ᠯᠢᠦ ᠶᠠᠨ ᠪᠢᠩ ᠲᠥᠯᠥᠭᠡᠯᠡᠭ᠌ᠴᠢ᠄ ᠤᠷᠠᠨ ᠳᠠᠷᠬᠠᠨ᠎ᠤ ᠵᠤᠷᠢᠭ ᠰᠠᠨᠠᠭ᠎ᠠ ᠪᠡᠷ ᠣᠭ ᠰᠠᠨᠠᠭ᠎ᠠ᠎ᠪᠠᠨ ᠦᠶ᠋ᠯᠡᠳᠦᠯᠭᠡᠵᠢᠭᠦᠯᠵᠦ᠍ ᠵᠠᠯᠠᠭᠤ ᠨᠠᠰᠤᠨ᠎ᠤ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠨ᠎ᠡ
2026-02-26 09:27:54
ᠵᠣᠬᠢᠶᠠᠭ᠍ᠴᠢ᠄
ᠠᠨ᠎ᠶ᠌ᠢᠨ ᠳ᠋ᠦᠩ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 19᠎ᠤ᠋ ᠡᠳᠦᠷ᠂ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠭᠤᠷᠪᠠᠨ᠎ᠳᠤ᠂ ᠣᠯᠠᠩᠬᠢ ᠬᠥᠮᠦᠰ ᠪᠠᠶᠠᠷ᠎ᠤᠨ ᠡᠳᠦᠷ᠎ᠵᠢᠡᠨ ᠪᠠᠶᠠᠷ᠎ᠬᠦᠷ ᠲᠠᠢ ᠦᠨᠭᠭᠡᠷᠡᠭᠦᠯᠵᠦ ᠪᠠᠢᠬᠤ ᠦᠶ᠎ᠡ᠎ᠳᠦ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠤᠮᠠᠷᠠᠲᠤ᠎ᠶ᠋ᠢᠨ ᠬᠦᠨᠳᠦ ᠠᠵᠤ ᠦᠢᠯᠡᠳᠪᠦᠷᠢ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠲᠣᠭᠠᠴᠢᠯᠠᠭ᠍ᠰᠠᠨ ᠡᠵᠡᠮᠳᠡᠯ ᠮᠠᠱᠢᠨ᠎ᠦ ᠠᠵᠢᠯᠴᠢᠨ ᠯᠢᠦ ᠶᠠᠨ ᠪᠢᠩ ᠬᠠᠷᠢᠨ ᠦᠢᠯᠡᠳᠪᠦᠷᠢᠯᠡᠯ᠎ᠦᠨ ᠲᠠᠰᠤᠭ ᠪᠣᠯᠤᠨ ᠪᠠᠢᠴᠠᠭᠠᠨ ᠰᠤᠳᠤᠯᠤᠯᠲᠠ᠎ᠶ᠋ᠢᠨ ᠡᠮᠦᠨ᠎ᠡ ᠹᠷᠣᠨᠲ᠎ᠲᠤ ᠶᠠᠭᠠᠷᠠᠯᠳᠠᠢ ᠠᠵᠢᠯᠯᠠᠨ᠎ᠠ᠃ ᠲᠣᠨᠣᠭ᠍ᠯᠠᠯ ᠦᠢᠯᠡᠳᠬᠦ᠌ ᠦᠢᠯᠡᠰ᠎ᠦᠨ ᠡᠮᠦᠨ᠎ᠡ ᠹᠷᠣᠨᠲ᠎ᠡᠴᠡ ᠢᠷᠡᠭ᠌ᠰᠡᠨ ᠵᠠᠯᠠᠭᠤᠴᠤᠳ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠲᠡᠷᠡ ᠢᠮᠠᠭ᠍ᠲᠠ ᠤᠷᠠᠨ ᠳᠠᠷᠬᠠᠨ᠎ᠤ ᠵᠣᠷᠢᠭ ᠰᠠᠨᠠᠭ᠎ᠠ᠎ᠪᠠᠷ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ᠎ᠡ᠃

ᠥᠩᠭᠡᠷᠡᠭ᠌ᠰᠡᠨ ᠨᠢᠭᠡ ᠵᠢᠯ᠎ᠳᠦ᠂ ᠲᠡᠷᠡ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠳᠦᠭᠡᠨ ᠪᠠᠢᠭᠤᠯᠤᠯᠲᠠ᠂ ᠤᠢ ᠱᠢᠭᠤᠢ᠎ᠶ᠋ᠢᠨ ᠬᠠᠤᠯᠢ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠵᠢᠴᠢ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠢ ᠠᠬᠢᠭᠤᠯᠤᠭ᠍ᠰᠠᠨ ᠵᠡᠷᠭᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠷᠢᠳ ᠬᠣᠵᠢᠳ 8 ᠤᠳᠠᠭ᠎ᠠ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ᠎ᠳᠤ ᠣᠷᠣᠯᠴᠠᠪᠠ᠃ ᠤᠯᠠᠨ ᠤᠳᠠᠭ᠎ᠠ᠎ᠶ᠋ᠢᠨ ᠭᠦᠨᠵᠡᠭᠡᠢ ᠪᠠᠢᠴᠠᠭᠠᠨ ᠰᠤᠳᠤᠯᠤᠯᠲᠠ ᠨᠢ ᠲᠡᠭᠦᠨ᠎ᠢ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ ᠵᠢᠨ ᠲᠤᠬᠠᠢ ᠨᠡᠩ ᠬᠦᠨᠵᠡᠬᠡᠢ ᠤᠢᠯᠠᠭᠠᠯᠳᠠ ᠲᠠᠢ ᠪᠣᠯᠭᠠᠵᠠᠢ᠃ 《ᠦᠢᠯᠡᠳᠬᠦ᠌ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ ᠪᠣᠯ ᠮᠠᠨ᠎ᠤ ᠤᠯᠤᠰ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠤᠨ᠎ᠠ᠂ ᠲᠣᠨᠣᠭ᠍ᠯᠠᠯ ᠦᠢᠯᠡᠳᠬᠦ᠌ ᠦᠢᠯᠡᠰ᠎ᠦᠨ ᠬᠥᠭ᠌ᠵᠢᠯᠲᠡ ᠨᠢ ᠤᠯᠤᠰ᠎ᠤᠨ ᠠᠮᠤᠷ ᠲᠦᠪᠱᠢᠨ᠎ᠲᠡᠶ ᠬᠣᠯᠪᠣᠭ᠍ᠳᠠᠨ᠎ᠠ》᠃ ᠠᠵᠢᠯ ᠲᠦᠷᠦᠯ᠎ᠦᠨ ᠦᠢᠯᠡᠳᠦᠯᠭᠡ᠎ᠳᠦ ᠰᠠᠭᠤᠷᠢᠯᠠᠨ᠂ ᠯᠢᠦ ᠶᠠᠨ ᠪᠢᠩ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌᠂ ᠠᠵᠤ ᠦᠢᠯᠡᠰ᠎ᠦᠨ ᠬᠡᠯᠬᠢᠶ᠎ᠡ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠪᠠᠷ ᠰᠠᠨᠠᠭᠤᠯᠭ᠎ᠠ ᠳᠤᠷᠠᠳᠴᠤ᠌᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤ᠎ᠶ᠋ᠢ ᠣᠯᠤᠭ᠍ᠰᠠᠨ ᠪᠥᠭᠡᠳ ᠨᠠᠢᠳᠠᠪᠤᠷᠢᠵᠢᠭᠤᠯᠤᠯᠲᠠ᠎ᠶ᠋ᠢ ᠠᠬᠢᠭᠤᠯᠪᠠ᠃

ᠪᠥᠬᠥ᠌ ᠤᠯᠤᠰ᠎ᠤᠨ ᠬᠣᠶᠠᠷ ᠬᠤᠷᠠᠯ ᠤᠳᠠᠯ ᠥᠬᠡᠶ ᠬᠤᠷᠠᠯᠳᠤᠬᠤ ᠭᠡᠵᠦ᠍ ᠪᠠᠢᠭ᠎ᠠ ᠲᠠᠰᠢᠷᠠᠮ᠎ᠳᠦ᠂ ᠯᠢᠦ ᠶᠠᠨ ᠪᠢᠩ ᠨᠢᠭᠡ ᠵᠢᠯ᠎ᠦᠨ ᠲᠤᠷᠱᠢᠬᠢ ᠲᠤᠱᠢᠶᠠᠯ᠎ᠬᠠᠷᠢᠭᠤᠴᠠᠯᠭ᠎ᠠ ᠪᠠᠨ ᠭᠦᠶ᠋ᠴᠡᠳᠭᠡᠭ᠌ᠰᠡᠨ ᠣᠯᠤᠯᠲᠠ ᠲᠥᠷᠥᠭ᠌ᠳᠡᠯ᠎ᠢᠶᠡᠨ ᠡᠮᠬᠢᠯᠡᠵᠦ᠍᠂ ᠡᠮᠦᠨ᠎ᠡ ᠹᠷᠣᠨᠲ᠎ᠤᠨ ᠦᠶ᠋ᠯᠡᠳᠦᠯᠭᠡ ᠪᠣᠯᠤᠨ ᠪᠣᠳᠣᠯᠬᠢᠯᠠᠯ᠎ᠢᠶᠡᠨ ᠪᠣᠳᠠᠲᠠᠶ᠎ᠶ᠋ᠢ ᠡᠷᠬᠢᠮᠯᠡᠭ᠌ᠰᠡᠨ ᠰᠠᠨᠠᠭᠤᠯᠭ᠎ᠠ ᠪᠣᠯᠭᠠᠨ ᠬᠤᠪᠢᠷᠠᠭᠤᠯᠪᠠ᠃ ᠴᠢᠳᠠᠪᠤᠷᠢᠲᠠᠨ ᠪᠣᠯ ᠦᠢᠯᠡᠳᠬᠦ᠌ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢᠨ ᠵᠠᠩᠭᠢᠯᠠᠭ᠎ᠠ᠎ᠶ᠋ᠢᠨ ᠲᠤᠯᠭᠠᠭᠤᠷᠢᠯᠠᠯ ᠮᠥᠨ ᠭᠡᠳᠡᠭ᠎ᠢ ᠲᠡᠷᠡ ᠭᠦᠨᠵᠡᠭᠡᠢ ᠤᠢᠯᠠᠭᠠᠨ᠎ᠠ᠃ ᠡᠨᠡ ᠵᠢᠯ᠂ ᠲᠡᠷᠡ ᠡᠮᠦᠨ᠎ᠡ ᠹᠷᠣᠨᠲ᠎ᠤᠨ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠠᠢᠯᠢ᠎ᠶ᠋ᠢ ᠬᠠᠰᠤᠵᠤ ᠬᠡᠯᠲᠦᠷᠢᠭᠦᠯᠬᠦ᠌ ᠵᠡᠷᠭᠡ ᠤᠷᠮᠠᠱᠢᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠲᠤᠬᠠᠢ ᠰᠠᠨᠠᠭᠤᠯᠭ᠎ᠠ ᠳᠤᠷᠠᠳᠭᠤ᠎ᠪᠠᠷ ᠪᠡᠯᠡᠳᠭᠡᠵᠦ᠍᠂ ᠠᠵᠤ ᠦᠶ᠋ᠯᠡᠰ᠎ᠦᠨ ᠠᠵᠢᠯᠴᠢᠨ᠎ᠤ ᠠᠵᠢᠯ ᠮᠡᠷᠭᠡᠵᠢᠯ᠎ᠦᠨ ᠢᠷᠠᠭᠤ ᠠᠯᠳᠠᠷᠳᠤ ᠰᠡᠳᠭᠢᠯᠭᠡ ᠪᠣᠯᠤᠨ ᠨᠡᠢᠭᠡᠮ᠎ᠦᠨ ᠬᠠᠷᠢᠶᠠᠯᠠᠭ᠍ᠳᠠᠬᠤᠢ ᠲᠥᠷᠥᠭ᠌ᠳᠡᠯ᠎ᠢ ᠦᠨᠡᠨ ᠬᠦ᠌ ᠳᠡᠭᠡᠭ᠌ᠰᠢᠯᠡᠭᠦᠯᠵᠦ᠍᠂ ᠨᠠᠩ ᠣᠯᠠᠨ ᠵᠠᠯᠠᠭᠤ ᠴᠢᠳᠠᠪᠤᠷᠢᠲᠠᠨ᠎ᠢ ᠠᠵᠤ ᠦᠶ᠋ᠯᠡᠰ᠎ᠲᠦ ᠣᠷᠣᠯᠴᠠᠨ ᠮᠡᠷᠭᠡᠵᠢᠯ ᠰᠤᠳᠤᠯᠬᠤ ᠳᠤᠷᠠᠲᠠᠶ ᠪᠣᠯᠭᠠᠵᠤ᠂ ᠦᠶ᠋ᠯᠡᠳᠬᠦ᠌ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠴᠢᠳᠠᠪᠤᠷᠢᠲᠠᠨ᠎ᠤ ᠬᠥᠳᠡᠯᠭᠡᠬᠦ᠌ ᠬᠦᠴᠦᠨ ᠨᠡᠮᠡᠷᠢᠯᠡᠬᠦ᠌ ᠵᠢ ᠲᠠᠢᠴᠢᠯᠠᠬᠤ ᠪᠡᠷ ᠪᠤᠢ᠃

ᠨᠢᠭᠡ ᠲᠠᠯ᠎ᠠ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠪᠡᠷ ᠶᠠᠭᠠᠷᠠᠯᠲᠠᠶ ᠠᠵᠢᠯᠯᠠᠨ᠎ᠠ᠂ ᠨᠥᠭᠥᠭᠡ ᠲᠠᠯ᠎ᠠ᠎ᠪᠠᠷ ᠦᠶ᠋ᠯᠡᠳᠪᠦᠷᠢᠯᠡᠯ᠎ᠦᠨ ᠪᠠᠴᠢᠮ ᠲᠤᠯᠭᠠᠮ ᠡᠭᠦᠷᠭᠡ᠂ ᠪᠠᠢᠭᠤᠯᠭ᠎ᠠ ᠨᠢᠭᠡᠴᠢ᠎ᠶ᠋ᠢᠨ ᠭᠥᠯᠢᠶᠡᠨ ᠠᠪᠤᠭ᠍ᠰᠠᠨ ᠠᠷᠠᠳ᠎ᠤᠨ ᠬᠡᠷᠡᠭ᠌ᠯᠡᠭᠡᠨ᠎ᠦ ᠳᠡᠭᠡᠳᠦ ᠨᠠᠷᠢᠯᠢᠭ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠶ᠋ᠯᠡᠳᠬᠦᠨ ᠦᠶ᠋ᠯᠡᠳᠬᠦ᠌ ᠡᠭᠦᠷᠭᠡ᠎ᠶ᠋ᠢᠨ ᠡᠮᠦᠨ᠎ᠡ ᠯᠢᠦ ᠶᠠᠨ ᠪᠢᠩ ᠪᠦᠯᠬᠦᠮ ᠬᠠᠮᠳᠤ᠎ᠲᠡᠶ ᠪᠠᠨ ᠮᠥᠷᠥ᠍ ᠵᠡᠷᠭᠡᠴᠡᠨ ᠪᠠᠢᠯᠳᠤᠵᠤ᠂ ᠲᠤᠨᠤᠭᠯᠠᠯ᠎ᠤᠨ ᠮᠡᠷᠭᠡᠵᠢᠯ᠎ᠦᠨ ᠥᠭᠡᠷᠡᠴᠢᠯᠡᠯᠲᠡ ᠪᠣᠯᠤᠨ ᠤᠷ᠎ᠠ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠱᠠᠯᠠᠪᠳᠠᠨ ᠠᠬᠢᠭᠤᠯᠵᠤ᠂ 《ᠮᠢᠯᠢᠮᠧᠲᠷ ᠴᠦ᠍ ᠦᠯᠦ ᠵᠦᠷᠢᠭᠦᠯᠬᠦ》 ᠤᠷᠠᠨ ᠳᠠᠷᠬᠠᠨ᠎ᠤ ᠵᠣᠷᠢᠭ ᠰᠠᠨᠠᠭ᠎ᠠ᠎ᠪᠠᠷ ᠦᠶ᠋ᠯᠡᠳᠬᠦᠨ᠎ᠢᠶᠡᠨ ᠴᠢᠨᠠᠷ ᠰᠠᠢᠲᠠᠶ ᠲᠤᠱᠢᠶᠠᠬᠤ᠎ᠶ᠋ᠢ ᠦᠨᠡᠨ ᠬᠦ᠌ ᠪᠠᠲᠤᠯᠠᠪᠠ᠃ 《ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠣᠯ ᠡᠬᠦᠷᠬᠡ ᠮᠥᠨ᠂ ᠨᠡᠩ ᠴᠤ᠌ ᠬᠠᠷᠢᠭᠤᠴᠠᠯᠭ᠎ᠠ ᠮᠥᠨ》᠃ ᠲᠡᠷᠡ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ  ᠢᠷᠠᠭᠤ ᠠᠯᠳᠠᠷ ᠪᠣᠯᠬᠤ᠎ᠪᠠᠷ ᠪᠠᠷᠠᠬᠤ ᠥᠬᠡᠶ ᠨᠠᠩ ᠴᠤ᠌ ᠲᠦᠭ ᠲᠦᠮᠡᠨ ᠠᠵᠤ ᠦᠶ᠋ᠯᠡᠰ᠎ᠦᠨ ᠠᠵᠢᠯᠴᠢᠨ᠎ᠤ 《ᠣᠷᠣᠯᠠᠨ ᠥᠭᠦᠯᠡᠭ᠌ᠴᠢ》 ᠪᠠᠢᠵᠤ᠂ ᠨᠠᠩ ᠣᠯᠠᠨ ᠠᠵᠢᠯᠴᠢᠨ᠎ᠤ ᠬᠦᠰᠡᠯ ᠡᠷᠡᠮᠡᠯᠵᠡᠯ᠎ᠢ ᠶᠡᠬᠡ ᠬᠤᠷᠠᠯ ᠳᠡᠭᠡᠷ᠎ᠡ ᠲᠠᠮᠵᠢᠭᠤᠯᠬᠤ ᠬᠡᠷᠡᠭ᠌ᠲᠡᠶ ᠭᠡᠪᠡ᠃


[ᠰᠤᠷᠪᠤᠯᠵᠢᠯᠠᠭ᠍ᠴᠢ ᠵᠢᠨ ᠲᠡᠮᠳᠡᠭᠯᠡᠯ]

ᠦᠢᠯᠡᠳᠪᠦᠷᠢ ᠵᠢᠨ ᠲᠠᠰᠤᠭ᠎ᠲᠤ ᠠᠵᠢᠯᠯᠠᠬᠤ ᠡᠴᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠦᠷᠲᠡᠯ᠎ᠡ ᠤᠭ ᠰᠠᠨᠠᠭ᠎ᠠ ᠨᠢ ᠶᠠᠷᠦ ᠡᠴᠡ ᠬᠤᠪᠢᠷᠠᠭ᠎ᠠ ᠦᠭᠡᠢ᠃ ᠯᠢᠦ ᠶᠠᠨ ᠪᠢᠩ᠂ ᠡᠮᠦᠨ᠎ᠡ ᠹᠷᠣᠨᠲ᠎ᠤᠨ ᠮᠡᠷᠭᠡᠵᠢᠯ᠎ᠦᠨ ᠬᠣᠱᠢᠭᠤᠴᠢ ᠴᠡᠷᠢᠭ ᠪᠣᠯᠬᠤ ᠪᠥᠭᠡᠳ ᠪᠠᠰᠠ ᠴᠤ᠌ ᠠᠵᠢᠯᠴᠢᠨ ᠨᠥᠬᠥᠳ᠎ᠲᠡᠶ᠎ᠪᠡᠨ ᠰᠡᠳᠭᠢᠯ ᠵᠢᠷᠦᠬᠡ᠎ᠪᠡᠨ ᠬᠣᠯᠪᠣᠭ᠍ᠰᠠᠨ ᠳᠣᠲᠣᠨᠣ ᠬᠥᠮᠦᠨ ᠮᠥᠨ᠂ ᠨᠠᠩ ᠴᠤ᠌ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠠᠬᠢᠭᠤᠯᠤᠭ᠍ᠴᠢ ᠮᠥᠨ᠃ ᠲᠡᠷᠡ ᠵᠠᠯᠠᠭᠤ ᠨᠠᠰᠤ ᠪᠠᠨ ᠵᠤᠷᠢᠭᠤᠯᠤᠨ ᠴᠢᠷᠮᠠᠢᠨ ᠲᠡᠮᠡᠴᠡᠵᠦ᠍᠂ ᠡᠭᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ ᠪᠠᠨ ᠲᠤᠮᠤ ᠤᠯᠤᠰ᠎ᠤᠨ ᠰᠤᠳᠤᠨ ᠲᠤᠨᠤᠭᠯᠠᠯ᠎ᠢ ᠡᠭᠦᠳᠴᠦ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠵᠠᠮ ᠳᠡᠭᠡᠷ᠎ᠡ ᠦᠨᠳᠦᠰᠦᠨ ᠱᠠᠲᠤᠨ᠎ᠤ ᠰᠡᠳᠭᠢᠯ᠎ᠦᠨ ᠳᠠᠭᠤᠨ᠎ᠢ ᠳᠠᠮᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠬᠠᠷᠢᠭᠤᠴᠠᠯᠭ᠎ᠠ ᠡᠭᠦᠷᠭᠡᠯᠡᠯ᠎ᠢᠶᠡᠨ ᠪᠢᠴᠢᠭ᠌ᠯᠡᠵᠦ᠍᠂ ᠤᠯᠤᠰ᠎ᠤᠨ ᠬᠥᠭ᠌ᠵᠢᠯᠲᠡ᠎ᠳᠦ ᠦᠢᠯᠡᠴᠢᠯᠡᠬᠦ᠌᠂ ᠠᠵᠤ ᠦᠢᠯᠡᠰ᠎ᠦᠨ ᠲᠡᠰ ᠳᠡᠪᠱᠢᠬᠦ᠌᠎ᠳᠦ ᠬᠦᠴᠦᠨ ᠨᠡᠮᠡᠷᠢᠯᠡᠬᠦ᠌ ᠠᠶᠠᠨ᠎ᠳᠤ ᠵᠠᠯᠠᠭᠤ ᠨᠠᠰᠤᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠵᠦ ᠶᠠᠪᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号