ᠸᠠᠩ ᠸᠧᠢ ᠵᠦᠩ ᠪᠦᠦ ᠭᠠᠩ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠤ᠋ᠨ ᠬᠡᠷᠡᠭ ᠮᠡᠳᠡᠭ᠌ᠴᠢᠳ᠎ᠦᠨ ᠳᠠᠷᠤᠭ᠎ᠠ ᠵᠢᠶᠠᠩ ᠢ᠎ᠶᠡᠷᠦᠩᠬᠡᠢ ᠳᠠᠭᠠᠭᠠᠮᠠᠯ ᠶᠧ ᠱᠢᠶᠠᠩ ᠳ᠋ᠦᠩ ᠲᠠᠢ ᠠᠭᠤᠯᠵᠠᠪᠠ
2026-02-26 09:20:27
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 25 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠢᠶᠠᠩ ᠢ᠂ ᠶᠡᠷᠦᠩᠬᠡᠶ ᠳᠠᠭᠠᠭᠠᠮᠠᠯ ᠶᠧ ᠱᠢᠶᠠᠩ ᠳ᠋ᠦᠩ᠎ᠲᠡᠶ ᠠᠭᠤᠯᠵᠠᠪᠠ᠃

ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠵᠢᠶᠠᠩ ᠢ᠂ ᠶᠧ ᠱᠢᠶᠠᠩ ᠳ᠋ᠦᠩ᠎ᠨᠡᠷ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠤ᠋ᠨ ᠬᠢᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠬᠤᠪᠢ ᠨᠡᠮᠡᠷᠢ ᠦᠵᠡᠭᠦᠯᠦᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ ᠢᠯᠠᠩᠭᠤᠶ᠎ᠠ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠣᠳᠣ ᠪᠢᠳᠡ ᠶᠠᠭ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠬᠦ ᠤᠷᠢᠲᠠᠯ ᠳᠤᠤᠷ᠎ᠠ᠂ ᠤᠯᠠᠮᠵᠢᠯᠠᠯᠲᠤ ᠡᠨᠧᠷᠭᠢ᠎ᠶ᠋ᠢᠨ ᠦᠢᠯᠡᠰ᠎ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠱᠢᠬᠦ᠎ᠶ᠋ᠢ ᠲᠦᠷᠭᠡᠳᠭᠡᠨ ᠠᠬᠢᠭᠤᠯᠵᠤ᠂ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠤ᠂ ᠶᠡᠬᠡ ᠬᠡᠪᠴᠢᠶᠡᠨ᠎ᠦ ᠰᠠᠯᠬᠢ ᠭᠡᠷᠡᠯ ᠵᠢᠡᠷ ᠤᠰᠤᠲᠦ᠋ᠷᠦᠭᠴᠢ ᠦᠢᠯᠡᠳᠬᠦ᠂ ᠱᠢᠨ᠎ᠡ ᠬᠡᠯᠪᠡᠷᠢ᠎ᠶ᠋ᠢᠨ ᠡᠨᠧᠷᠭᠢ ᠨᠦᠬᠡᠴᠡᠯᠡᠬᠦ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ᠎ᠢ ᠢᠳᠡᠪᠬᠢᠳᠠᠢ ᠦᠷᠨᠢᠭᠦᠯᠵᠤ᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠤ᠂ ᠡᠨᠧᠷᠭᠢ᠎ᠶ᠋ᠢᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠬᠦ᠌᠎ᠪᠡᠷ ᠴᠢᠷᠮᠠᠢᠵᠤ ᠪᠠᠢᠨ᠎ᠠ᠃ ᠣᠷᠳᠣ ᠬᠤᠭᠤᠴᠠᠭᠠᠨ᠎ᠤ ᠲᠤᠷᠰᠢ᠂ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭ᠌ᠯᠡᠯ᠎ᠦᠨ᠎ᠬᠢᠨ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ᠂ ᠲᠣᠨᠣᠭᠯᠠᠯ ᠦᠶ᠋ᠯᠡᠳᠬᠦ᠌ ᠵᠡᠷᠭᠡ ᠬᠦᠷᠢᠶᠡᠨ᠎ᠳᠦ ᠥᠪᠥᠷ ᠮᠣᠩᠭᠣᠯ᠎ᠯᠤᠭ᠎ᠠ ᠰᠠᠢᠨ ᠰᠠᠢᠬᠠᠨ ᠬᠠᠮᠲᠤᠷᠠᠯᠴᠠᠭᠠᠨ᠎ᠤ ᠬᠠᠷᠢᠴᠠᠭ᠎ᠠ᠎ᠪᠠᠨ ᠪᠠᠲᠤᠯᠠᠵᠤ ᠢᠷᠡᠪᠡ᠂ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭ᠌ᠯᠡᠯ᠎ᠦᠨ᠎ᠬᠢᠨ ᠪᠣᠬᠢᠷᠲᠤᠯ ᠥᠬᠡᠶ ᠤᠰᠤᠲᠥ᠋ᠷᠥᠭ᠌ᠴᠢ ᠰᠢᠪᠳᠤᠷ ᠤ᠋ᠨ ᠠᠯᠺᠣᠣᠯ᠎ᠤᠨ ᠠᠵᠤ ᠦᠶ᠋ᠯᠡᠰ᠎ᠦᠨ ᠬᠥᠭ᠌ᠵᠢᠯᠲᠡ᠂ ᠨᠡᠭᠦᠷᠡᠰᠦᠲᠥ᠋ᠷᠥᠭ᠌ᠴᠢ ᠦᠭᠡᠢ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ᠂ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠭᠣᠮᠲᠠ ᠱᠢᠪᠲᠤᠯᠤᠯᠲᠠ᠂ ᠪᠤᠳᠤᠯᠳᠠ ᠵᠢᠨ ᠬᠦᠴᠦᠨ ᠴᠠᠬᠢᠯᠭᠠᠨ ᠬᠦᠴᠦᠨ ᠤ᠋ ᠬᠠᠮᠵᠢᠯᠴᠠᠨ ᠬᠥᠭ᠌ᠵᠢᠬᠦ᠌ ᠵᠡᠷᠭᠡ ᠬᠦᠷᠢᠶᠡᠨ᠎ᠦ ᠲᠣᠭᠣᠷᠢᠨ᠎ᠳᠤ ᠲᠥᠷᠥᠯ ᠵᠦᠶ᠋ᠯ᠎ᠦᠨ ᠲᠥᠯᠥᠪᠵᠢᠭᠦᠯᠭᠡ᠎ᠪᠡᠨ ᠤᠯᠠᠮ ᠨᠢᠭᠡ ᠠᠯᠬᠤᠮ ᠴᠢᠩᠭᠠᠳᠭᠠᠵᠤ᠂ ᠠᠵᠤ ᠦᠶ᠋ᠯᠡᠰ᠎ᠦᠨ ᠵᠣᠯᠭᠠᠯᠴᠠᠭ᠎ᠠ᠎ᠪᠠᠨ ᠭᠦᠨᠵᠡᠭᠡᠢᠷᠡᠭᠦᠯᠵᠦ᠍᠂ ᠮᠠᠨ᠎ᠤ ᠣᠷᠣᠨ᠎ᠳᠠᠬᠢ ᠪᠠᠯᠠ ᠣᠷᠣᠭᠤᠯᠤᠯᠲᠠ᠎ᠶ᠋ᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠬᠤ᠎ᠶ᠋ᠢ ᠬᠦᠰᠡᠵᠦ᠍ ᠪᠠᠢᠨ᠎ᠠ᠃ ᠪᠢᠳᠡ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭᠰᠠᠨ᠂ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠦᠬᠦ᠌ ᠬᠦᠴᠦᠨ᠎ᠢᠶᠡᠷ᠎ᠢᠶᠡᠨ ᠪᠤᠢ ᠪᠣᠯᠭᠠᠵᠤ᠂ ᠠᠵᠤ ᠠᠬᠤᠢᠯᠠᠯ᠎ᠢ ᠥᠪᠥᠷ ᠮᠣᠩᠭᠣᠯ᠎ᠳᠤ ᠤᠴᠢᠷ ᠶᠠᠪᠤᠳᠠᠯ ᠭᠦᠢᠴᠡᠳᠭᠡᠬᠦ ᠳ᠋ᠤ ᠤᠷᠤᠭ᠍ᠰᠢᠲᠠᠢ᠂ ᠪᠡᠯᠡ ᠣᠷᠣᠭᠤᠯᠬᠤ᠎ᠳᠤ ᠰᠠᠨᠠᠭ᠎ᠠ ᠠᠮᠤᠷ᠂ ᠡᠵᠡᠩᠨᠡᠯᠲᠡ ᠬᠢᠬᠦ᠎ᠳᠦ ᠲᠠᠭᠠᠯᠠᠮᠵᠢᠲᠠᠢ᠂ ᠬᠥᠭ᠌ᠵᠢᠬᠦ ᠳ᠋ᠤ ᠰᠡᠳᠭᠢᠯ ᠠᠮᠤᠷ ᠪᠣᠯᠭᠠᠨ᠎ᠠ ᠭᠡᠪᠡ᠃

ᠵᠢᠶᠠᠩ ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭ᠌ᠯᠡᠯ᠎ᠦᠨ ᠠᠵᠢᠯ᠎ᠢ ᠳᠡᠮᠵᠢᠭ᠌ᠰᠡᠨ᠎ᠳᠦ ᠲᠠᠯᠠᠷᠬᠠᠬᠤ᠎ᠶ᠋ᠢᠨ ᠬᠠᠮᠲᠤ ᠪᠦᠯᠦᠭ᠌ᠯᠡᠯ᠎ᠦᠨ ᠵᠢᠡᠨ ᠪᠦᠬᠦᠯᠢ ᠴᠣᠭ᠍ᠴᠠ᠎ᠶ᠋ᠢᠨ ᠬᠥᠭ᠌ᠵᠢᠯᠲᠡ ᠪᠣᠯᠤᠨ ᠥᠪᠥᠷ ᠮᠣᠩᠭᠣᠯ ᠳ᠋ᠡᠬᠢ ᠪᠡᠯᠡ ᠤᠷᠤᠭᠤᠯᠤᠯᠳᠠ ᠵᠢᠨ ᠪᠠᠢᠷᠢᠰᠢᠭᠤᠯᠤᠯᠳᠠ ᠵᠢᠨ ᠪᠠᠢᠳᠠᠯ ᠵᠢᠡᠨ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠶᠠᠭ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠴᠡᠪᠡᠷ ᠪᠦᠭᠡᠳ ᠪᠠᠭ᠎ᠠ ᠨᠡᠭᠦᠷᠡᠰᠦᠲᠥ᠋ᠷᠥᠭ᠌ᠴᠢᠳᠤ ᠡᠨᠧᠷᠭᠢ᠎ᠶ᠋ᠢᠨ ᠠᠵᠤ ᠠᠬᠤᠢᠯᠠᠯ᠎ᠢ ᠲᠦᠷᠭᠡᠳᠭᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠲᠠᠶ ᠵᠤᠬᠢᠴᠠᠵᠤ᠂ ᠬᠦᠭᠵᠢᠯᠳᠠ ᠵᠢᠨ ᠴᠢᠭ᠌ᠯᠡᠯ ᠨᠢᠭᠡᠳᠦᠯ ᠲᠡᠢ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠳ᠋ᠤ ᠬᠠᠨᠳᠤᠵᠤ᠂ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ ᠲᠣᠰ ᠪᠡᠶ᠎ᠡ᠎ᠶ᠋ᠢᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠨᠡᠭᠦᠷᠡᠰᠦ᠎ᠶ᠋ᠢ ᠴᠡᠪᠡᠷ ᠪᠦᠭᠡᠳ ᠥᠨᠳᠥᠷ ᠪᠦᠲᠦᠮᠵᠢᠲᠡᠶ ᠠᠱᠢᠭ᠍ᠯᠠᠬᠤ᠂ ᠪᠣᠬᠢᠷᠲᠤᠯ ᠥᠬᠡᠶ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ᠌᠂ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠵᠡᠷᠭᠡ ᠲᠠᠯ᠎ᠠ᠎ᠪᠠᠷ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌᠎ᠶ᠋ᠢ ᠢᠳᠡᠪᠬᠢᠲᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠨᠠᠩ ᠰᠠᠢᠲᠤᠷ ᠬᠦᠴᠦᠨ ᠨᠡᠮᠡᠷᠢᠯᠡᠨ᠎ᠠ ᠭᠡᠵᠤ ᠢᠯᠡᠳᠭᠡᠵᠠᠢ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号