ᠥᠪᠥᠷ ᠮᠣᠩᠭᠣᠯ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ 51 ᠲᠦᠮᠡᠨ ᠠᠶᠠᠨᠴᠢᠨ ᠵᠦᠭᠡᠭᠡᠪᠦᠷᠢᠯᠡᠪᠠ
2026-02-26 10:16:14
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠡᠨᠡ ᠵᠢᠯ ᠤ᠋ᠨ ᠴᠠᠭᠠᠨ ᠰᠠᠷ᠎ᠠ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ ᠥᠪᠥᠷ ᠮᠣᠩᠭᠣᠯ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ 4864 ᠡᠭᠡᠯᠵᠢ ᠢ᠋ᠢᠨ ᠨᠢᠰᠭᠡᠯ ᠤ᠋ᠨ ᠨᠢᠰᠴᠦ᠍ ᠪᠠᠭᠤᠬᠤ ᠢ᠋ᠢ ᠪᠠᠲᠤᠯᠠᠨ᠂ 51 ᠲᠦᠮᠡᠨ ᠠᠶᠠᠨᠴᠢᠨ (ᠤᠳᠠᠭ᠎ᠠ) ᠵᠦᠭᠡᠭᠡᠪᠦᠷᠢᠯᠡᠪᠠ᠃

ᠭᠤᠤᠯ ᠱᠤᠭᠤᠮ ᠪᠠ ᠰᠠᠯᠪᠤᠷᠢ ᠱᠤᠭᠤᠮ ᠤ᠋ᠨ ᠨᠢᠰᠭᠡᠯ ᠤ᠋ᠨ ᠪᠠᠭᠤᠳᠠᠯ ᠤ᠋ᠨ ᠲᠡᠭᠡᠭᠡᠪᠦᠷᠢ ᠢ᠋ᠢᠨ ᠪᠠᠢᠳᠠᠯ ᠡᠴᠡ ᠦᠵᠡᠪᠡᠯ᠂ ᠭᠤᠤᠯ ᠱᠤᠭᠤᠮ ᠤ᠋ᠨ ᠬᠥᠬᠡᠬᠣᠲᠠ ᠢ᠋ᠢᠨ ᠨᠢᠰᠭᠡᠯ ᠤ᠋ᠨ ᠪᠠᠭᠤᠳᠠᠯ 2190 ᠡᠭᠡᠯᠵᠢ ᠢ᠋ᠢᠨ ᠨᠢᠰᠭᠡᠯ ᠤ᠋ᠨ ᠨᠢᠰᠴᠦ᠍ ᠪᠠᠭᠤᠬᠤ ᠢ᠋ᠢ ᠪᠠᠲᠤᠯᠠᠵᠤ᠂ 26.2 ᠲᠦᠮᠡᠨ ᠠᠶᠠᠨᠴᠢᠨ ᠵᠦᠭᠡᠭᠡᠪᠦᠷᠢᠯᠡᠪᠠ; ᠰᠠᠯᠪᠤᠷᠢ ᠱᠤᠭᠤᠮ ᠤ᠋ᠨ ᠨᠢᠰᠭᠡᠯ ᠤ᠋ᠨ ᠪᠠᠭᠤᠳᠠᠯ 2674 ᠡᠭᠡᠯᠵᠢ ᠢ᠋ᠢᠨ ᠨᠢᠰᠭᠡᠯ ᠤ᠋ᠨ ᠨᠢᠰᠴᠦ᠍ ᠪᠠᠭᠤᠬᠤ ᠢ᠋ᠢ ᠪᠠᠲᠤᠯᠠᠵᠤ᠂ ᠨᠡᠢᠲᠡ 24.8 ᠲᠦᠮᠡᠨ ᠠᠶᠠᠨᠴᠢᠨ ᠵᠦᠭᠡᠭᠡᠪᠦᠷᠢᠯᠡᠪᠠ᠃ ᠠᠶᠠᠨᠴᠢᠳ ᠤ᠋ᠨ ᠤᠷᠤᠰᠭᠠᠯ᠎ᠭᠤᠤᠯᠳᠠᠭᠤ ᠣᠷᠣᠨ ᠤ᠋ ᠭᠠᠳᠠᠨᠠᠬᠢ ᠪᠡᠭᠡᠵᠢᠩ᠂ ᠱᠠᠩᠬᠠᠶ᠂ ᠭᠤᠸᠠᠩᠵᠧᠦ᠂ ᠰᠢ ᠠᠨ᠂ ᠬᠠᠩᠵᠧᠦ᠂ ᠴᠦᠩᠴᠢᠩ᠂ ᠵᠸᠩᠵᠸᠦ ᠵᠡᠷᠭᠡ ᠬᠣᠲᠠ ᠪᠠ ᠣᠷᠣᠨ ᠤ᠋ ᠳᠣᠲᠣᠷᠠᠬᠢ ᠬᠥᠯᠥᠨ ᠪᠣᠢᠷ᠂ ᠤᠯᠠᠭᠠᠨᠬᠠᠳᠠ᠂ ᠲᠦᠩᠯᠢᠶᠣᠤ᠂ ᠤᠯᠠᠭᠠᠨᠴᠠᠪ ᠵᠡᠷᠭᠡ ᠬᠣᠲᠠ ᠳ᠋ᠤ ᠲᠦᠪᠯᠡᠷᠡᠵᠠᠢ᠃

ᠴᠠᠭᠠᠨ ᠰᠠᠷ᠎ᠠ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ  《ᠠᠮᠤᠷ ᠠᠮᠤᠭᠤᠯᠠᠩ ᠴᠠᠭᠠᠨ ᠰᠠᠷ᠎ᠠ ᠢ᠋ᠢᠨ ᠵᠦᠭᠡᠭᠡᠪᠦᠷᠢ᠂ ᠳᠥᠭᠥᠮ ᠳᠥᠲᠡ ᠴᠠᠭᠠᠨ ᠰᠠᠷ᠎ᠠ ᠢ᠋ᠢᠨ ᠵᠦᠭᠡᠭᠡᠪᠦᠷᠢ᠂ ᠬᠠᠯᠠᠭᠤᠨ ᠳᠤᠳᠤᠨᠤ ᠴᠠᠭᠠᠨ ᠰᠠᠷ᠎ᠠ ᠢ᠋ᠢᠨ ᠵᠦᠭᠡᠭᠡᠪᠦᠷᠢ》 ᠶ᠋ᠢᠨ ᠬᠠᠷᠠᠯᠲᠠ ᠢ᠋ᠢ ᠴᠢᠩᠭ᠎ᠠ ᠪᠠᠷᠢᠮᠲᠠᠯᠠᠨ᠂ ᠴᠠᠭᠠᠨ ᠰᠠᠷ᠎ᠠ ᠢ᠋ᠢᠨ ᠵᠦᠭᠡᠭᠡᠪᠦᠷᠢ ᠢ᠋ᠢᠨ ᠠᠮᠤᠷ ᠲᠦᠪᠱᠢᠨ ᠤ᠋ ᠦᠶ᠋ᠯᠡᠴᠢᠯᠡᠭᠡᠨ ᠤ᠋ ᠪᠠᠢᠴᠠᠭᠠᠯᠲᠠ ᠢ᠋ᠢᠨ ᠠᠵᠢᠯ ᠢ᠋ ᠰᠠᠢᠲᠤᠷ ᠬᠢᠵᠤ᠂ ᠲᠥᠬᠥᠭᠡᠷᠦᠮᠵᠢ ᠢ᠋ᠢᠨ ᠬᠡᠷᠡᠭ᠌ᠯᠡᠭᠡᠨ ᠤ᠋ ᠴᠢᠨᠠᠷ ᠢ᠋ ᠪᠥᠬᠥ᠌ ᠲᠠᠯ᠎ᠠ ᠪᠡᠷ ᠵᠢᠭ᠍ᠰᠠᠭᠠᠨ ᠪᠠᠢᠴᠠᠭᠠᠵᠤ᠂ ᠠᠮᠤᠷ ᠲᠦᠪᠱᠢᠨ ᠤ᠋ ᠭᠡᠮ ᠰᠤᠭᠤᠭ ᠢ᠋ ᠭᠦᠢᠴᠡᠳ ᠠᠷᠢᠯᠭᠠᠪᠠ᠃ ᠪᠦᠯᠦᠭ᠌ᠯᠡᠯ ᠤ᠋ᠨ ᠡᠯ᠎ᠡ ᠬᠠᠷᠢᠶ᠎ᠠ ᠨᠢᠰᠭᠡᠯ ᠤ᠋ᠨ ᠪᠠᠭᠤᠳᠠᠯ ᠨᠢ ᠪᠠᠲᠤᠯᠠᠭ᠎ᠠ ᠢ᠋ᠢᠨ ᠠᠷᠭ᠎ᠠ ᠬᠡᠮᠵᠢᠶ᠎ᠡ ᠢ᠋ᠢ ᠤᠷᠢᠳᠴᠢᠯᠠᠨ ᠲᠣᠭ᠍ᠲᠠᠭᠠᠵᠤ᠂ ᠣᠯᠠᠨ ᠵᠦᠶ᠋ᠯ ᠤ᠋ᠨ ᠦᠶ᠋ᠯᠡᠴᠢᠯᠡᠭᠡᠨ ᠤ᠋ ᠠᠷᠭ᠎ᠠ ᠬᠡᠮᠵᠢᠶ᠎ᠡ ᠢ᠋ᠢ ᠨᠡᠢᠲᠡᠯᠡᠨ᠂ ᠡᠭᠡᠯᠵᠢ ᠢ᠋ᠢᠨ ᠨᠢᠰᠭᠡᠯ ᠢ᠋ ᠬᠢᠨᠠᠨ ᠡᠵᠡᠮᠳᠡᠬᠦ᠌ ᠡᠷᠴᠢᠮ ᠢ᠋ᠢᠡᠨ ᠴᠢᠩᠭᠠᠷᠠᠭᠤᠯᠵᠤ᠂ ᠦᠶ᠋ᠯᠡᠴᠢᠯᠡᠭᠡᠨ ᠤ᠋ ᠪᠠᠲᠤᠯᠠᠭ᠎ᠠ ᠢ᠋ᠢᠨ ᠠᠵᠢᠯ ᠢ᠋ ᠭᠤᠤᠯᠳᠠᠯᠭ᠎ᠠ ᠲᠠᠶ ᠰᠠᠢᠲᠤᠷ ᠬᠢᠵᠠᠢ᠃ ᠡᠭᠦᠨ ᠤ᠋ ᠬᠠᠮᠲᠤ ᠨᠢᠰᠭᠡᠯ ᠬᠦᠯᠢᠶᠡᠬᠦ᠌ ᠠᠰᠠᠷ ᠲᠤ᠌ ᠥᠳᠭᠡᠨ ᠵᠤᠵᠠᠭᠠᠨ ᠴᠠᠭᠠᠨ ᠰᠠᠷ᠎ᠠ ᠢ᠋ᠢᠨ ᠠᠭᠤᠷ ᠠᠮᠢᠰᠭᠤᠯ ᠢ᠋ ᠪᠣᠶ ᠪᠣᠯᠭᠠᠵᠤ᠂ ᠣᠯᠠᠨ ᠵᠦᠶ᠋ᠯ ᠤ᠋ᠨ ᠬᠡᠯᠪᠡᠷᠢ ᠪᠥᠬᠥᠶ ᠪᠠᠶᠠᠷ ᠤ᠋ᠨ ᠡᠳᠦᠷ ᠤ᠋ᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠦᠨ᠂ ᠲᠠᠭᠠᠯᠠᠮᠵᠢᠲᠠᠶ ᠮᠦᠷᠳᠡᠬᠡᠨ ᠨᠠᠢᠳᠠᠪᠤᠷᠢᠳᠠᠢ ᠶᠠᠪᠤᠵᠤ ᠰᠠᠭᠤᠬᠤ ᠣᠷᠴᠢᠨ ᠨᠥᠬᠥᠴᠡᠯ ᠢ᠋ ᠪᠣᠶ ᠪᠣᠯᠭᠠᠭᠰᠠᠨ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号