ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠳᠠᠷᠠᠭᠠᠬᠢ ᠵᠠᠰᠠᠭ᠎ᠤᠨ ᠣᠷᠳᠣᠨ᠎ᠤ ᠠᠵᠢᠯ᠎ᠢ ᠱᠠᠯᠠᠪᠳᠠᠨ ᠰᠠᠢᠲᠤᠷ ᠬᠢᠬᠦ᠌ ᠲᠤᠬᠠᠶ ᠪᠠᠢᠷᠢᠯᠠᠭᠤᠯᠤᠯᠲᠠ ᠬᠢᠵᠤ ᠪᠤᠭᠤᠷᠤᠯᠴᠤᠳ᠎ᠤᠨ ᠠᠵᠤ ᠠᠬᠤᠶ ᠪᠣᠯᠤᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠥᠭ᠌ᠵᠢᠯᠲᠡ᠎ᠶ᠋ᠢ ᠠᠬᠢᠭᠤᠯᠬᠤ ᠬᠣᠯᠪᠣᠭ᠍ᠳᠠᠯ ᠪᠥᠬᠥᠶ ᠠᠵᠢᠯ᠎ᠢ ᠰᠤᠳᠤᠯᠪᠠ
《ᠦᠨᠳᠦᠰᠦᠨ ᠱᠠᠲᠤᠨ᠎ᠤ ᠭᠠᠯ ᠰᠡᠷᠭᠡᠢᠯᠡᠬᠦ ᠭᠠᠯ ᠤᠨᠲᠠᠷᠠᠭᠠᠬᠤ ᠠᠵᠢᠯ᠎ᠢ ᠴᠢᠩᠭᠠᠳᠭᠠᠬᠤ ᠲᠤᠬᠠᠢ ᠰᠠᠨᠠᠯ》 ᠢ᠋ ᠬᠢᠨᠠᠨ ᠵᠥᠪᠯᠡᠵᠦ᠍ ᠪᠠᠲᠤᠯᠠᠨ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠰᠣᠠᠤ ᠬᠠᠤᠯᠢ (ᠵᠠᠰᠠᠪᠤᠷᠢ ᠣᠷᠣᠭᠤᠯᠬᠤ ᠲᠥᠰᠦᠯ)》 ᠵᠢ ᠶᠠᠷᠢᠯᠴᠠᠪᠠ
ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠶᠡᠷᠦᠩᠬᠡᠶ ᠰᠠᠢᠳ ᠯᠢ ᠴᠢᠶᠠᠩ 2 ᠰᠠᠷ᠎ᠠ᠎ᠶ᠋ᠢᠨ 24 ᠤ᠋ ᠡᠳᠦᠷ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠪᠠᠢᠩᠭᠤ᠎ᠶ᠋ᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠳᠠᠷᠠᠭᠠᠬᠢ ᠵᠠᠰᠠᠭ᠎ᠤᠨ ᠣᠷᠳᠣᠨ᠎ᠤ ᠠᠵᠢᠯ᠎ᠢ ᠱᠠᠯᠠᠪᠳᠠᠨ ᠰᠠᠢᠲᠤᠷ ᠬᠢᠬᠦ᠌ ᠲᠤᠬᠠᠶ ᠪᠠᠢᠷᠢᠯᠠᠭᠤᠯᠤᠯᠲᠠ ᠬᠢᠪᠠ᠃ ᠬᠤᠷᠠᠯ ᠡᠴᠡ᠂ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠡᠯ᠎ᠡ ᠰᠠᠯᠠᠭ᠎ᠠ ᠮᠥᠴᠢᠷ᠎ᠦᠨ ᠬᠢᠨ ᠬᠠᠷᠢᠭᠤᠴᠠᠯᠭᠠᠲᠤ ᠰᠡᠳᠭᠢᠯᠭᠡ ᠲᠤᠯᠭᠠᠮ ᠪᠤᠳᠤᠯ᠎ᠢᠶᠠᠨ ᠤᠯᠠᠮ ᠨᠢᠭᠡ ᠠᠯᠬᠤᠮ ᠴᠢᠩᠭᠠᠳᠭᠠᠵᠤ᠂ ᠪᠦᠬᠦ᠌ ᠵᠢᠯ᠎ᠦᠨ ᠬᠠᠷᠠᠯᠲᠠ ᠡᠭᠦᠷᠭᠡ᠎ᠳᠦ ᠴᠢᠭ᠌ᠯᠡᠭᠦᠯᠵᠦ᠍᠂ ᠦᠳᠲᠡᠷ ᠲᠦᠷᠭᠡᠨ ᠠᠵᠢᠯ᠎ᠤᠨ ᠪᠠᠢᠳᠠᠯ᠎ᠳᠠᠭᠠᠨ ᠣᠷᠣᠵᠤ᠂ ᠨᠠᠮ᠎ᠤᠨ ᠲᠥᠪ ᠬᠤᠷᠢᠶ᠎ᠠ᠎ᠶᠢᠨ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠢ᠃ ᠢᠯᠠᠩᠭᠤᠶ᠎ᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠪᠣᠳᠠᠲᠠᠢ ᠡᠴᠡ ᠡᠭᠦᠰᠭᠦ᠂ ᠵᠢᠮ᠎ᠡ ᠶᠣᠰᠣ᠎ᠪᠠᠷ ᠠᠵᠢᠯᠯᠠᠬᠤ᠎ᠶ᠋ᠢ ᠪᠠᠷᠢᠮᠲᠠᠯᠠᠨ᠂ ᠤᠬᠠᠮᠰᠠᠷ ᠡᠴᠡ᠎ᠪᠠᠨ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ ᠬᠡᠷᠡᠭ᠌ᠲᠡᠢ᠃ ᠭᠣᠣᠯᠳᠠᠯᠭ᠎ᠠ᠎ᠲᠠᠶ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠬᠦᠴᠦᠯᠡᠨ ᠰᠠᠢᠲᠤᠷ ᠠᠳᠭᠤᠵᠤ᠂ ᠲᠤᠱᠢᠶᠠᠯ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠦᠴᠦᠨ᠎ᠢᠶᠡᠨ ᠲᠦᠷᠭᠡᠨ ᠵᠣᠬᠢᠶᠠᠨ ᠪᠠᠢᠭᠤᠯᠵᠤ᠂ ᠠᠵᠢᠯ᠎ᠢᠶᠠᠨ ᠭᠦᠨᠵᠡᠭᠡᠢ ᠰᠤᠳᠤᠯᠤᠨ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ᠃ ᠱᠢᠨ᠎ᠡ᠎ᠶ᠋ᠢ ᠡᠭᠦᠳᠬᠦ᠌ ᠰᠡᠳᠭᠢᠴᠡ᠎ᠪᠡᠷ ᠬᠠᠮᠢᠶᠠᠷᠤᠯᠲᠠ ᠪᠣᠯᠤᠨ ᠦᠢᠯᠡᠴᠢᠯᠡᠭᠡ᠎ᠪᠡᠨ ᠱᠢᠯᠢᠳᠡᠭ᠌ᠵᠢᠭᠦᠯᠵᠦ᠍᠂ ᠣᠷᠣᠨ ᠨᠤᠲᠤᠭ ᠪᠣᠯᠤᠨ ᠠᠵᠤ ᠠᠬᠤᠢᠯᠠᠯ᠎ᠤᠨ ᠱᠢᠨ᠎ᠡ ᠨᠡᠮᠡᠭ᠌ᠳᠡᠯ᠎ᠦᠨ ᠴᠡᠭ᠎ᠢ ᠢᠳᠡᠪᠬᠢᠲᠡᠢ ᠰᠦᠪᠡᠭ᠌ᠴᠢᠯᠡᠨ ᠪᠠᠢᠭᠤᠯᠵᠤ᠂ ᠡᠮᠦᠨ᠎ᠡ ᠹᠷᠣᠨᠲ᠎ᠲᠤ ᠢᠯᠡᠭᠦᠬᠡᠨ ᠬᠦᠷᠴᠦ᠍ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ ᠪᠣᠯᠤᠨ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯᠡᠰ᠎ᠢ ᠣᠢᠯᠠᠭᠠᠵᠤ᠂ ᠨᠡᠩ ᠤᠯᠠᠨ ᠬᠠᠨᠳᠤᠯᠭᠠᠲᠤ ᠴᠢᠨᠠᠷᠲᠠᠢ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ ᠠᠪᠴᠤ᠌᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠲᠠᠰᠤᠷᠠᠯᠳᠠ ᠦᠭᠡᠢ ᠬᠥᠭ᠌ᠵᠢᠭᠡᠵᠦ᠍᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠬᠤᠷᠠᠯ ᠡᠴᠡ ᠪᠤᠭᠤᠷᠤᠯᠴᠤᠳ᠎ᠤᠨ ᠠᠵᠤ ᠠᠬᠤᠶ ᠪᠣᠯᠤᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠥᠭ᠌ᠵᠢᠯᠲᠡ᠎ᠶ᠋ᠢ ᠠᠬᠢᠭᠤᠯᠬᠤ ᠬᠣᠯᠪᠣᠭ᠍ᠳᠠᠯ ᠪᠥᠬᠥᠶ ᠠᠵᠢᠯ᠎ᠢ ᠰᠤᠳᠤᠯᠪᠠ᠃ ᠬᠤᠷᠠᠯ ᠡᠴᠡ᠂ ᠮᠠᠨ᠎ᠤ ᠤᠯᠤᠰ᠎ᠤᠨ ᠪᠤᠭᠤᠷᠤᠯᠴᠤᠳ᠎ᠤᠨ ᠠᠵᠤ ᠠᠬᠤᠶ᠎ᠶ᠋ᠢᠨ ᠳᠠᠯᠳᠠ ᠬᠦᠴᠦᠨ ᠮᠠᠰᠢ ᠶᠡᠬᠡ ᠪᠠᠢᠨ᠎ᠠ᠂ ᠳᠡᠮᠵᠢᠬᠦ᠌ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠨ᠂ ᠨᠠᠰᠤᠵᠢᠯ᠎ᠤᠨ ᠠᠰᠠᠷᠠᠮᠵᠢ᠎ᠶ᠋ᠢᠨ ᠠᠵᠢᠯ ᠦᠶ᠋ᠯᠡᠰ ᠪᠠ ᠨᠠᠰᠤᠵᠢᠯ᠎ᠤᠨ ᠠᠰᠠᠷᠠᠮᠵᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠵᠤ᠂ ᠬᠦᠮᠦᠨ ᠠᠮᠠ ᠵᠢᠨ ᠨᠠᠰᠤᠵᠢᠯ᠎ᠢ ᠠᠷᠭᠠᠴᠠᠭᠠᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭ᠌ᠲᠡᠶ᠃ ᠪᠤᠭᠤᠷᠤᠯᠴᠤᠳ᠎ᠤᠨ ᠬᠡᠷᠡᠭ᠌ᠯᠡᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠤᠯᠠᠮ ᠨᠢᠭᠡ ᠠᠯᠬᠤᠮ ᠬᠥᠭ᠌ᠵᠢᠭᠡᠵᠦ᠍᠂ ᠬᠡᠷᠡᠭ᠌ᠯᠡᠭᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠬᠡᠷᠡᠭ᠌ᠯᠡᠭᠡ᠎ᠶ᠋ᠢᠨ ᠨᠥᠬᠥᠪᠥᠷᠢ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠪᠠᠳᠠᠷᠠᠭᠤᠯᠵᠤ᠂ ᠪᠤᠭᠤᠷᠤᠯᠴᠤᠳ᠎ᠤᠨ ᠬᠡᠷᠡᠭ᠌ᠯᠡᠭᠡ᠎ᠶ᠋ᠢᠨ ᠨᠢᠭᠡ ᠪᠦᠯᠦᠭ ᠱᠢᠨ᠎ᠡ ᠪᠠᠢᠳᠠᠯ ᠱᠢᠨ᠎ᠡ ᠡᠵᠡᠩᠨᠡᠯᠲᠡ᠎ᠶ᠋ᠢᠨ ᠬᠡᠯᠪᠡᠷᠢ ᠵᠢ ᠪᠣᠶ ᠪᠣᠯᠭᠠᠬᠤ ᠬᠡᠷᠡᠭ᠌ᠲᠡᠶ᠃ ᠲᠦᠭᠡᠮᠡᠯ ᠬᠠᠷᠠᠭᠠᠯᠵᠠᠯᠲᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠠᠬᠢᠭᠤᠯᠵᠤ᠂ ᠲᠠᠰ ᠲᠥᠷᠥᠯ ᠬᠤᠪᠢᠶᠠᠭ᠍ᠰᠠᠨ᠂ ᠲᠦᠭᠡᠮᠡᠯ ᠬᠠᠷᠠᠭᠠᠯᠵᠠᠯᠲᠤ ᠬᠦᠷᠳᠡᠵᠦ ᠪᠤᠯᠬᠤᠢᠴᠠ᠂ ᠬᠣᠲᠠ ᠬᠥᠳᠡᠭᠡ᠎ᠶ᠋ᠢ ᠬᠠᠮᠤᠷᠤᠭ᠍ᠰᠠᠨ᠂ ᠦᠷᠭᠦᠯᠵᠢᠯᠡᠨ ᠬᠥᠭ᠌ᠵᠢᠭ᠌ᠰᠡᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠪᠦᠷᠢᠨᠱᠢᠭᠦᠯᠵᠦ᠍᠂ ᠥᠲᠡᠯᠪᠡᠯ ᠭᠥᠷᠳᠡᠬᠦ᠌ ᠠᠰᠠᠷᠠᠮᠵᠢ᠎ᠲᠠᠶ ᠪᠠᠢᠬᠤ᠎ᠶ᠋ᠢ ᠨᠠᠩ ᠰᠠᠢᠲᠤᠷ ᠪᠠᠲᠤᠯᠠᠬᠤ ᠬᠡᠷᠡᠭ᠌ᠲᠡᠶ᠃ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠎ᠶ᠋ᠢᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠴᠢᠩᠭᠠᠳᠭᠠᠵᠤ᠂ ᠠᠶᠤᠯ ᠲᠦᠭ᠌ᠰᠢᠭᠦᠷᠢ ᠬᠡᠮ ᠰᠣᠭᠣᠭ᠎ᠢ ᠴᠠᠭ ᠲᠤᠬᠠᠶ᠎ᠳᠤᠨᠢ ᠪᠠᠢᠴᠠᠭᠠᠨ ᠱᠢᠶ᠋ᠳᠪᠦᠷᠢᠯᠡᠵᠦ᠍᠂ ᠬᠤᠳᠠᠯ ᠬᠠᠭᠤᠷᠮᠠᠭ ᠤᠬᠠᠭᠤᠯᠭ᠎ᠠ ᠬᠢᠬᠦ᠌᠂ ᠬᠠᠤᠯᠢ ᠪᠤᠰᠤ ᠪᠠᠷ ᠪᠠᠯᠠ ᠴᠤᠭ᠍ᠯᠠᠭᠤᠯᠬᠤ ᠪᠠ ᠨᠠᠰᠤᠵᠢᠯ᠎ᠤᠨ ᠠᠰᠠᠷᠠᠮᠵᠢ᠎ᠶᠢᠨ ᠮᠡᠬᠡᠯᠡᠯ ᠵᠡᠷᠭᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠨᠠᠰᠤᠲᠠᠢᠴᠤᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠬᠤᠷᠠᠯ ᠡᠴᠡ 《ᠦᠨᠳᠦᠰᠦᠨ ᠱᠠᠲᠤᠨ᠎ᠤ ᠭᠠᠯ ᠰᠡᠷᠭᠡᠢᠯᠡᠬᠦ ᠭᠠᠯ ᠤᠨᠲᠠᠷᠠᠭᠠᠬᠤ ᠠᠵᠢᠯ᠎ᠢ ᠴᠢᠩᠭᠠᠳᠭᠠᠬᠤ ᠲᠤᠬᠠᠢ ᠰᠠᠨᠠᠯ》 ᠢ᠋ ᠬᠢᠨᠠᠨ ᠵᠥᠪᠯᠡᠵᠦ᠍ ᠪᠠᠲᠤᠯᠠᠪᠠ᠃ ᠬᠤᠷᠠᠯ ᠡᠴᠡ᠂ ᠦᠨᠳᠦᠰᠦᠨ ᠱᠠᠲᠤ ᠭᠠᠯ᠎ᠤᠨ ᠭᠠᠮᠱᠢᠭ᠎ᠢ ᠰᠡᠷᠭᠡᠢᠯᠡᠨ ᠡᠵᠡᠮᠳᠡᠬᠦ᠌ ᠨᠢᠭᠡᠳᠦᠭᠡᠷ ᠹᠷᠣᠨᠲ᠂ ᠬᠦᠨᠳᠦ ᠶᠡᠬᠡ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠬᠠᠮᠤᠭ᠎ᠤᠨ ᠡᠮᠦᠨ᠎ᠡ ᠹᠷᠣᠨᠲ᠎ᠲᠤ ᠣᠷᠣᠱᠢᠵᠤ ᠪᠠᠢᠨ᠎ᠠ᠂ ᠰᠡᠷᠭᠡᠢᠯᠡᠬᠦ᠌᠎ᠪᠡᠷ ᠭᠤᠤᠯ ᠪᠣᠯᠭᠠᠬᠤ᠂ ᠰᠡᠷᠭᠡᠢᠯᠡᠬᠦ᠌ ᠤᠨᠲᠠᠷᠠᠭᠠᠬᠤ᠎ᠶ᠋ᠢ ᠤᠶᠠᠯᠳᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ᠎ᠢᠶᠠᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠦᠨᠳᠦᠰᠦᠨ ᠱᠠᠲᠤᠨ᠎ᠤ ᠭᠠᠯ ᠰᠡᠷᠭᠡᠢᠯᠡᠬᠦ ᠭᠠᠯ ᠤᠨᠲᠠᠷᠠᠭᠠᠬᠤ ᠠᠮᠤᠷ ᠲᠦᠪᠱᠢᠨ᠎ᠦ ᠵᠠᠰᠠᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠬᠦ᠌ ᠬᠡᠷᠡᠭ᠌ᠲᠡᠶ᠃ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠪᠠᠢᠷᠢᠱᠢᠯ᠎ᠢ ᠪᠦᠷᠢᠯᠳᠦᠭᠦᠯᠵᠦ᠍᠂ ᠦᠨᠳᠦᠰᠦᠨ ᠱᠠᠲᠤᠨ᠎ᠤ ᠭᠠᠯ ᠰᠡᠷᠭᠡᠢᠯᠡᠬᠦ ᠭᠠᠯ ᠤᠨᠲᠠᠷᠠᠭᠠᠬᠤ ᠬᠢᠨᠠᠯᠲᠠ ᠪᠠᠢᠴᠠᠭᠠᠯᠲᠠ᠎ᠶ᠋ᠢ ᠴᠢᠩᠭᠠᠳᠭᠠᠵᠤ᠂ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》 ᠵᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠭᠠᠯ᠎ᠤᠨ ᠭᠠᠮᠱᠢᠭ᠎ᠢ ᠰᠡᠷᠭᠡᠢᠯᠡᠨ ᠡᠵᠡᠮᠳᠡᠬᠦ᠌ ᠰᠠᠭᠤᠷᠢ᠎ᠶ᠋ᠢ ᠪᠦᠬᠦ᠌ ᠲᠠᠯ᠎ᠠ᠎ᠪᠠᠷ ᠪᠡᠬᠢᠵᠢᠭᠦᠯᠬᠦ᠌ ᠬᠡᠷᠡᠭ᠌ᠲᠡᠢ᠃ ᠭᠠᠯ ᠰᠡᠷᠭᠡᠢᠯᠡᠬᠦ ᠭᠠᠯ ᠤᠨᠲᠠᠷᠠᠭᠠᠬᠤ ᠠᠮᠤᠷ ᠲᠦᠪᠱᠢᠨ᠎ᠦ ᠠᠷᠠᠳ ᠲᠦᠮᠡᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠵᠤ᠂ ᠭᠠᠯ ᠰᠡᠷᠭᠡᠢᠯᠡᠬᠦ ᠭᠠᠯ ᠤᠨᠲᠠᠷᠠᠭᠠᠬᠤ ᠠᠮᠤᠷ ᠲᠦᠪᠱᠢᠨ᠎ᠦ ᠮᠡᠳᠡᠯᠭᠡ᠎ᠶ᠋ᠢ ᠥᠷᠭᠡᠨ᠎ᠢᠶᠡᠷ ᠤᠬᠠᠭᠤᠯᠤᠨ ᠲᠦᠭᠡᠮᠡᠯᠵᠢᠭᠦᠯᠵᠦ᠍᠂ ᠭᠣᠣᠯᠳᠠᠯᠭ᠎ᠠ᠎ᠲᠠᠶ ᠬᠥᠮᠦᠰ᠎ᠲᠦ ᠴᠢᠭ᠌ᠯᠡᠭᠦᠯᠦᠨ ᠪᠠᠴᠢᠮ ᠪᠠᠢᠳᠠᠯ᠎ᠢ ᠠᠷᠭᠠᠴᠠᠭᠠᠨ ᠲᠠᠷᠬᠠᠭᠠᠬᠤ ᠰᠣᠷᠢᠯᠲᠠ᠎ᠶ᠋ᠢ ᠪᠠᠢᠩᠭᠤ ᠥᠷᠨᠢᠭᠦᠯᠵᠦ᠍᠂ ᠤᠯᠠᠨ ᠨᠡᠢᠲᠡ᠎ᠶ᠋ᠢᠨ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠤᠬᠠᠮᠰᠠᠷ ᠪᠣᠯᠤᠨ ᠥᠪᠡᠷ᠎ᠢ᠎ᠪᠡᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠬᠤᠷᠠᠯ ᠡᠴᠡ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠰᠣᠠᠤ ᠬᠠᠤᠯᠢ (ᠵᠠᠰᠠᠪᠤᠷᠢ ᠣᠷᠣᠭᠤᠯᠬᠤ ᠲᠥᠰᠦᠯ)》 ᠵᠢ ᠶᠠᠷᠢᠯᠴᠠᠨ ᠵᠠᠷᠴᠢᠮ ᠳᠡᠭᠡᠷ᠎ᠡ ᠪᠠᠨ ᠪᠠᠲᠤᠯᠠᠵᠤ᠂ ᠲᠥᠰᠦᠯ᠎ᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ ᠳᠡᠪᠱᠢᠭᠦᠯᠵᠦ᠍ ᠬᠢᠨᠠᠨ ᠶᠠᠷᠢᠯᠴᠠᠭᠤᠯᠬᠤ᠎ᠪᠠᠷ ᠲᠣᠭ᠍ᠲᠠᠪᠠ᠃ ᠬᠤᠷᠠᠯ ᠡᠴᠡ᠂ ᠱᠢᠨ᠎ᠡ ᠴᠠᠭ ᠦᠶ᠎ᠡ᠎ᠶ᠋ᠢᠨ ᠤᠰᠤ᠎ᠶ᠋ᠢ ᠵᠠᠰᠠᠬᠤ ᠰᠡᠳᠭᠢᠴᠡ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠰᠲ᠋ᠧᠮ᠎ᠦᠨ ᠣᠢᠯᠠᠭᠠᠭ᠍ᠳᠠᠬᠤᠨ ᠪᠣᠯᠤᠨ ᠬᠠᠤᠯᠢ ᠪᠡᠷ ᠵᠠᠰᠠᠬᠤ ᠰᠡᠳᠭᠢᠬᠦᠶ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠰᠠᠯᠠᠭ᠎ᠠ ᠮᠥᠴᠢᠷ ᠬᠠᠮᠵᠢᠯᠴᠠᠬᠤ᠂ ᠳᠡᠭᠡᠳᠦ ᠳᠤᠤᠷᠠᠳᠤ ᠱᠠᠲᠤ ᠬᠣᠯᠪᠣᠭᠠᠯᠠᠨ ᠬᠥᠳᠡᠯᠦᠯᠴᠡᠬᠦ᠌᠂ ᠣᠷᠣᠨ ᠪᠦᠰᠡ ᠬᠠᠮᠲᠤ᠎ᠪᠠᠷ ᠵᠠᠰᠠᠬᠤ᠎ᠶ᠋ᠢ ᠴᠢᠩᠭᠠᠳᠭᠠᠵᠤ᠂ ᠤᠰᠤᠨ᠎ᠤ ᠡᠬᠢ ᠪᠠᠶᠠᠯᠢᠭ᠎ᠢ ᠬᠠᠮᠠᠭᠠᠯᠠᠬᠤ᠂ ᠨᠡᠭᠡᠭᠡᠨ ᠬᠥᠭ᠌ᠵᠢᠭᠦᠯᠬᠦ᠌᠂ ᠠᠱᠢᠭ᠍ᠯᠠᠬᠤ᠂ ᠠᠷᠪᠢᠯᠠᠬᠤ ᠵᠢᠴᠢ ᠤᠰᠤᠨ᠎ᠤ ᠬᠥᠨᠥᠭᠡᠯ᠎ᠢ ᠰᠡᠷᠭᠡᠢᠯᠡᠨ ᠵᠠᠰᠠᠬᠤ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠨᠠᠩ ᠬᠦᠴᠦᠲᠡᠶ ᠤᠰᠤᠨ᠎ᠤ ᠠᠮᠤᠷ ᠲᠦᠪᠱᠢᠨ᠎ᠦ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃
ᠬᠤᠷᠠᠯ᠎ᠠᠴᠠ ᠪᠠᠰᠠ ᠪᠤᠰᠤᠳ ᠵᠦᠢᠯ᠎ᠢ ᠰᠤᠳᠤᠯᠵᠠᠢ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 2 ᠰᠠᠷ᠎ᠠ᠎ᠶ᠋ᠢᠨ 24 ᠤ᠋ ᠴᠠᠬᠢᠯᠭᠠᠨ ᠮᠡᠳᠡᠭᠡ)