ᠼᠠᠢ ᠴᠢ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠤ ᠯᠢ ᠰᠢ ᠬᠤᠷᠠᠯ᠎ᠳᠤ ᠣᠷᠣᠯᠴᠠᠨ ᠶᠠᠷᠢᠶ᠎ᠠ ᠲᠠᠯᠪᠢᠪᠠ
ᠲᠥᠪ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ 24᠎ᠤ᠋ ᠡᠳᠦᠷ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠰᠤᠳᠤᠯᠤᠨ ᠪᠠᠢᠷᠢᠯᠠᠭᠤᠯᠪᠠ᠃ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠪᠠᠢᠩᠭᠤ᠎ᠶᠢᠨ ᠭᠡᠰᠢᠭᠦᠨ᠂ ᠲᠥᠪ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠳᠠᠷᠤᠭ᠎ᠠ ᠼᠠᠢ ᠴᠢ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠪᠠᠢᠩᠭᠤ᠎ᠶᠢᠨ ᠭᠡᠰᠢᠭᠦᠨ᠂ ᠲᠥᠪ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠳᠡᠳ᠋ ᠳᠠᠷᠤᠭ᠎ᠠ ᠯᠢ ᠰᠢ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃
ᠬᠤᠷᠠᠯ᠎ᠡᠴᠡ᠂ ᠪᠦᠬᠦ ᠨᠠᠮ᠎ᠤᠨ ᠬᠡᠪᠴᠢᠶᠡᠨ᠎ᠳᠦ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠨᠢ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠭᠦᠳᠡ ᠬᠤᠷᠠᠯ᠎ᠤᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠭᠠᠬᠤ ᠵᠢ ᠪᠠᠲᠤᠯᠠᠬᠤ ᠵᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠨᠠᠮ᠎ᠤᠨ ᠦᠨᠳᠦᠰᠦᠨ ᠵᠣᠷᠢᠯᠲᠠ᠎ᠶᠢ ᠦᠢᠯᠡᠳᠦᠯᠭᠡᠵᠢᠭᠦᠯᠬᠦ᠂ ᠨᠠᠮ᠎ᠤᠨ ᠲᠦᠷᠦ ᠪᠠᠷᠢᠬᠤ ᠰᠠᠭᠤᠷᠢ᠎ᠶᠢ ᠪᠠᠬᠢᠵᠢᠬᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠨᠠᠮ᠎ᠤᠨ ᠳᠣᠲᠣᠭᠠᠳᠤ᠎ᠶᠢᠨ ᠲᠥᠪᠯᠡᠷᠡᠩᠭᠦᠢ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠤᠷᠳᠤ ᠬᠤᠭᠤᠴᠠᠭ᠎ᠠ᠎ᠪᠠᠷ ᠪᠠᠷᠢᠮᠲᠠᠯᠠᠨ ᠠᠬᠢᠭᠤᠯᠬᠤ ᠪᠦᠲᠦᠮᠵᠢᠲᠡᠢ ᠠᠷᠭ᠎ᠠ ᠵᠠᠮ ᠮᠥᠨ᠂ ᠡᠨᠡ ᠨᠢ ᠨᠠᠮ ᠪᠠ ᠤᠯᠤᠰ᠎ᠤᠨ ᠠᠵᠢᠯ ᠦᠢᠯᠡᠰ᠎ᠢ ᠠᠬᠢᠭᠤᠯᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ᠎ᠶᠢᠨ ᠫᠢᠩ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ ᠬᠡᠷᠡᠭᠲᠡᠢ ᠭᠡᠵᠦ ᠲᠠᠬᠢᠨ ᠳᠠᠪᠲᠠᠨ ᠴᠢᠬᠤᠯᠠᠴᠢᠯᠠᠵᠤ᠂ ᠣᠢᠷ᠎ᠠ᠎ᠶᠢᠨ ᠬᠤᠭᠤᠴᠠᠭᠠᠨ᠎ᠳᠤ ᠪᠠᠰᠠ ᠤᠯᠠᠨ ᠤᠳᠠᠭ᠎ᠠ᠎ᠶᠢᠨ ᠴᠢᠬᠤᠯᠠ ᠶᠠᠷᠢᠶᠠᠨ᠎ᠳᠠᠭᠠᠨ ᠣᠨᠴᠠᠭᠠᠢᠯᠠᠨ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠳᠦ ᠴᠢᠭᠯᠡᠯ᠎ᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ ᠬᠠᠩᠭᠠᠵᠠᠢ ᠭᠡᠵᠤ ᠵᠢᠭᠠᠵᠤ ᠭᠠᠷᠭᠠᠪᠠ᠃
ᠬᠤᠷᠠᠯ᠎ᠡᠴᠡ᠂ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ 《ᠪᠦᠬᠦ ᠨᠠᠮ᠎ᠤᠨ ᠬᠡᠪᠴᠢᠶᠡᠨ᠎ᠳᠦ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠪᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢᠨ ᠰᠤᠷᠤᠯᠴᠠᠯᠭ᠎ᠠ ᠬᠥᠮᠦᠵᠢᠯ᠎ᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠎ᠶᠢ ᠡᠨᠡ ᠵᠢᠯ᠎ᠦᠨ ᠨᠠᠮ᠎ᠤᠨ ᠪᠠᠢᠭᠤᠯᠤᠯᠲᠠ᠎ᠶᠢᠨ ᠴᠢᠬᠤᠯᠠ ᠡᠭᠦᠷᠭᠡ ᠪᠣᠯᠭᠠᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠦ᠂ ᠨᠠᠷᠢᠨ ᠨᠢᠮᠪᠠᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ᠎ᠦᠨ ᠪᠣᠳᠠᠲᠤ ᠦᠷ᠎ᠡ ᠪᠦᠲᠦᠮᠵᠢ ᠣᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ 《ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠵᠤ᠂ ᠣᠨᠣᠪᠴᠢᠲᠠᠶ ᠡᠵᠡᠮᠳᠡᠨ᠂ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠡᠭᠦᠨ᠎ᠢ ᠰᠤᠷᠤᠯᠴᠠᠯᠭ᠎ᠠ ᠬᠥᠮᠦᠵᠢᠯ᠎ᠦᠨ ᠪᠦᠬᠦ ᠶᠠᠪᠤᠴᠠ᠎ᠶᠢᠨ ᠡᠯ᠎ᠡ ᠲᠠᠯ᠎ᠠ᠎ᠳᠤ ᠲᠤᠭᠤᠰᠢᠯᠠᠭᠤᠯᠬᠤ ᠬᠡᠷᠡᠭᠲᠡᠢ᠃ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠵᠤ᠂ ᠭᠦᠨᠵᠡᠭᠡᠢ ᠰᠤᠷᠤᠯᠴᠠᠬᠤ᠂ ᠦᠨᠡᠨ ᠬᠦ᠌ ᠪᠠᠢᠴᠠᠭᠠᠬᠤ᠂ ᠪᠣᠳᠠᠲᠠᠢ ᠰᠠᠢᠵᠢᠷᠠᠭᠤᠯᠬᠤ ᠳᠡᠭᠡᠷ᠎ᠡ ᠬᠦᠴᠦ ᠣᠷᠣᠭᠤᠯᠵᠤ ᠦᠷ᠎ᠡ ᠪᠦᠲᠦᠮᠵᠢ ᠭᠠᠷᠭᠠᠬᠤ ᠬᠡᠷᠡᠭᠳᠡᠢ᠃ ᠳᠦᠷᠢᠮ᠎ᠢ ᠬᠦᠴᠦᠯᠡᠨ ᠲᠡᠭᠦᠯᠳᠡᠷᠵᠢᠭᠦᠯᠵᠦ᠂ ᠶᠣᠰᠣ᠌ ᠳᠦᠷᠢᠮ᠎ᠢ ᠰᠠᠢᠲᠤᠷ ᠲᠣᠭᠲᠠᠭᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ᠎ᠶᠢᠨ ᠵᠥᠷᠢᠶ᠎ᠡ᠎ᠶᠢ ᠪᠦᠲᠦᠮᠵᠢᠲᠡᠢ ᠰᠡᠷᠭᠡᠢᠯᠡᠬᠦ ᠪᠠ ᠵᠠᠯᠠᠷᠠᠭᠤᠯᠤᠨ ᠵᠠᠰᠠᠬᠤ ᠠᠵᠢᠯ᠎ᠤᠨ ᠲᠣᠭᠲᠡᠴᠡ᠎ᠶᠢ ᠪᠦᠷᠢᠨᠰᠢᠭᠦᠯᠬᠦ ᠬᠡᠷᠡᠭᠳᠡᠢ᠃ ᠮᠤᠵᠢ ᠬᠣᠲᠠ ᠰᠢᠶᠠᠨ ᠰᠢᠶᠠᠩ᠎ᠤᠨ ᠤᠳᠤᠷᠢᠳᠬᠤ ᠪᠠᠭ᠎ᠤᠨ ᠬᠤᠭᠤᠴᠠᠭ᠎ᠠ ᠰᠣᠯᠢᠬᠤ ᠠᠵᠢᠯ᠎ᠳᠤ ᠰᠤᠷᠤᠯᠴᠠᠯᠭ᠎ᠠ ᠬᠥᠮᠦᠵᠢᠯ᠎ᠦᠨ ᠬᠣᠯᠪᠣᠭᠳᠠᠯ ᠪᠦᠬᠦᠢ ᠱᠠᠭᠠᠷᠳᠠᠯᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠬᠤ ᠬᠡᠷᠡᠭᠲᠡᠢ᠃ ᠡᠬᠦᠳᠡ ᠪᠡᠨ ᠨᠡᠭᠡᠭᠡᠵᠦ ᠰᠤᠷᠤᠯᠴᠠᠯᠭ᠎ᠠ ᠬᠥᠮᠦᠵᠢᠯ᠎ᠢ ᠠᠳᠬᠤᠵᠤ᠂ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠵᠤ᠂ ᠤᠯᠠᠨ ᠲᠦᠮᠡᠨ᠎ᠢ ᠣᠷᠣᠯᠴᠠᠭᠤᠯᠵᠤ᠂ ᠠᠰᠢᠭ᠋ ᠬᠦᠷᠲᠡᠭᠡᠵᠦ᠂ ᠮᠡᠳᠡᠷᠡᠵᠤ ᠬᠦᠷᠲᠡᠵᠤ ᠳᠡᠢᠯᠬᠦ ᠵᠢ ᠪᠡᠶᠡᠯᠡᠬᠦᠯᠬᠦ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠰᠤᠷᠤᠯᠴᠠᠯᠭ᠎ᠠ ᠬᠥᠮᠦᠵᠢᠯ᠎ᠢ ᠨᠠᠮ᠎ᠤᠨ ᠲᠥᠪ ᠬᠣᠷᠢᠶ᠎ᠡ ᠵᠢᠨ ᠤᠳᠤᠷᠢᠳᠤᠯᠭ᠎ᠠ ᠳᠣᠣᠷ᠎ᠠ ᠶᠠᠪᠤᠭᠳᠠᠭᠤᠯᠵᠤ᠂ ᠲᠥᠪ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠶᠢ ᠰᠠᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠰᠤᠷᠤᠯᠴᠠᠯᠭ᠎ᠠ ᠬᠥᠮᠦᠵᠢᠯ᠎ᠦᠨ ᠶᠡᠷᠦᠩᠬᠡᠢ ᠬᠠᠷᠢᠭᠤᠴᠠᠯᠭ᠎ᠠ᠎ᠶᠢ ᠡᠭᠦᠷᠭᠡᠯᠡᠬᠦ ᠬᠡᠷᠡᠭᠲᠡᠢ᠃ ᠠᠵᠢᠯ ᠲᠦᠷᠦᠯ᠎ᠦᠨ ᠰᠢᠰᠲ᠋ᠸᠮ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠦᠨ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠲᠤᠰ ᠠᠵᠢᠯ ᠲᠦᠷᠦᠯ ᠲᠤᠰ ᠰᠢᠰᠲ᠋ᠸᠮ᠎ᠤᠨ ᠰᠤᠷᠤᠯᠴᠠᠯᠭ᠎ᠠ ᠬᠥᠮᠦᠵᠢᠯ᠎ᠦᠨ ᠵᠢᠯᠤᠭᠣᠳᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ᠃ ᠠᠵᠢᠯ᠎ᠤᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠲᠦᠷᠦᠯ ᠬᠤᠪᠢᠶᠠᠨ ᠵᠢᠯᠤᠭᠣᠳᠬᠤ᠎ᠶᠢ ᠪᠠᠷᠢᠮᠲᠠᠯᠠᠵᠤ᠂ ᠦᠨᠡᠨ ᠬᠦ᠌ ᠬᠢᠨᠠᠨ ᠪᠠᠢᠴᠠᠭᠠᠵᠤ ᠪᠣᠳᠠᠲᠠᠢ ᠵᠢᠯᠤᠭᠣᠳᠬᠤ᠎ᠶᠢ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠣᠳᠬᠤ᠎ᠶᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ ᠪᠣᠯᠣᠨ ᠭᠣᠣᠯ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠡᠯ᠎ᠡ ᠵᠦᠢᠯ᠎ᠦᠨ ᠡᠭᠦᠷᠭᠡ᠎ᠶᠢ ᠴᠢᠨᠠᠷ ᠰᠠᠢᠲᠠᠢ ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃
ᠱᠢ᠎ᠲᠠᠢ ᠹᠸᠩ᠂ ᠯᠢ ᠱᠦ᠍ ᠯᠧᠢ᠂ ᠮᠦ᠍ ᠬᠣᠩ ᠬᠤᠷᠠᠯ᠎ᠳᠤ ᠣᠷᠣᠯᠴᠠᠪᠠ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 2 ᠰᠠᠷ᠎ᠠ᠎ᠶᠢᠨ 24᠎ᠤ᠋ ᠴᠠᠬᠢᠯᠭᠠᠨ ᠮᠡᠳᠡᠭᠡ)