— ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ ᠬᠠᠯᠠᠭᠤᠨ ᠲᠤᠰᠭᠠᠯ ᠭᠠᠷᠪᠠ
ᠱᠢᠨ᠎ᠡ ᠠᠶᠠᠨ᠎ᠢᠶᠡᠨ ᠡᠬᠢᠯᠡᠬᠦᠯᠵᠤ᠂ ᠡᠷᠡᠮᠡᠬᠡᠢᠯᠡᠨ ᠲᠡᠮᠡᠴᠡᠬᠦ ᠴᠠᠭ ᠪᠤᠯᠤᠯ᠎ᠠ᠃ 2 ᠰᠠᠷ᠎ᠠ᠎ᠶ᠋ᠢᠨ 24 ᠤ᠋ ᠡᠳᠦᠷ ᠪᠣᠯ ᠪᠢᠯᠢᠭ᠎ᠦᠨ ᠤᠯᠠᠷᠢᠯ᠎ᠤᠨ ᠮᠣᠷᠢᠨ ᠵᠢᠯ᠎ᠦᠨ ᠴᠠᠭᠠᠨ ᠰᠠᠷ᠎ᠠ᠎ᠶ᠋ᠢᠨ ᠠᠮᠠᠷᠠᠯᠳᠠ ᠵᠢᠨ ᠳᠠᠷᠠᠭᠠᠬᠢ ᠠᠩᠬᠠᠨ᠎ᠤ ᠠᠵᠢᠯᠯᠠᠬᠤ ᠡᠳᠦᠷ ᠪᠣᠯᠤᠨ᠎ᠠ᠂ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ᠎ᠡᠴᠡ ᠳᠠᠮᠵᠢᠭᠤᠯᠤᠭ᠍ᠰᠠᠨ ᠲᠡᠮᠡᠴᠡᠯ᠎ᠤᠨ ᠲᠤᠬᠢᠶ᠎ᠠ᠂ ᠪᠠᠢᠷᠢᠯᠠᠭᠤᠯᠤᠭ᠍ᠰᠠᠨ ᠭᠣᠣᠯᠳᠠᠯᠭ᠎ᠠ᠎ᠲᠠᠶ ᠡᠭᠦᠷᠭᠡ ᠨᠢ ᠪᠦᠬᠦ᠌ ᠣᠷᠣᠨ᠎ᠤ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠴᠠᠢ᠃ ᠤᠯᠠᠨ᠎ᠢᠶᠠᠷ᠎ᠢᠶᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠪᠦᠬᠦ᠌ ᠬᠦᠴᠦᠨ᠎ᠢᠶᠡᠷ᠎ᠢᠶᠡᠨ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃
《ᠡᠵᠡᠩᠨᠡᠯᠲᠡ᠎ᠶ᠋ᠢᠨ ᠭᠣᠣᠯ ᠴᠣᠭ᠍ᠴᠠ ᠪᠣᠯ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠴᠢᠶᠠᠯᠠᠪᠤᠷᠢ ᠮᠥᠨ᠂ ᠴᠢᠨᠠᠷ ᠰᠠᠢᠲᠠᠢ ᠬᠥᠭ᠌ᠵᠢᠯᠲᠡ ᠨᠢ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ ᠥᠷᠨᠢᠭᠦᠨ ᠬᠥᠭ᠌ᠵᠢᠯᠲᠡ ᠪᠠ ᠠᠮᠢᠵᠢᠷᠠᠯ᠎ᠤᠨ ᠬᠦᠴᠦᠨ᠎ᠡᠴᠡ ᠰᠠᠯᠵᠤ ᠴᠢᠳᠠᠬᠤ ᠦᠭᠡᠢ ᠶᠤᠮ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠡᠩᠰᠡᠯᠡᠨ ᠲᠡᠮᠳᠡᠭ᠌ᠯᠡᠬᠦ᠌ ᠲᠣᠪᠴᠢᠶ᠎ᠠ᠎ᠶ᠋ᠢᠨ ᠳᠠᠷᠤᠭ᠎ᠠ ᠼᠦᠢ ᠯᠢ ᠴᠢᠶᠦ᠋ᠨ᠂ 2026 ᠣᠨ᠎ᠳᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠡᠵᠡᠩᠨᠡᠯᠲᠡ᠎ᠶ᠋ᠢᠨ ᠭᠤᠤᠯ ᠴᠣᠭ᠍ᠴᠠ ᠵᠢ ᠳᠡᠩᠰᠡᠯᠡᠨ ᠲᠡᠮᠳᠡᠭ᠌ᠯᠡᠬᠦ᠌ ᠡᠬᠦᠷᠬᠡ ᠲᠤᠰᠢᠶᠠᠯ᠎ᠤᠨ ᠦᠶ᠋ᠯᠡᠳᠦᠯ ᠵᠢᠡᠨ ᠭᠦᠶ᠋ᠴᠡᠳ ᠪᠠᠳᠠᠷᠠᠭᠤᠯᠵᠤ᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭ᠌ᠵᠢᠭᠡᠵᠦ᠍᠂ ᠥᠪᠥᠷ ᠮᠣᠩᠭᠣᠯ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ 《ᠥᠨᠳᠥᠷ ᠪᠦᠲᠦᠮᠵᠢᠲᠡᠶ᠎ᠪᠡᠷ ᠨᠢᠭᠡ ᠶᠠᠪᠤᠳᠠᠯ᠎ᠢ ᠭᠦᠶ᠋ᠴᠡᠳᠭᠡᠬᠦ᠌ 》 ᠲᠠᠯ᠎ᠠ᠎ᠪᠠᠷ᠂ ᠲᠥᠬᠥᠮ ᠦᠵᠡᠬᠦᠯᠬᠦ ᠳᠡᠯᠭᠡᠭᠦᠷ᠂ ᠬᠠᠮ ᠳᠡᠯᠭᠡᠭᠦᠷ ᠡᠷᠭᠢᠯᠡᠬᠦ᠌᠎ᠶ᠋ᠢ 《ᠥᠨᠳᠥᠷ ᠪᠦᠲᠦᠮᠵᠢᠲᠡᠶ᠎ᠪᠡᠷ ᠭᠦᠶ᠋ᠴᠡᠳᠭᠡᠬᠦ᠌᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌ 》 ᠶ᠋ᠢ ᠬᠡᠷᠡᠭ᠌ᠵᠢᠭᠦᠯᠦᠨ᠎ᠡ; 《 ᠵᠣᠬᠢᠶᠠᠮᠠᠯ ᠣᠶᠤᠨ ᠴᠢᠳᠠᠪᠤᠷᠢ +》 ᠵᠢ ᠬᠦᠢᠴᠡᠳᠬᠡᠬᠦ ᠲᠠᠯ᠎ᠠ᠎ᠪᠠᠷ᠂ 《ᠵᠣᠬᠢᠶᠠᠮᠠᠯ ᠣᠶᠤᠨ ᠴᠢᠳᠠᠪᠤᠷᠢ + ᠨᠡᠷᠡᠢᠳᠦᠯ ᠭᠤᠶᠤᠴᠢᠯᠠᠬᠤ》 ᠵᠢ ᠬᠡᠷᠡᠭ᠌ᠵᠢᠭᠦᠯᠦᠨ᠎ᠡ ᠭᠡᠵᠤ ᠢᠯᠡᠳᠭᠡᠵᠠᠢ᠃
《 ᠶᠡᠬᠡ ᠬᠤᠷᠠᠯ ᠨᠢ ᠰᠡᠳᠭᠢᠯ ᠢ᠋ ᠨᠢᠬᠳᠠᠷᠠᠭᠤᠯᠬᠤ ᠬᠤᠷᠠᠯ ᠪᠣᠯᠤᠬᠰᠠᠨ᠎ᠢᠶᠡᠷ ᠪᠠᠷᠠᠬᠤ ᠥᠬᠡᠶ ᠨᠠᠩ ᠴᠤ᠌ ᠳᠠᠢᠴᠢᠯᠠᠯᠲᠠ᠎ᠶ᠋ᠢᠨ ᠬᠤᠷᠠᠯ ᠪᠣᠯᠵᠣ᠂ ᠪᠢᠳᠡᠨ᠎ᠢ ᠶᠡᠬᠡᠳᠡ ᠵᠣᠷᠢᠭ᠍ᠵᠢᠭᠤᠯᠤᠭ᠍ᠰᠠᠨ ᠪᠥᠭᠡᠳ ᠱᠢᠨ᠎ᠡ ᠵᠢᠯ᠎ᠦᠨ ᠲᠡᠮᠡᠴᠡᠯ᠎ᠦᠨ ᠴᠢᠭ᠌ᠯᠡᠯ᠎ᠢ ᠨᠠᠩ ᠲᠣᠳᠣᠷᠬᠠᠶ ᠪᠣᠯᠭᠠᠵᠠᠶ᠃ ᠱᠢᠨ᠎ᠡ ᠵᠢᠯ᠎ᠳᠦ᠂ ᠪᠢᠳᠡ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠭᠡᠵᠦ᠍᠂ ᠦᠷ᠎ᠠ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠂ ᠪᠠᠭ᠎ᠠ ᠨᠡᠭᠦᠷᠡᠰᠦᠲᠥ᠋ᠷᠥᠭ᠌ᠴᠢᠲᠦ ᠲᠡᠵᠢᠭᠡᠨ ᠦᠷᠡᠵᠢᠭᠦᠯᠬᠦ᠌ ᠵᠢᠴᠢ ᠲᠡᠵᠢᠭᠡᠵᠤ ᠦᠷᠡᠵᠢᠭᠦᠯᠬᠦ ᠵᠢ ᠡᠷᠬᠢᠯᠳᠦᠬᠦᠯᠬᠦ ᠵᠡᠷᠭᠡ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠥᠷᠥᠯ ᠵᠦᠶ᠋ᠯ᠎ᠢ ᠭᠤᠶᠤᠴᠢᠯᠠᠨ ᠮᠡᠳᠡᠭᠦᠯᠬᠦ᠌ ᠪᠠ ᠮᠡᠷᠭᠡᠵᠢᠯ᠎ᠦᠨ ᠰᠤᠳᠤᠯᠤᠨ ᠨᠡᠭᠡᠭᠡᠬᠦ᠌ ᠠᠵᠢᠯ᠎ᠢ ᠥᠷᠨᠢᠭᠦᠯᠵᠦ᠍᠂ ᠮᠡᠷᠭᠡᠵᠢᠯ᠎ᠦᠨ ᠪᠣᠯᠪᠠᠰᠤᠷᠠᠯ ᠬᠢᠭᠡᠳ ᠡᠮᠦᠨ᠎ᠡ ᠹᠷᠣᠨᠲ ᠲᠡᠬᠢ ᠮᠡᠷᠭᠡᠵᠢᠯ᠎ᠦᠨ ᠦᠶ᠋ᠯᠡᠴᠢᠯᠡᠭᠡ᠎ᠶ᠋ᠢ ᠦᠷᠭᠦᠯᠵᠢᠯᠡᠨ ᠴᠢᠩᠭᠠᠳᠭᠠᠵᠤ᠂ ᠲᠤᠷᠱᠢᠯᠲᠠ᠎ᠶ᠋ᠢᠨ ᠲᠠᠰᠤᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠲᠠᠷᠢᠶᠠᠨ ᠦᠵᠦᠬᠦᠷ᠂ ᠮᠠᠯᠵᠢᠯ᠎ᠤᠨ ᠲᠠᠯᠠᠪᠠᠶ᠎ᠳᠤ ᠬᠦᠷᠭᠡᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠥᠷᠭᠡᠨ ᠣᠯᠠᠨ ᠮᠠᠯᠴᠢᠨ ᠲᠠᠷᠢᠶᠠᠴᠢᠨ᠎ᠳᠤ ᠠᠱᠢᠭ ᠬᠦᠷᠲᠡᠭᠡᠬᠦ᠌ ᠦᠨᠡᠨ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠵᠣᠷᠢᠭ᠍ᠲᠠᠶ ᠬᠢᠵᠦ᠍ ᠵᠣᠷᠢᠭ᠍ᠲᠠᠶ ᠲᠤᠷᠱᠢᠬᠤ ᠡᠷᠴᠢ ᠵᠣᠷᠢᠭ ᠪᠠ ᠤᠷᠳᠤ ᠬᠤᠭᠤᠴᠠᠭ᠎ᠠ ᠪᠡᠷ ᠵᠢᠳᠭᠦᠨ ᠴᠢᠷᠮᠠᠢᠬᠤ ᠡᠷᠴᠢ ᠵᠣᠷᠢᠭ᠎ᠢᠶᠠᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠰᠠᠭᠤᠷᠢ᠎ᠶ᠋ᠢ ᠪᠠᠲᠤ ᠴᠣᠭ᠍ᠴᠠᠯᠠᠨ᠎ᠠ》 ᠭᠡᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠮᠢᠲᠠᠨ᠎ᠤ ᠱᠢᠮ᠎ᠡ ᠲᠡᠵᠢᠭᠡᠯ ᠬᠢᠭᠡᠳ ᠲᠡᠵᠢᠭᠡᠯ ᠪᠣᠷᠳᠣᠭ᠎ᠠ ᠰᠤᠳᠤᠯᠬᠤ ᠭᠠᠵᠠᠷ᠎ᠤᠨ ᠳᠠᠷᠤᠭ᠎ᠠ ᠵᠠᠩ ᠴᠦᠨ ᠬᠤᠸᠠ ᠬᠡᠯᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠳᠡᠳ᠋ ᠲᠡᠷᠢᠭᠦᠯᠡᠭ᠌ᠴᠢ ᠯᠢ ᠵᠥᠩ ᠽᠸᠩ᠂《ᠪᠢᠳᠡ ᠡᠭᠦᠷᠭᠡ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠦᠨᠡᠨ ᠬᠦ᠌ ᠪᠣᠶ ᠪᠣᠯᠭᠠᠨ ᠦᠶ᠋ᠯᠡᠳᠦᠯᠭᠡᠵᠢᠭᠦᠯᠵᠦ᠍᠂〈ᠡᠬᠢᠯᠡᠮᠡᠭᠴᠡ ᠳᠠᠷᠤᠶ ᠱᠢᠪᠲᠤᠯᠤᠯᠲᠠ ᠬᠢᠬᠦ᠌〉 ᠡᠷᠴᠢ ᠵᠣᠷᠢᠭ᠎ᠢᠶᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 〈1571〉 ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ᠋ ᠪᠠᠳᠤ ᠴᠤᠬᠴᠠᠯᠠᠬᠤ ᠭᠤᠤᠯ ᠱᠢᠵᠢᠮ ᠯᠤᠭᠡ ᠨᠢᠭ᠍ᠲᠠ ᠤᠶᠠᠯᠳᠤᠭᠤᠯᠤᠨ᠂ ᠮᠠᠨ᠎ᠤ ᠣᠷᠣᠨ᠎ᠤ ᠳᠠᠪᠠᠭᠤᠯᠢᠭ ᠣᠨᠴᠠᠯᠢᠭ ᠪᠥᠬᠥᠶ ᠬᠦᠷᠢᠶ᠎ᠡ ᠴᠠᠷᠠᠭ᠎ᠠ ᠪᠠ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠬᠰᠡᠨ ᠠᠵᠤ ᠦᠶ᠋ᠯᠡᠰ᠎ᠦᠨ ᠲᠣᠭᠣᠷᠢᠨ᠎ᠳᠤ᠂ ᠳᠡᠭᠡᠳᠦ ᠲᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠶᠤᠨ᠎ᠤ ᠡᠬᠢ ᠪᠠᠶᠠᠯᠢᠭ᠎ᠢ ᠣᠷᠣᠭᠤᠯᠤᠨ ᠠᠪᠴᠢᠷᠠᠵᠤ ᠠᠵᠤ ᠠᠬᠤᠢᠯᠠᠯ᠎ᠤᠨ ᠡᠮᠦᠨ᠎ᠡ ᠹᠷᠣᠨᠲ᠎ᠲᠤ ᠭᠦᠨᠵᠡᠭᠡᠢᠷᠡᠭᠦᠯᠦᠨ᠂ ᠪᠣᠳᠠᠲᠠᠶ ᠠᠵᠢᠯ ᠬᠢᠵᠦ᠍᠂ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠨᠠᠩ ᠣᠯᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠦᠷ᠎ᠠ ᠪᠦᠳᠦᠭᠡᠯ ᠢ᠋ ᠮᠠᠨ ᠤ᠋ ᠤᠷᠤᠨ ᠳ᠋ᠤ ᠨᠠᠢᠳᠠᠪᠤᠷᠢᠵᠢᠭᠤᠯᠤᠨ ᠤᠨᠳᠤᠤᠰᠢᠭᠤᠯᠬᠤ ᠵᠢ ᠠᠬᠢᠭᠤᠯᠤᠨ᠎ᠠ; ᠮᠠᠯᠴᠢᠨ ᠲᠠᠷᠢᠶᠠᠴᠢᠨ᠎ᠤ ᠤᠨᠠᠯᠳᠠ ᠪᠠᠨ ᠨᠡᠮᠡᠭ᠌ᠳᠡᠭᠦᠯᠵᠦ᠍ ᠣᠷᠣᠯᠭ᠎ᠠ᠎ᠪᠠᠨ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠨ᠎ᠠ; ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠪᠥᠬᠥ᠌ ᠣᠷᠣᠨ᠎ᠤ ᠥᠷᠭᠡᠨ ᠣᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ᠎ᠤ ᠴᠢᠨᠠᠷ ᠰᠠᠢᠲᠠᠶ ᠬᠥᠭ᠌ᠵᠢᠯᠲᠡ᠎ᠳᠦ ᠢᠳᠡᠪᠬᠢᠲᠡᠶ ᠣᠷᠣᠯᠴᠠᠬᠤ᠎ᠶ᠋ᠢ ᠵᠣᠷᠢᠭ᠍ᠵᠢᠭᠤᠯᠤᠨ᠎ᠠ》 ᠭᠡᠵᠤ ᠢᠯᠡᠳᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠠᠵᠢᠯ ᠲᠡᠭᠦᠰ ᠠᠮᠵᠢᠯᠲᠠ᠎ᠲᠠᠶ ᠰᠡᠬᠦᠯ ᠬᠤᠷᠢᠶᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠡᠬᠢᠯᠡᠯᠲᠡ ᠵᠢᠪᠠᠢᠷᠢᠯᠠᠭᠤᠯᠤᠬᠰᠠᠨ ᠵᠠᠩᠭᠢᠯᠠᠭ᠎ᠠ᠎ᠶ᠋ᠢᠨ ᠴᠡᠭ ᠲᠤ᠌᠂《ᠴᠠᠭᠠᠨ ᠰᠠᠷ᠎ᠠ᠎ᠶ᠋ᠢᠨ ᠠᠨᠭᠬᠠᠨ ᠤ᠋ ᠬᠤᠷᠠᠯ》 ᠨᠢ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠲᠣᠳᠣᠷᠬᠠᠢ ᠵᠠᠮ ᠱᠤᠭᠤᠮ ᠤ᠋ᠨ ᠵᠢᠷᠤᠭ ᠪᠠ ᠶᠡᠷᠦᠩᠬᠡᠢ ᠭᠠᠷᠳᠠᠴᠠ ᠬᠠᠩᠭᠠᠪᠠ᠂ ᠪᠥᠬᠥ᠌ ᠣᠷᠣᠨ᠎ᠤ ᠡᠮ ᠡᠮᠨᠡᠯᠭᠡ᠎ᠶ᠋ᠢᠨ ᠪᠠᠳᠤᠯᠠᠭ᠎ᠠ ᠵᠢᠨ ᠰᠠᠯᠠᠭ᠎ᠠ ᠮᠥᠴᠢᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》ᠠᠵᠢᠯ᠎ᠤᠨ ᠪᠠᠢᠷᠢᠯᠠᠭᠤᠯᠤᠯᠲᠠ᠎ᠯᠤᠭ᠎ᠠ ᠨᠢᠭ᠍ᠲᠠ ᠤᠶᠠᠯᠳᠤᠭᠤᠯᠤᠨ᠂ 《ᠱᠢᠪᠲᠤᠯᠤᠯᠲᠠ ᠬᠢᠬᠦ᠌》 ᠵᠣᠷᠢᠭ ᠰᠠᠨᠠᠭ᠎ᠠ᠂ 《ᠡᠭᠦᠳᠦᠨ ᠪᠦᠲᠦᠭᠡᠬᠦ᠌》 ᠡᠷᠴᠢ ᠵᠣᠷᠢᠭ᠂ 《ᠪᠤᠳᠠᠳᠠᠢ ᠠᠵᠢᠯᠯᠠᠬᠤ》 ᠰᠤᠷᠲᠠᠯ ᠢ᠋ ᠪᠠᠷᠢᠮᠳᠠᠯᠠᠵᠤ᠂ ᠡᠮ ᠡᠮᠨᠡᠯᠭᠡ ᠵᠢᠨ ᠲᠠᠭᠠᠳᠬᠠᠯ ᠤ᠋ᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠤ᠂ ᠦᠨᠳᠦᠰᠦᠨ ᠡᠮ ᠡᠮᠨᠡᠯᠭᠡ᠎ᠶ᠋ᠢᠨ ᠲᠠᠭᠠᠳᠬᠠᠯ ᠤ᠋ᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠶ ᠲᠥᠯᠥᠪᠵᠢᠭᠦᠯᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ; ᠣᠯᠠᠨ ᠳᠡᠰ ᠳᠠᠪᠬᠤᠷᠭ᠎ᠠ᠎ᠶ᠋ᠢᠨ ᠡᠮ ᠡᠮᠨᠡᠯᠭᠡ ᠵᠢᠨ ᠲᠠᠭᠠᠳᠬᠠᠯ ᠤ᠋ᠨ ᠱᠢᠰᠲ᠋ᠧᠮ᠎ᠢ ᠪᠦᠷᠢᠨᠱᠢᠭᠦᠯᠵᠦ᠍᠂ ᠣᠯᠠᠨ ᠲᠦᠮᠡᠨ᠎ᠦ ᠣᠯᠠᠨ ᠡᠱᠢᠵᠢᠭ᠌ᠰᠡᠨ ᠲᠠᠭᠠᠳᠬᠠᠯ ᠤ᠋ᠨ ᠬᠡᠷᠡᠭ᠌ᠴᠡᠭᠡ᠎ᠶ᠋ᠢ ᠬᠠᠩᠭᠠᠨ᠎ᠠ; ᠦᠷᠡᠵᠢᠯ᠎ᠦᠨ ᠳᠠᠭᠠᠳᠭᠠᠯ᠎ᠤᠨ ᠲᠦᠷᠢᠮ᠎ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠭᠡᠷ ᠪᠦᠯᠢ᠎ᠶ᠋ᠢᠨ ᠦᠷᠡᠵᠢᠯ᠎ᠦᠨ ᠵᠠᠷᠤᠳᠠᠯ᠎ᠤᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠦᠨ᠎ᠡ᠃ ᠪᠥᠬᠥ᠌ ᠣᠷᠣᠨ᠎ᠤ ᠡᠮ ᠡᠮᠨᠡᠯᠭᠡ ᠵᠢᠨ ᠪᠠᠳᠤᠯᠠᠭ᠎ᠠ ᠵᠢᠨ ᠰᠠᠯᠠᠭ᠎ᠠ ᠮᠥᠴᠢᠷ ᠦᠷᠭᠦᠯᠵᠢᠯᠡᠨ ᠪᠣᠳᠠᠲᠠᠶ ᠠᠵᠢᠯᠯᠠᠬᠤ ᠠᠷᠭ᠎ᠠ ᠬᠡᠮᠵᠢᠶ᠎ᠡ᠎ᠪᠡᠷ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠣᠷᠢᠭ᠎ᠠ ᠱᠤᠭᠤᠮ᠎ᠢ ᠪᠠᠲᠤ ᠴᠣᠭ᠍ᠴᠠᠯᠠᠵᠤ᠂ ᠨᠠᠷᠢᠯᠢᠭ ᠬᠠᠮᠢᠶᠠᠷᠤᠯᠲᠠ᠎ᠪᠠᠷ ᠡᠮ ᠡᠮᠨᠡᠯᠭᠡ ᠵᠢᠨ ᠳᠠᠭᠠᠳᠭᠠᠯ᠎ᠤᠨ ᠠᠵᠢᠯᠯᠠᠭᠠᠨ᠎ᠤ ᠰᠠᠭᠤᠷᠢ᠎ᠶ᠋ᠢ ᠪᠡᠬᠢᠵᠢᠭᠦᠯᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠨᠠᠩ ᠣᠯᠠᠨ ᠡᠮ ᠡᠮᠨᠡᠯᠭᠡ ᠵᠢᠨ ᠪᠠᠳᠤᠯᠠᠭ᠎ᠠ ᠵᠢᠨ ᠬᠦᠴᠦᠨ᠎ᠢ ᠨᠡᠮᠡᠷᠢᠯᠡᠨ᠎ᠡ ᠭᠡᠵᠤ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠤᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ᠎ᠦᠨ ᠠᠷᠠᠯᠵᠢᠶ᠎ᠠ ᠵᠢ ᠬᠢᠨᠠᠨ ᠲᠣᠭ᠍ᠲᠠᠭᠠᠬᠤ ᠭᠠᠵᠠᠷ᠎ᠤᠨ ᠳᠡᠳ᠋ ᠳᠠᠷᠤᠭ᠎ᠠ ᠯᠢᠦ ᠱᠤ᠌ ᠯᠢᠨ᠄ 《ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ ᠨᠢ 〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠡᠬᠢᠯᠡᠯᠲᠡ᠎ᠶ᠋ᠢᠨ ᠵᠢᠯ᠎ᠦᠨ ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠤᠭ᠍ᠰᠠᠨ ᠨᠢ ᠬᠥᠮᠦᠰ᠎ᠢ ᠲᠤᠢᠯ᠎ᠢᠶᠠᠷ ᠤᠷᠮᠠᠱᠢᠭᠤᠯᠵᠠᠢ᠃ ᠬᠤᠷᠠᠯ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 〈1571〉ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ ᠪᠣᠯᠤᠨ ᠣᠷᠣᠨ ᠪᠠᠢᠷᠢ᠎ᠶ᠋ᠢᠨ ᠳᠠᠪᠠᠭᠤᠯᠢᠭ᠎ᠲᠤ ᠰᠠᠭᠤᠷᠢᠯᠠᠭ᠍ᠰᠠᠨ᠎ᠢᠶᠠᠷ ᠪᠠᠷᠠᠬᠤ ᠥᠬᠡᠶ ᠪᠠᠰᠠ ᠬᠥᠭ᠌ᠵᠢᠯᠲᠡ᠎ᠶ᠋ᠢᠨ ᠳᠤᠲᠠᠭᠤᠳᠠᠯ᠎ᠳᠤ ᠱᠢᠭᠤᠳ ᠬᠠᠨᠳᠤᠵᠤ᠂ ᠪᠣᠭᠣᠮᠢ ᠪᠤᠯᠵᠤ ᠪᠠᠢᠭ᠎ᠠ ᠠᠰᠠᠭᠤᠳᠠᠯ ᠪᠠ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠡᠷᠴᠢ ᠵᠣᠷᠢᠭ᠎ᠢ ᠢᠯᠡᠷᠡᠭᠦᠯᠪᠡ᠃ ᠪᠢᠳᠡ ᠶᠡᠬᠡ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂〈ᠳᠦᠷᠢᠮᠵᠢᠭᠦᠯᠦᠯᠳᠠ᠂ ᠵᠢᠷᠤᠮᠵᠢᠭᠤᠯᠤᠯᠳᠠ᠂ ᠲᠣᠭᠠᠴᠢᠯᠠᠯᠳᠠ ᠤᠶᠤᠨᠴᠢᠯᠠᠯᠲᠠ〉 ᠪᠡᠷ ᠭᠠᠷᠳᠡᠴᠡ ᠪᠣᠯᠭᠠᠵᠤ᠂ ᠨᠢᠭᠡᠳᠦᠯᠲᠡᠢ ᠵᠢᠷᠤᠮᠵᠢᠭ᠍ᠰᠠᠨ᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠤᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠱᠢᠰᠲ᠋ᠧᠮ᠎ᠢ ᠪᠦᠷᠢᠨᠱᠢᠬᠦᠯᠵᠥ᠍᠂ ᠡᠯ᠎ᠡ ᠲᠦᠷᠦᠯ᠎ᠦᠨ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠤᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠠᠵᠢᠯᠯᠠᠭ᠎ᠠ᠎ᠳᠤ ᠡᠷᠬᠡ ᠲᠡᠭ᠌ᠰᠢ᠎ᠪᠡᠷ ᠣᠷᠣᠯᠴᠠᠬᠤ᠎ᠶ᠋ᠢ ᠬᠠᠤᠯᠢ ᠶᠣᠰᠣᠭᠠᠷ ᠪᠠᠲᠤᠯᠠᠵᠤ᠂ ᠠᠵᠤ ᠠᠬᠤᠢᠯᠠᠯ᠎ᠢ ᠥᠪᠥᠷ ᠮᠣᠩᠭᠣᠯ᠎ᠳᠤ ᠠᠵᠢᠯ ᠶᠠᠪᠤᠳᠠᠯ ᠭᠦᠢᠴᠡᠳᠭᠡᠬᠦ᠌᠎ᠳᠤ ᠤᠷᠤᠭ᠍ᠰᠢᠲᠠᠢ᠂ ᠪᠡᠯᠡ ᠣᠷᠣᠭᠤᠯᠬᠤ ᠳ᠋ᠤ ᠰᠠᠨᠠᠭ᠎ᠠ ᠠᠮᠤᠷ᠂ ᠡᠵᠡᠩᠨᠡᠯᠲᠡ ᠨᠢ ᠲᠠᠭᠠᠯᠠᠮᠵᠢᠲᠠᠢ᠂ ᠬᠥᠭ᠌ᠵᠢᠬᠦ ᠳ᠋ᠤ ᠠᠮᠤᠷ ᠲᠤᠬᠳᠠᠭᠤᠨ ᠪᠤᠯᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
《ᠬᠤᠷᠠᠯ᠎ᠡᠴᠡ ᠬᠥᠭ᠌ᠵᠢᠯᠲᠡ ᠪᠠ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠬᠦ᠌᠎ᠶ᠋ᠢ ᠴᠢᠩᠭ᠎ᠠ ᠠᠳᠭᠤᠬᠤ ᠢᠯᠡ ᠲᠣᠳᠣ ᠳᠣᠬᠢᠶ᠎ᠠ ᠵᠢ ᠲᠠᠮᠵᠢᠭᠤᠯᠵᠤ᠂ ᠪᠣᠳᠠᠲᠠᠶ ᠠᠵᠢᠯ᠎ᠤᠨ ᠱᠠᠭᠠᠷᠳᠠᠯᠭ᠎ᠠ᠎ᠶ᠋ᠢ ᠲᠣᠳᠣᠷᠬᠠᠢᠯᠠᠵᠤ᠂ ᠪᠢᠳᠡᠨ᠎ᠳᠦ ᠤᠷᠤᠭ᠍ᠰᠢᠯᠠᠬᠤ ᠴᠢᠭ᠌ᠯᠡᠯ᠎ᠢ ᠵᠢᠭᠠᠵᠤ ᠥᠭ᠌ᠴᠡᠶ》᠃ ᠬᠢᠩᠭᠠᠨ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠭᠦᠸᠧ ᠯᠢᠩ ᠶᠦᠨ᠂ ᠬᠢᠩᠭᠠᠨ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ《ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠠᠮᠠᠭᠠᠯᠠᠬᠤ ᠢᠨᠵᠧᠨᠧᠷᠢᠩ》 ᠢ᠋ ᠭᠦᠨᠵᠡᠭᠡᠶ ᠬᠡᠷᠡᠭ᠌ᠵᠢᠭᠦᠯᠵᠦ᠍᠂ 《ᠬᠡᠷᠡᠭ᠌ᠯᠡᠭᠡ᠎ᠶ᠋ᠢ ᠬᠠᠮᠠᠭᠠᠯᠠᠬᠤ》 ᠠᠵᠢᠯᠯᠠᠭ᠎ᠠ ᠵᠢ ᠥᠷᠨᠢᠭᠦᠯᠵᠦ᠍᠂ ᠵᠠᠰᠠᠵᠤ ᠴᠢᠮᠡᠭ᠌ᠯᠡᠬᠦ᠌᠂ ᠵᠢᠭᠤᠯᠴᠢᠯᠠᠯ ᠵᠡᠷᠭᠡ ᠠᠵᠢᠯ ᠲᠥᠷᠥᠯ᠎ᠦᠨ《ᠡᠵᠡᠷᠬᠡᠭ ᠵᠦᠢᠯ ᠵᠤᠷᠪᠤᠰ》 ᠢ᠋ ᠵᠠᠰᠠᠵᠤ᠂ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠡᠵᠡᠩᠨᠡᠯᠲᠡ᠎ᠶ᠋ᠢᠨ ᠡᠮᠬᠢ ᠲᠢᠭᠯᠢᠮ᠎ᠢ ᠪᠥᠬᠥ᠌ ᠬᠦᠴᠦᠨ᠎ᠢᠶᠡᠷ᠎ᠢᠶᠡᠨ ᠵᠢᠷᠤᠮᠵᠢᠭᠤᠯᠤᠨ᠎ᠠ; ᠡᠭᠦᠨ᠎ᠦ ᠬᠠᠮᠲᠤ ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠠᠮᠠᠭᠠᠯᠠᠬᠤ ᠲᠤᠬᠠᠢ ᠰᠠᠯᠠᠭ᠎ᠠ ᠮᠥᠴᠢᠷ᠎ᠦᠨ ᠬᠤᠭᠤᠷᠤᠨᠳᠤᠬᠢ ᠵᠣᠬᠢᠴᠠᠭᠤᠯᠬᠤ ᠲᠣᠭ᠍ᠲᠡᠴᠡ᠎ᠶ᠋ᠢ ᠪᠦᠷᠢᠨᠰᠢᠭᠦᠯᠵᠦ᠍᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠡ ᠭᠡᠵᠦ ᠢᠯᠡᠳᠭᠡᠪᠡ᠃
《 〈ᠴᠠᠭᠠᠨ ᠰᠠᠷ᠎ᠠ᠎ᠶ᠋ᠢᠨ ᠠᠨᠭᠬᠠᠨ᠎ᠤ ᠬᠤᠷᠠᠯ〉 ᠨᠢ ᠠᠵᠤ ᠠᠬᠤᠢ᠎ᠪᠠᠨ ᠬᠥᠭ᠌ᠵᠢᠭᠦᠯᠬᠦ᠌᠂ ᠬᠥᠭ᠌ᠵᠢᠯᠲᠡ᠎ᠶ᠋ᠢ ᠠᠬᠢᠭᠤᠯᠬᠤ ᠴᠢᠩᠭ᠎ᠠ ᠳᠤᠬᠢᠶ᠎ᠠ᠎ᠶ᠋ᠢ ᠳᠠᠮᠵᠢᠭᠤᠯᠵᠤ᠂ ᠮᠠᠨ᠎ᠤ ᠠᠵᠤ ᠠᠬᠤᠢᠯᠠᠯ᠎ᠤᠨ ᠠᠵᠢᠯ ᠬᠢᠵᠦ᠍ ᠦᠢᠯᠡᠰ ᠪᠤᠰᠭᠠᠬᠤ ᠢᠲᠡᠭᠡᠯ ᠵᠣᠷᠢᠭ᠎ᠢ ᠬᠥᠪᠴᠢᠯᠡᠵᠡᠢ!》 ᠴᠢᠩ ᠲᠤᠤ (ᠦᠬᠠᠶ)ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠶ ᠳᠠᠭᠠᠭᠠᠮᠠᠯ ᠯᠢ ᠭᠠᠩ᠂ 2026 ᠣᠨ᠎ᠳᠤ᠂ ᠮᠠᠨ᠎ᠤ ᠺᠣᠮᠫᠠᠨᠢ ᠨᠠᠨ ᠼᠧ ᠸᠧᠨ ᠠᠺᠠᠳᠧᠮᠢᠴᠢ᠎ᠶ᠋ᠢᠨ ᠠᠵᠢᠯᠯᠠᠬᠤ ᠥᠷᠲᠡᠭᠡ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠳᠠᠲᠤ ᠬᠦᠴᠦᠨ ᠪᠠ ᠴᠢᠩ ᠲᠤᠤ(ᠺᠦᠨ ᠱᠠᠨ)ᠡᠨᠧᠷᠭᠢ᠎ᠶ᠋ᠢᠨ ᠬᠥᠭ᠌ᠵᠢᠬᠦᠯᠦᠯᠲᠡ᠎ᠶ᠋ᠢᠨ ᠪᠦᠯᠦᠭ᠌ᠯᠡᠯᠬᠢᠵᠠᠭᠠᠷᠲᠤ ᠺᠣᠮᠫᠠᠨᠢ᠎ᠶ᠋ᠢᠨ ᠠᠵᠤ ᠦᠶ᠋ᠯᠡᠰ᠎ᠦᠨ ᠡᠬᠢ ᠪᠠᠶᠠᠯᠢᠭ᠎ᠲᠤ ᠭᠦᠶ᠋ᠴᠡᠳ ᠲᠦᠱᠢᠭ᠌ᠯᠡᠵᠦ᠍᠂ ᠬᠠᠲᠠᠭᠤ ᠲᠦᠯᠦᠪᠲᠦ ᠳ᠋ᠢᠶᠠᠨ ᡂᠢ ᠵᠢᠴᠢ ᠵᠠᠩᠭᠢᠯᠠᠭ᠎ᠠ᠎ᠶ᠋ᠢᠨ ᠭᠤᠤᠯᠯᠠᠬᠤ ᠮᠠᠲ᠋ᠧᠷᠢᠶᠠᠯ᠎ᠤᠨ ᠮᠡᠷᠭᠡᠵᠢᠯ᠎ᠦᠨ ᠪᠣᠭᠣᠮᠲᠠ ᠱᠢᠪᠲᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠷᠱᠢᠯᠲᠠ᠎ᠶ᠋ᠢᠨ ᠲᠠᠰᠤᠭ᠎ᠤᠨ ᠰᠤᠳᠤᠯᠤᠨ ᠨᠡᠭᠡᠭᠡᠯᠲᠡ᠎ᠡᠴᠡ ᠬᠡᠪᠴᠢᠶᠡᠵᠢᠭᠦᠯᠦᠨ ᠦᠶ᠋ᠯᠡᠳᠪᠦᠷᠢᠯᠡᠬᠦ᠌ ᠬᠦᠷᠲᠡᠯᠡᠬᠢ 《ᠡᠴᠦᠰ᠎ᠦᠨ ᠨᠢᠭᠡ ᠺᠢᠯᠣᠮᠧᠲ᠋ᠷ》 ᠢ᠋ ᠪᠥᠬᠥ᠌ ᠬᠦᠴᠦᠨ᠎ᠢᠶᠡᠷ᠎ᠢᠶᠡᠨ ᠨᠡᠪᠲᠡᠷᠡᠭᠦᠯᠵᠦ᠍᠂ ᠨᠠᠩ ᠣᠯᠠᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠪᠣᠳᠠᠲᠤ ᠦᠶ᠋ᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠶ᠋ᠢ ᠠᠬᠢᠭᠤᠯᠤᠨ᠎ᠠ ᠭᠡᠵᠡᠶ᠃
ᠰᠠᠯᠬᠢᠨ᠎ᠤ ᠡᠷᠴᠢᠨ᠎ᠳᠦ ᠳᠠᠷᠪᠠᠭᠤᠯ ᠬᠡᠢᠰᠭᠡᠨ ᠤᠷᠤᠭᠰᠢᠯᠠᠵᠤ᠂ ᠬᠤᠷᠳᠤᠨ ᠮᠤᠷᠢᠨ ᠳ᠋ᠤ ᠲᠠᠰᠢᠭᠤᠷ ᠨᠡᠮᠡᠵᠤ ᠱᠢᠨ᠎ᠡ ᠠᠶᠠᠨ᠎ᠢᠶᠠᠨ ᠡᠬᠢᠯᠡᠭᠦᠯᠦᠨ᠎ᠡ᠃ ᠲᠤᠰ ᠤᠳᠠᠭ᠎ᠠ᠎ᠶ᠋ᠢᠨ ᠶᠡᠬᠡ ᠬᠤᠷᠠᠯ ᠨᠢ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠴᠢᠭ᠌ᠯᠡᠯ᠎ᠢ ᠲᠣᠳᠣᠷᠬᠠᠢᠯᠠᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠠᠢ᠃ ᠣᠷᠣᠨ ᠳᠠᠶᠠᠭᠠᠷ᠎ᠢᠶᠠᠨ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠲᠡᠷᠢᠭᠦᠨ᠎ᠳᠦ ᠣᠷᠣᠬᠤ᠎ᠪᠠᠷ ᠡᠷᠡᠯᠬᠡᠭ᠌ᠯᠡᠨ ᠲᠡᠮᠡᠴᠡᠵᠦ᠍᠂ ᠬᠤᠷᠠᠯ᠎ᠤᠨ ᠵᠣᠷᠢᠭ ᠰᠠᠨᠠᠭ᠎ᠠ᠎ᠶ᠋ᠢ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠥᠭ᠌ᠵᠢᠯᠲᠡ᠎ᠶ᠋ᠢᠨ ᠰᠠᠢ᠌ᠨ ᠰᠠᠢᠬᠠᠨ ᠡᠬᠢᠯᠡᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠪᠡᠶᠡᠯᠡᠭᠦᠯᠦᠨ᠎ᠡ᠃