ᠡᠬᠦᠨ ᠤ᠋ ᠬᠠᠮᠳᠤ ᠠᠮᠠᠷᠠᠯᠲᠠ ᠶ᠋ᠢᠨ ᠡᠳᠦᠷ ᠤ᠋ᠨ ᠵᠠᠬ᠎ᠠ ᠳᠡᠯᠭᠡᠭᠦᠷ ᠤ᠋ᠨ ᠬᠠᠤᠯᠢ ᠬᠡᠷᠡᠭ᠌ᠵᠢᠭᠦᠯᠵᠦ᠍ ᠬᠢᠨᠠᠨ ᠬᠠᠮᠢᠶᠠᠷᠬᠤ ᠡᠷᠴᠢᠮ ᠢ᠋ ᠴᠢᠩᠭᠠᠷᠠᠭᠤᠯᠵᠤ᠂ ᠴᠠᠭᠠᠨ ᠰᠠᠷ᠎ᠠ ᠵᠢᠨ ᠠᠮᠠᠷᠠᠯᠲᠠ ᠶ᠋ᠢᠨ ᠬᠤᠭᠤᠴᠠᠭᠠᠨ ᠳ᠋ᠦ ᠪᠦᠬᠦ ᠤᠷᠤᠨ ᠤ᠋ ᠰᠣᠶᠣᠯ ᠤ᠋ᠨ ᠵᠠᠬ᠎ᠠ ᠳᠡᠯᠭᠡᠭᠦᠷ ᠤ᠋ᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠪᠠᠢᠭᠤᠯᠤᠮᠵᠢ ᠡᠴᠡ ᠨᠡᠢᠳᠡ 4306 ᠠᠵᠢᠯᠳᠠᠨ ᠢ᠋ ᠠᠵᠢᠯᠯᠠᠭᠤᠯᠵᠦ᠂ ᠰᠣᠶᠣᠯ ᠪᠠ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ 1878 ᠡᠵᠡᠩᠨᠡᠯᠲᠡ ᠶ᠋ᠢᠨ ᠨᠢᠭᠡᠴᠢ ᠳ᠋ᠤ ᠪᠠᠢᠴᠠᠭᠠᠯᠳᠠ ᠬᠢᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号